9 ᠰᠠᠷ᠎ᠠ ᠶᠢᠨ 10 ᠤ ᠡᠳᠤᠷ᠂ ᠬᠥᠯᠤᠨ ᠪᠤᠶᠢᠷ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ | ᠵᠤᠬᠢᠶᠠᠬᠤ ᠠᠵᠢᠯ ᠤᠨ ᠤᠳᠤᠷᠢᠳᠬᠤ ᠳᠤᠭᠤᠢᠢᠯᠠᠩ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠥᠵᠢ᠂ ᠤᠳᠤᠷᠢᠳᠬᠤ ᠳᠤᠭᠤᠢᠢᠯᠠᠩ ᠤᠨ | ᠳᠠᠷᠤᠭ᠎ᠠ ᠢᠤᠢ ᠯᠢ ᠰᠢᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠳᠠᠯᠪᠢᠵᠤ᠂ ᠬᠦᠯᠦᠨ ᠪᠦᠢᠷ ᠬᠤᠲᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ᠂ ᠤᠳᠤᠷᠢᠳᠬᠤ ᠳᠤᠭᠤᠢᠢᠯᠠᠩ ᠤᠨ ᠳᠡᠳ᠋ ᠳᠠᠷᠤᠭ᠎ᠠ ᠵᠠᠩ ᡁᠢ ᠨᠠᠷ ᠬᠤᠷᠠᠯ ᠳᠤ ᠤᠷᠤᠯᠴᠠᠵᠠᠢ᠃ | ᠬᠤᠷᠠᠯ ᠠᠴᠠ ᠬᠦᠯᠦᠨ ᠪᠦᠢᠷ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ | ᠬᠠᠮᠢᠶ᠎ᠠ ᠪᠥᠬᠦᠢ ᠠᠵᠢᠯ ᠤᠨ ᠬᠠᠷᠢᠭᠤ ᠮᠡᠳᠡᠭᠦᠯᠤᠯᠲᠡ ᠶᠢ ᠰᠤᠨᠤᠰᠴᠤ᠂ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ | ᠵᠢᠭᠠᠬᠤ ᠳᠠᠭᠠᠨ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠥᠭᠵᠢᠯᠲᠡ ᠶᠢᠨ ᠳᠠᠪᠤᠨ ᠵᠢᠯ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ | ᠪᠤᠯᠤᠨ ᠬᠡᠷᠡᠭᠵᠢᠭᠦᠯᠬᠦ ᠪᠤᠯ ᠮᠠᠨ ᠤ ᠨᠠᠮ ᠤᠨ ᠤᠯᠤᠰ ᠢ ᠵᠠᠰᠠᠵᠤ ᠵᠠᠰᠠᠭ ᠶᠠᠪᠤᠭᠤᠯᠬᠤ ᠴᠢᠬᠤᠯᠠ ᠠᠷᠭ᠎ᠠ ᠬᠡᠯᠪᠡᠷᠢ ᠪᠤᠯᠤᠨ᠎ᠠ᠃ ︽ᠠᠷᠪᠠᠨ ᠳᠥᠷᠪᠡᠳᠤᠭᠡᠷ ᠳᠠᠪᠤᠨ | ᠵᠢᠯ ︾ ᠤᠨ ᠲᠥᠯᠤᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠰᠠᠶᠢᠳᠤᠷ ᠨᠠᠶᠢᠷᠠᠭᠤᠯᠤᠨ ᠵᠤᠬᠢᠶᠠᠬᠤ ᠨᠢ ᠬᠦᠯᠦᠨ ᠪᠦᠢᠷ ᠬᠤᠳᠠ ᠶᠢᠨ ᠨᠠᠮ ᠤᠨ ᠲᠥᠪ | ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠡᠩ | ᠰᠠᠶᠢᠨ ᠢᠶᠠᠷ ᠲᠤᠭᠤᠰᠢᠯᠠᠭᠤᠯᠤᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ | ᠬᠥᠭᠵᠢᠯᠲᠡ ᠶᠢᠨ ᠰᠢᠨ᠎ᠡ ᠵᠠᠮ ᠢ ᠰᠥᠪᠡᠭᠴᠢᠯᠡᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠪᠥᠬᠦ ᠬᠤᠳᠠ ᠶᠢᠨ ᠡᠯ᠎ᠡ ᠬᠤᠰᠢᠭᠤ ᠬᠤᠳᠠ | ᠲᠤᠭᠤᠷᠢᠭ ᠡᠯ᠎ᠡ ᠰᠠᠯᠠᠭ᠎ᠠ ᠮᠥᠴᠢᠷ ᠲᠡᠭᠦᠨ ᠤ ᠬᠥᠨᠳᠤ ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠵᠤ᠂ ᠥᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ | ᠶᠡᠷᠤᠩᠬᠡᠢ ᠱᠥᠵᠢ ᠰᠢ ᠶᠢᠨ ᠫᠢᠡᠭ ᠤᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠥᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠲᠠᠢ ᠨᠢᠭᠡᠳᠭᠡᠵᠤ᠂ ᠴᠢᠨᠠᠷ ᠰᠠᠶᠢᠳᠠᠢ ᠲᠥᠯᠤᠪᠵᠢᠭᠦᠯᠭᠡ ᠪᠠᠷ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ | ᠬᠥᠭᠵᠢᠯᠲᠡ ᠶᠢ ᠪᠡᠶᠡᠯᠡᠭᠦᠯᠬᠦ ᠶᠢ ᠬᠥᠳᠤᠯᠤᠨ ᠳᠠᠭᠠᠭᠤᠯᠬᠤ ᠶᠢ ᠪᠠᠳᠤᠯᠠᠬᠤ ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠥᠭᠡᠢ ᠲᠤᠭᠤᠰᠢᠯᠠᠭᠤᠯᠵᠤ᠂ ︽ᠬᠤᠪᠢᠷᠠᠬᠤ | ᠥᠭᠡᠢ︾ ᠪᠠ ︽ᠬᠤᠪᠢᠷᠠᠬᠤ︾ ᠶᠢᠨ ᠬᠠᠷᠢᠴᠠᠭ᠎ᠠ ᠶᠢ ᠬᠤᠪᠢᠰᠤᠩᠭᠤᠢ ᠪᠠᠷ ᠰᠡᠳᠬᠢᠵᠤ᠂ ᠲᠥᠪ ᠤᠨ ᠰᠢᠢᠳᠪᠤᠷᠢᠳᠤ ᠪᠤᠳᠤᠯᠭ᠎ᠠ᠂ ᠥᠪᠡᠷᠳᠡᠭᠡᠨ ᠵᠠᠰᠠᠬᠤ ᠤᠷᠤᠨ ᠤ | ᠱᠠᠭᠠᠷᠳᠠᠯᠭ᠎ᠠ ᠪᠤᠯᠤᠨ ᠬᠤᠳᠠ ᠶᠢᠨ ᠪᠤᠳᠠᠳᠠᠢ ᠪᠠᠶᠢᠳᠠᠯ ᠲᠠᠢ ᠲᠤᠬᠢᠷᠠᠬᠤ ᠲᠡᠮᠡᠴᠡᠬᠦ ᠬᠠᠷᠠᠯᠳᠠ᠂ ᠠᠵᠢᠯ ᠤᠨ ᠡᠭᠦᠷᠭᠡ ᠪᠤᠯᠤᠨ ᠲᠥᠷᠤ ᠶᠢᠨ ᠪᠤᠳᠤᠯᠭ᠎ᠠ ᠶᠢᠨ ᠠᠷᠭ᠎ᠠ | ᠪᠠᠷᠢᠯ ᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠥ᠋ᠩᠨᠡᠵᠤ᠂ ᠬᠦᠯᠦᠨ ᠪᠦᠢᠷ ᠬᠤᠳᠠ ᠶᠢᠨ ᠠᠮᠢ ᠠᠬᠤᠢ ᠶᠢᠨ ᠳᠠᠪᠠᠭᠤᠯᠢᠭ᠂ | ᠤᠷᠤᠨ ᠪᠠᠶᠢᠷᠢᠰᠢᠯ ᠤᠨ ᠤᠨᠴᠠᠯᠢᠭ᠂ ᠠᠵᠤ ᠤᠢᠢᠯᠡᠰ ᠤᠨ ᠰᠠᠭᠤᠷᠢ ᠳᠤ ᠰᠠᠭᠤᠷᠢᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ | ᠪᠤᠳᠤᠯᠭ᠎ᠠ ᠶᠢᠨ ᠲᠤᠭᠳᠠᠯ ᠬᠥᠴᠤᠨ ᠢ ᠭᠤᠶᠢᠪᠢᠰᠢ ᠥᠭᠡᠢ ᠪᠠᠷᠢᠮᠳᠠᠯᠠᠬᠤ ᠬᠡᠷᠡᠭᠳᠡᠢ᠃ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠥᠭᠡᠢ | ᠬᠥᠭᠵᠢᠯᠳᠡ ᠶᠢ ᠠᠬᠢᠭᠤᠯᠬᠤ᠂ ᠥᠵᠡᠰᠬᠦᠯᠡᠩᠳᠤ ᠰᠠᠶᠢᠬᠠᠨ ᠥᠨᠢᠷ ᠪᠠᠶᠠᠯᠢᠭ ᠠᠮᠤᠷ ᠠᠮᠤᠭᠤᠯᠠᠩ ᠬᠥᠯᠤᠨ ᠪᠤᠶᠢᠷ ᠢ ᠪᠥᠳᠤᠭᠡᠨ ᠪᠠᠶᠢᠭᠤᠯᠬᠤ︾ ᠬᠥᠭᠵᠢᠯᠲᠡ ᠶᠢᠨ | ᠪᠠᠶᠢᠷᠢ ᠲᠤᠭᠳᠠᠭᠠᠯᠳᠠ ᠶᠢ ᠪᠠᠷᠢᠮᠳᠠᠯᠠᠵᠤ᠂ ᠠᠮᠢ ᠠᠬᠤᠢ ᠶᠢᠨ ᠠᠵᠤ ᠤᠢᠢᠯᠡᠰᠵᠢᠯᠳᠡ᠂ ᠠᠵᠤ ᠤᠢᠢᠯᠡᠰ ᠤᠨ ᠠᠮᠢ ᠠᠬᠤᠢᠢᠵᠢᠯᠳᠠ ᠶᠢᠨ ᠬᠥᠭᠵᠢᠯᠲᠡ ᠶᠢᠨ ᠬᠡᠯᠪᠡᠷᠢ ᠶᠢ | ᠲᠥᠯᠬᠢᠨ ᠠᠬᠢᠭᠤᠯᠵᠤ᠂ ᠬᠥᠭᠵᠢᠯᠲᠡ ᠶᠢᠨ ᠤᠢᠢᠯᠠᠭᠠᠭᠳᠠᠬᠤᠨ ᠢ ᠳᠤᠪᠤᠶᠢᠯᠭᠠᠵᠤ᠂ ᠬᠥᠭᠵᠢᠯᠲᠡ ᠶᠢᠨ ᠠᠷᠭ᠎ᠠ ᠵᠠᠮ ᠪᠤᠯᠤᠨ ᠬᠥᠭᠵᠢᠯᠲᠡ ᠶᠢᠨ ᠬᠠᠷᠠᠯᠳᠠ ᠶᠢ | ᠪᠠᠷᠢᠮᠳᠠᠯᠠᠬᠤ ᠬᠡᠷᠡᠭᠳᠡᠢ᠃ ︽ᠬᠤᠪᠢᠷᠠᠬᠤ︾ ᠲᠠᠯ᠎ᠠ ᠪᠠᠷ ᠶᠡᠷᠤᠩᠬᠡᠢ ᠱᠥᠵᠢ ᠰᠢ ᠶᠢᠨ ᠫᠢᠡᠭ ᠤᠨ ︽ᠠᠶᠤᠯ ᠲᠥᠭᠰᠢᠭᠦᠷᠢ ᠶᠢᠨ ᠳᠤᠮᠳᠠ ᠰᠢᠨ᠎ᠡ ᠠᠵᠠ ᠳᠤᠬᠢᠶᠠᠯ ᠢ | ᠪᠤᠢ ᠪᠤᠯᠭᠠᠬᠤ ᠪᠠᠷ ᠴᠢᠷᠮᠠᠶᠢᠬᠤ᠂ ᠬᠤᠪᠢᠷᠠᠯᠳᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠤᠯᠭᠠᠬᠤ︾ ᠴᠢᠬᠤᠯᠠ ᠥᠭᠦᠯᠡᠯᠳᠡ᠂ ︽ᠨᠡᠩ ᠠᠮᠤᠷ ᠲᠥᠪᠰᠢᠨ ᠢᠶᠠᠷ | ᠬᠥᠭᠵᠢᠬᠦ︾ ᠵᠡᠷᠭᠡ ᠨᠠᠮ ᠤᠨ ᠲᠥᠪ ᠬᠤᠷᠢᠶᠠᠨ ᠤ ᠰᠢᠨ᠎ᠡ ᠪᠠᠶᠢᠳᠠᠯ ᠤᠨ ᠲᠤᠬᠠᠢ ᠰᠤᠳᠤᠯᠤᠨ ᠮᠠᠭᠠᠳᠯᠠᠯᠳᠠ ᠪᠤᠯᠤᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠭᠥᠨᠵᠡᠭᠡᠢ ᠤᠢᠢᠯᠠᠭᠠᠵᠤ᠂ ᠤᠯᠤᠰ ᠤᠨ ︽ᠤᠯᠤᠰ ᠤᠨ ᠳᠤᠳᠤᠭᠠᠳᠤ ᠶᠢᠨ ᠶᠡᠭᠡ ᠡᠷᠭᠢᠯᠳᠡ ᠪᠠᠷ ᠭᠤᠤᠯ ᠴᠤᠭᠴᠠ ᠪᠤᠯᠭᠠᠬᠤ᠂ ᠤᠯᠤᠰ ᠤᠨ | ᠳᠤᠳᠤᠭᠠᠳᠤ ᠭᠠᠳᠠᠭᠠᠳᠤ ᠶᠢᠨ ᠬᠤᠤᠰ ᠡᠷᠭᠢᠯᠳᠡ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠳᠠᠯ ᠢ ᠲᠥᠷᠭᠡᠨ ᠪᠥᠷᠢᠯᠳᠤᠭᠦᠯᠬᠦ︾ ᠶᠠᠪᠤᠴᠠ ᠳᠤ ᠪᠤᠢ | ᠪᠤᠯᠤᠭᠰᠠᠨ ᠰᠢᠨ᠎ᠡ ᠠᠵᠠ ᠳᠤᠬᠢᠶᠠᠯ ᠢ ᠠᠳᠬᠤᠵᠤ᠂ ᠭᠤᠤᠯᠳᠠᠯᠭ᠎ᠠ ᠶᠢ ᠠᠳᠬᠤᠵᠤ᠂ ᠭᠠᠷᠳᠠᠴᠠ ᠶᠢ ᠤᠨᠤᠪᠴᠢᠳᠠᠢ ᠡᠷᠢᠵᠤ᠂ ᠰᠢᠪᠳᠤᠯᠤᠯᠳᠠ ᠶᠢᠨ ᠴᠡᠭ ᠢ | ᠤᠯᠠᠰᠢᠷᠠᠭᠤᠯᠵᠤ᠂ ᠨᠠᠷᠢᠯᠢᠭ ᠰᠥᠪᠡᠭᠴᠢᠯᠡᠵᠤ᠂ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠤ᠂ ᠴᠢᠮᠡᠭᠡ ᠬᠤᠯᠪᠤᠭ᠎ᠠ᠂ ᠲᠡᠮᠤᠷ ᠵᠠᠮ᠂ ᠵᠠᠰᠠᠮᠠᠯ ᠵᠠᠮ ᠵᠡᠷᠭᠡ | ᠰᠠᠭᠤᠷᠢ ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠵᠢᠴᠢ ᠬᠤᠳᠠ ᠬᠥᠳᠡᠭᠡ ᠶᠢᠨ ᠵᠠᠰᠠᠯᠳᠠ ᠵᠡᠷᠭᠡ ᠲᠠᠯ᠎ᠠ ᠪᠠᠷ ᠳᠤᠳᠠᠭᠤᠳᠠᠯ ᠢᠶᠠᠨ ᠨᠥᠬᠦᠪᠤᠷᠢᠯᠡᠵᠤ᠂ ᠪᠠᠭᠤᠷᠠᠢ | ᠲᠠᠯ᠎ᠠ ᠪᠠᠨ ᠰᠠᠶᠢᠵᠢᠷᠠᠭᠤᠯᠵᠤ᠂ ︽ᠠᠷᠪᠠᠨ ᠳᠥᠷᠪᠡᠳᠤᠭᠡᠷ ᠳᠠᠪᠤᠨ ᠵᠢᠯ︾ ᠤᠨ ᠬᠤᠭᠤᠴᠠᠭᠠᠨ ᠳᠤ ᠮᠠᠨ ᠤ ᠬᠤᠳᠠ ᠨᠡᠩ ᠴᠢᠨᠠᠷ ᠰᠠᠶᠢᠳᠠᠢ᠂ ᠨᠡᠩ ᠥᠨᠳᠤᠷ | ᠪᠥᠳᠤᠮᠵᠢᠲᠡᠢ᠂ ᠨᠡᠩ ᠡᠷᠬᠡ ᠲᠡᠭᠰᠢ᠂ ᠨᠡᠩ ᠥᠷᠬᠦᠯᠵᠢᠯᠡᠯ ᠲᠠᠢ᠂ ᠨᠡᠩ ᠠᠮᠤᠷ ᠲᠥᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠤᠯᠤᠨ ᠨᠢᠭᠡᠳᠤᠯᠳᠡᠢ ᠲᠥᠯᠤᠪᠵᠢᠭᠦᠯᠤᠨ | ᠵᠤᠬᠢᠴᠠᠭᠤᠯᠬᠤ ᠶᠢ ᠦᠨᠡᠨ ᠬᠦ ᠴᠢᠩᠭᠠᠳᠬᠠᠵᠤ᠂ ᠢᠳᠡᠪᠬᠢᠲᠡᠢ ᠪᠠᠷ ᠵᠤᠯᠭᠠᠭᠤᠯᠵᠤ᠂ ᠥᠷᠭᠡᠨ ᠢᠶᠠᠷ ᠬᠠᠷᠢᠯᠴᠠᠵᠤ᠂ ᠵᠢᠭᠠᠨ ᠵᠢᠯᠤᠭᠤᠳᠴᠤ ᠬᠥᠳᠤᠯᠤᠨ ᠳᠠᠭᠠᠭᠤᠯᠵᠤ᠂ | ᠮᠠᠨ ᠤ ᠬᠤᠳᠠ ᠶᠢᠨ ︽ᠠᠷᠪᠠᠨ ᠳᠥᠷᠪᠡᠳᠤᠭᠡᠷ ᠳᠠᠪᠤᠨ ᠵᠢᠯ︾ ᠤᠨ ᠲᠥᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠲᠤᠭᠳᠠᠭᠤᠨ ᠢᠶᠠᠷ ᠡᠮᠬᠢ ᠴᠡᠭᠴᠡ ᠲᠠᠢ | ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ ᠭᠡᠵᠡᠢ᠃ |