ᠬᠦᠯᠦᠨ  ᠪᠦᠢᠷ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ  ᠵᠤᠬᠢᠶᠠᠬᠤ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠠᠴᠠ ᠴᠢᠬᠤᠯᠠᠴᠢᠯᠠᠭᠰᠠᠨ ᠨᠢ ᠪᠤᠳᠠᠳᠠᠢ ᠳᠤ ᠰᠠᠭᠤᠷᠢᠯᠠᠵᠤ ᠬᠤᠯᠠ ᠶᠢ ᠬᠠᠷᠠᠵᠤ ᠴᠢᠨᠠᠷ ᠰᠠᠶᠢᠳᠠᠢ ᠲᠥᠯᠤᠪᠵᠢᠭᠦᠯᠭᠡ ᠪᠠᠷ ᠴᠢᠨᠠᠷ ᠰᠠᠶᠢᠳᠠᠢ ᠬᠥᠭᠵᠢᠯᠲᠡ ᠶᠢ ᠬᠥᠳᠤᠯᠤᠨ ᠳᠠᠭᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/9/14
     9 ᠰᠠᠷ᠎ᠠ ᠶᠢᠨ 10 ᠤ ᠡᠳᠤᠷ᠂ ᠬᠥᠯᠤᠨ ᠪᠤᠶᠢᠷ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠤᠳᠤᠷᠢᠳᠬᠤ ᠳᠤᠭᠤᠢᠢᠯᠠᠩ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠥᠵᠢ᠂ ᠤᠳᠤᠷᠢᠳᠬᠤ ᠳᠤᠭᠤᠢᠢᠯᠠᠩ ᠤᠨ ᠳᠠᠷᠤᠭ᠎ᠠ ᠢᠤᠢ ᠯᠢ ᠰᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠳᠠᠯᠪᠢᠵᠤ᠂ ᠬᠦᠯᠦᠨ ᠪᠦᠢᠷ  ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠤᠳᠤᠷᠢᠳᠬᠤ ᠳᠤᠭᠤᠢᠢᠯᠠᠩ ᠤᠨ ᠳᠡᠳ᠋ ᠳᠠᠷᠤᠭ᠎ᠠ ᠵᠠᠩ ᡁᠢ ᠨᠠᠷ ᠬᠤᠷᠠᠯ ᠳᠤ ᠤᠷᠤᠯᠴᠠᠵᠠᠢ᠃     ᠬᠤᠷᠠᠯ ᠠᠴᠠ  ᠬᠦᠯᠦᠨ ᠪᠦᠢᠷ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠬᠠᠮᠢᠶ᠎ᠠ ᠪᠥᠬᠦᠢ ᠠᠵᠢᠯ ᠤᠨ ᠬᠠᠷᠢᠭᠤ ᠮᠡᠳᠡᠭᠦᠯᠤᠯᠲᠡ ᠶᠢ ᠰᠤᠨᠤᠰᠴᠤ᠂ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠵᠢᠭᠠᠬᠤ ᠳᠠᠭᠠᠨ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠥᠭᠵᠢᠯᠲᠡ ᠶᠢᠨ ᠳᠠᠪᠤᠨ ᠵᠢᠯ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠪᠤᠯᠤᠨ ᠬᠡᠷᠡᠭᠵᠢᠭᠦᠯᠬᠦ ᠪᠤᠯ ᠮᠠᠨ ᠤ ᠨᠠᠮ ᠤᠨ ᠤᠯᠤᠰ ᠢ ᠵᠠᠰᠠᠵᠤ ᠵᠠᠰᠠᠭ ᠶᠠᠪᠤᠭᠤᠯᠬᠤ ᠴᠢᠬᠤᠯᠠ ᠠᠷᠭ᠎ᠠ ᠬᠡᠯᠪᠡᠷᠢ ᠪᠤᠯᠤᠨ᠎ᠠ᠃ ︽ᠠᠷᠪᠠᠨ ᠳᠥᠷᠪᠡᠳᠤᠭᠡᠷ ᠳᠠᠪᠤᠨ ᠵᠢᠯ ︾ ᠤᠨ ᠲᠥᠯᠤᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠰᠠᠶᠢᠳᠤᠷ ᠨᠠᠶᠢᠷᠠᠭᠤᠯᠤᠨ ᠵᠤᠬᠢᠶᠠᠬᠤ ᠨᠢ ᠬᠦᠯᠦᠨ ᠪᠦᠢᠷ  ᠬᠤᠳᠠ ᠶᠢᠨ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠡᠩ ᠰᠠᠶᠢᠨ ᠢᠶᠠᠷ ᠲᠤᠭᠤᠰᠢᠯᠠᠭᠤᠯᠤᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠢ ᠰᠥᠪᠡᠭᠴᠢᠯᠡᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠪᠥᠬᠦ ᠬᠤᠳᠠ ᠶᠢᠨ ᠡᠯ᠎ᠡ ᠬᠤᠰᠢᠭᠤ ᠬᠤᠳᠠ ᠲᠤᠭᠤᠷᠢᠭ ᠡᠯ᠎ᠡ ᠰᠠᠯᠠᠭ᠎ᠠ ᠮᠥᠴᠢᠷ ᠲᠡᠭᠦᠨ ᠤ ᠬᠥᠨᠳᠤ ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠵᠤ᠂ ᠥᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠶᠡᠷᠤᠩᠬᠡᠢ ᠱᠥᠵᠢ ᠰᠢ ᠶᠢᠨ ᠫᠢᠡᠭ ᠤᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠥᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠲᠠᠢ ᠨᠢᠭᠡᠳᠭᠡᠵᠤ᠂ ᠴᠢᠨᠠᠷ ᠰᠠᠶᠢᠳᠠᠢ ᠲᠥᠯᠤᠪᠵᠢᠭᠦᠯᠭᠡ ᠪᠠᠷ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠶᠢ ᠪᠡᠶᠡᠯᠡᠭᠦᠯᠬᠦ ᠶᠢ ᠬᠥᠳᠤᠯᠤᠨ ᠳᠠᠭᠠᠭᠤᠯᠬᠤ ᠶᠢ ᠪᠠᠳᠤᠯᠠᠬᠤ ᠬᠡᠷᠡᠭᠳᠡᠢ ᠭᠡᠵᠡᠢ᠃       ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠥᠭᠡᠢ ᠲᠤᠭᠤᠰᠢᠯᠠᠭᠤᠯᠵᠤ᠂ ︽ᠬᠤᠪᠢᠷᠠᠬᠤ ᠥᠭᠡᠢ︾ ᠪᠠ ︽ᠬᠤᠪᠢᠷᠠᠬᠤ︾ ᠶᠢᠨ ᠬᠠᠷᠢᠴᠠᠭ᠎ᠠ ᠶᠢ ᠬᠤᠪᠢᠰᠤᠩᠭᠤᠢ ᠪᠠᠷ ᠰᠡᠳᠬᠢᠵᠤ᠂ ᠲᠥᠪ ᠤᠨ ᠰᠢᠢᠳᠪᠤᠷᠢᠳᠤ ᠪᠤᠳᠤᠯᠭ᠎ᠠ᠂ ᠥᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠪᠤᠯᠤᠨ ᠬᠤᠳᠠ ᠶᠢᠨ ᠪᠤᠳᠠᠳᠠᠢ ᠪᠠᠶᠢᠳᠠᠯ ᠲᠠᠢ ᠲᠤᠬᠢᠷᠠᠬᠤ ᠲᠡᠮᠡᠴᠡᠬᠦ ᠬᠠᠷᠠᠯᠳᠠ᠂ ᠠᠵᠢᠯ ᠤᠨ ᠡᠭᠦᠷᠭᠡ ᠪᠤᠯᠤᠨ ᠲᠥᠷᠤ ᠶᠢᠨ ᠪᠤᠳᠤᠯᠭ᠎ᠠ ᠶᠢᠨ ᠠᠷᠭ᠎ᠠ ᠪᠠᠷᠢᠯ ᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠥ᠋ᠩᠨᠡᠵᠤ᠂ ᠬᠦᠯᠦᠨ ᠪᠦᠢᠷ  ᠬᠤᠳᠠ ᠶᠢᠨ ᠠᠮᠢ ᠠᠬᠤᠢ ᠶᠢᠨ ᠳᠠᠪᠠᠭᠤᠯᠢᠭ᠂ ᠤᠷᠤᠨ ᠪᠠᠶᠢᠷᠢᠰᠢᠯ ᠤᠨ ᠤᠨᠴᠠᠯᠢᠭ᠂ ᠠᠵᠤ ᠤᠢᠢᠯᠡᠰ ᠤᠨ ᠰᠠᠭᠤᠷᠢ ᠳᠤ ᠰᠠᠭᠤᠷᠢᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠯ ᠬᠥᠴᠤᠨ ᠢ ᠭᠤᠶᠢᠪᠢᠰᠢ ᠥᠭᠡᠢ ᠪᠠᠷᠢᠮᠳᠠᠯᠠᠬᠤ ᠬᠡᠷᠡᠭᠳᠡᠢ᠃ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠳᠡ ᠶᠢ ᠠᠬᠢᠭᠤᠯᠬᠤ᠂ ᠥᠵᠡᠰᠬᠦᠯᠡᠩᠳᠤ ᠰᠠᠶᠢᠬᠠᠨ ᠥᠨᠢᠷ ᠪᠠᠶᠠᠯᠢᠭ ᠠᠮᠤᠷ ᠠᠮᠤᠭᠤᠯᠠᠩ ᠬᠥᠯᠤᠨ ᠪᠤᠶᠢᠷ ᠢ ᠪᠥᠳᠤᠭᠡᠨ ᠪᠠᠶᠢᠭᠤᠯᠬᠤ︾ ᠬᠥᠭᠵᠢᠯᠲᠡ ᠶᠢᠨ ᠪᠠᠶᠢᠷᠢ ᠲᠤᠭᠳᠠᠭᠠᠯᠳᠠ ᠶᠢ ᠪᠠᠷᠢᠮᠳᠠᠯᠠᠵᠤ᠂ ᠠᠮᠢ ᠠᠬᠤᠢ ᠶᠢᠨ ᠠᠵᠤ ᠤᠢᠢᠯᠡᠰᠵᠢᠯᠳᠡ᠂ ᠠᠵᠤ ᠤᠢᠢᠯᠡᠰ ᠤᠨ ᠠᠮᠢ ᠠᠬᠤᠢᠢᠵᠢᠯᠳᠠ ᠶᠢᠨ ᠬᠥᠭᠵᠢᠯᠲᠡ ᠶᠢᠨ ᠬᠡᠯᠪᠡᠷᠢ ᠶᠢ ᠲᠥᠯᠬᠢᠨ ᠠᠬᠢᠭᠤᠯᠵᠤ᠂ ᠬᠥᠭᠵᠢᠯᠲᠡ ᠶᠢᠨ ᠤᠢᠢᠯᠠᠭᠠᠭᠳᠠᠬᠤᠨ ᠢ ᠳᠤᠪᠤᠶᠢᠯᠭᠠᠵᠤ᠂ ᠬᠥᠭᠵᠢᠯᠲᠡ ᠶᠢᠨ ᠠᠷᠭ᠎ᠠ ᠵᠠᠮ ᠪᠤᠯᠤᠨ ᠬᠥᠭᠵᠢᠯᠲᠡ ᠶᠢᠨ ᠬᠠᠷᠠᠯᠳᠠ ᠶᠢ ᠪᠠᠷᠢᠮᠳᠠᠯᠠᠬᠤ ᠬᠡᠷᠡᠭᠳᠡᠢ᠃ ︽ᠬᠤᠪᠢᠷᠠᠬᠤ︾ ᠲᠠᠯ᠎ᠠ ᠪᠠᠷ ᠶᠡᠷᠤᠩᠬᠡᠢ ᠱᠥᠵᠢ ᠰᠢ ᠶᠢᠨ ᠫᠢᠡᠭ ᠤᠨ ︽ᠠᠶᠤᠯ ᠲᠥᠭᠰᠢᠭᠦᠷᠢ ᠶᠢᠨ ᠳᠤᠮᠳᠠ ᠰᠢᠨ᠎ᠡ ᠠᠵᠠ ᠳᠤᠬᠢᠶᠠᠯ ᠢ ᠪᠤᠢ ᠪᠤᠯᠭᠠᠬᠤ ᠪᠠᠷ ᠴᠢᠷᠮᠠᠶᠢᠬᠤ᠂ ᠬᠤᠪᠢᠷᠠᠯᠳᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠤᠯᠭᠠᠬᠤ︾ ᠴᠢᠬᠤᠯᠠ ᠥᠭᠦᠯᠡᠯᠳᠡ᠂ ︽ᠨᠡᠩ ᠠᠮᠤᠷ ᠲᠥᠪᠰᠢᠨ ᠢᠶᠠᠷ ᠬᠥᠭᠵᠢᠬᠦ︾ ᠵᠡᠷᠭᠡ ᠨᠠᠮ ᠤᠨ ᠲᠥᠪ ᠬᠤᠷᠢᠶᠠᠨ ᠤ ᠰᠢᠨ᠎ᠡ ᠪᠠᠶᠢᠳᠠᠯ ᠤᠨ ᠲᠤᠬᠠᠢ ᠰᠤᠳᠤᠯᠤᠨ ᠮᠠᠭᠠᠳᠯᠠᠯᠳᠠ ᠪᠤᠯᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠭᠥᠨᠵᠡᠭᠡᠢ ᠤᠢᠢᠯᠠᠭᠠᠵᠤ᠂ ᠤᠯᠤᠰ ᠤᠨ ︽ᠤᠯᠤᠰ ᠤᠨ ᠳᠤᠳᠤᠭᠠᠳᠤ ᠶᠢᠨ ᠶᠡᠭᠡ ᠡᠷᠭᠢᠯᠳᠡ ᠪᠠᠷ ᠭᠤᠤᠯ ᠴᠤᠭᠴᠠ ᠪᠤᠯᠭᠠᠬᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠡᠷᠭᠢᠯᠳᠡ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠳᠠᠯ ᠢ ᠲᠥᠷᠭᠡᠨ ᠪᠥᠷᠢᠯᠳᠤᠭᠦᠯᠬᠦ︾ ᠶᠠᠪᠤᠴᠠ ᠳᠤ ᠪᠤᠢ ᠪᠤᠯᠤᠭᠰᠠᠨ ᠰᠢᠨ᠎ᠡ ᠠᠵᠠ ᠳᠤᠬᠢᠶᠠᠯ ᠢ ᠠᠳᠬᠤᠵᠤ᠂ ᠭᠤᠤᠯᠳᠠᠯᠭ᠎ᠠ ᠶᠢ ᠠᠳᠬᠤᠵᠤ᠂ ᠭᠠᠷᠳᠠᠴᠠ ᠶᠢ ᠤᠨᠤᠪᠴᠢᠳᠠᠢ ᠡᠷᠢᠵᠤ᠂ ᠰᠢᠪᠳᠤᠯᠤᠯᠳᠠ ᠶᠢᠨ ᠴᠡᠭ ᠢ ᠤᠯᠠᠰᠢᠷᠠᠭᠤᠯᠵᠤ᠂ ᠨᠠᠷᠢᠯᠢᠭ ᠰᠥᠪᠡᠭᠴᠢᠯᠡᠵᠤ᠂ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠤ᠂ ᠴᠢᠮᠡᠭᠡ ᠬᠤᠯᠪᠤᠭ᠎ᠠ᠂ ᠲᠡᠮᠤᠷ ᠵᠠᠮ᠂ ᠵᠠᠰᠠᠮᠠᠯ ᠵᠠᠮ ᠵᠡᠷᠭᠡ ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠵᠢᠴᠢ ᠬᠤᠳᠠ ᠬᠥᠳᠡᠭᠡ ᠶᠢᠨ ᠵᠠᠰᠠᠯᠳᠠ ᠵᠡᠷᠭᠡ ᠲᠠᠯ᠎ᠠ ᠪᠠᠷ ᠳᠤᠳᠠᠭᠤᠳᠠᠯ ᠢᠶᠠᠨ ᠨᠥᠬᠦᠪᠤᠷᠢᠯᠡᠵᠤ᠂ ᠪᠠᠭᠤᠷᠠᠢ ᠲᠠᠯ᠎ᠠ ᠪᠠᠨ ᠰᠠᠶᠢᠵᠢᠷᠠᠭᠤᠯᠵᠤ᠂ ︽ᠠᠷᠪᠠᠨ ᠳᠥᠷᠪᠡᠳᠤᠭᠡᠷ ᠳᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠳᠠ ᠨᠡᠩ ᠴᠢᠨᠠᠷ ᠰᠠᠶᠢᠳᠠᠢ᠂ ᠨᠡᠩ ᠥᠨᠳᠤᠷ ᠪᠥᠳᠤᠮᠵᠢᠲᠡᠢ᠂ ᠨᠡᠩ ᠡᠷᠬᠡ ᠲᠡᠭᠰᠢ᠂ ᠨᠡᠩ ᠥᠷᠬᠦᠯᠵᠢᠯᠡᠯ ᠲᠠᠢ᠂ ᠨᠡᠩ ᠠᠮᠤᠷ ᠲᠥᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠵᠡᠢ᠃    ᠬᠤᠷᠠᠯ ᠠᠴᠠ ᠱᠠᠭᠠᠷᠳᠠᠬᠤ ᠳᠠᠭᠠᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠤᠯᠤᠨ ᠨᠢᠭᠡᠳᠤᠯᠳᠡᠢ ᠲᠥᠯᠤᠪᠵᠢᠭᠦᠯᠤᠨ ᠵᠤᠬᠢᠴᠠᠭᠤᠯᠬᠤ ᠶᠢ ᠦᠨᠡᠨ ᠬᠦ ᠴᠢᠩᠭᠠᠳᠬᠠᠵᠤ᠂ ᠢᠳᠡᠪᠬᠢᠲᠡᠢ ᠪᠠᠷ ᠵᠤᠯᠭᠠᠭᠤᠯᠵᠤ᠂ ᠥᠷᠭᠡᠨ ᠢᠶᠠᠷ ᠬᠠᠷᠢᠯᠴᠠᠵᠤ᠂ ᠵᠢᠭᠠᠨ ᠵᠢᠯᠤᠭᠤᠳᠴᠤ ᠬᠥᠳᠤᠯᠤᠨ ᠳᠠᠭᠠᠭᠤᠯᠵᠤ᠂ ᠮᠠᠨ ᠤ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠲᠤᠭᠳᠠᠭᠤᠨ ᠢᠶᠠᠷ ᠡᠮᠬᠢ ᠴᠡᠭᠴᠡ ᠲᠠᠢ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠭᠡᠵᠡᠢ᠃
 
ᠢᠷᠡᠯᠲᠡ᠄ ᠬᠦᠯᠦᠨ ᠪᠦᠢᠷ ᠬᠤᠲᠠ  ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号