— ᠬᠥᠯᠤᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ᠢ ᠰᠤᠷᠪᠤᠯᠵᠢᠯᠠᠭᠰᠠᠨ ᠨᠢ | ᠪᠥᠬᠦ ᠤᠯᠤᠰ ᠤᠨ ︽ᠬᠤᠶᠠᠷ ᠬᠤᠷᠠᠯ︾ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠥᠪᠤᠷ ᠮᠤᠩᠭᠤᠯ ᠤᠨ ᠲᠥᠯᠤᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ | ᠤᠷᠤᠯᠴᠠᠬᠤ ᠥᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠤᠢ︖ ᠬᠥᠯᠤᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ ︽ᠮᠤᠩᠭᠤᠯ ᠮᠤᠷᠢ︾ ᠶᠢᠨ | ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠪᠥᠬᠦ ᠤᠯᠤᠰ ᠤᠨ ︽ᠬᠤᠶᠠᠷ ᠬᠤᠷᠠᠯ︾ ᠤᠨ ᠵᠤᠷᠢᠭ | ᠰᠠᠨᠠᠭ᠎ᠠ ᠪᠤᠯᠤᠨ ᠶᠡᠷᠤᠩᠬᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠯᠤᠨ | ᠪᠤᠶᠢᠷ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠯᠤᠳᠤ ᠶᠡᠭᠡ ᠬᠥᠳᠡᠯᠭᠡᠭᠴᠢ ᠬᠥᠴᠤᠨ ᠪᠤᠯᠭᠠᠨ | ᠬᠤᠪᠢᠷᠠᠭᠤᠯᠵᠤ᠂ ︽ᠭᠤᠷᠪᠠᠨ ᠯᠠᠪᠳᠠᠭᠤᠨ ᠪᠠᠳᠤᠳᠠᠢ︾ ᠪᠠᠷ ᠰᠢᠪᠳᠤᠯᠤᠯᠳᠠ ᠪᠤᠯᠭᠠᠨ᠂ ᠥᠵᠡᠰᠬᠦᠯᠡᠩᠳᠤ ᠰᠠᠶᠢᠬᠠᠨ | ᠥᠪᠤᠷ ᠮᠤᠩᠭᠤᠯ ᠢ ᠪᠥᠳᠤᠭᠡᠨ ᠪᠠᠶᠢᠭᠤᠯᠬᠤ ᠬᠥᠯᠤᠨ ᠪᠤᠶᠢᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠤ | ᠢᠯᠡᠷᠬᠡᠶᠢᠯᠡᠪᠡ᠃ | ᠢᠤᠢ ᠯᠢ ᠰᠢᠨ ᠬᠡᠯᠡᠬᠦ ᠳᠡᠭᠡᠨ᠂ ᠬᠥᠯᠤᠨ ᠪᠤᠶᠢᠷ ᠬᠤᠳᠠ ᠶᠡᠷᠤᠩᠬᠡᠢ ᠱᠥᠵᠢ ᠰᠢ ᠶᠢᠨ ᠫᠢᠡᠭ ᠤᠨ ︽ᠠᠵᠤ | ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠯᠠᠪᠳᠠᠭᠤᠨ ᠪᠠᠳᠤᠳᠠᠢ ᠲᠥᠯᠬᠢᠨ ᠠᠬᠢᠭᠤᠯᠬᠤ︾ ᠱᠠᠭᠠᠷᠳᠠᠯᠭ᠎ᠠ ᠪᠠᠷ᠂ | ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠵᠤ᠂ ᠠᠵᠤ ᠠᠬᠤᠢ ᠶᠢᠨ ᠴᠢᠨᠠᠷ ᠰᠠᠶᠢᠳᠠᠢ | ᠬᠥᠭᠵᠢᠯᠲᠡ ᠶᠢ ᠲᠥᠯᠬᠢᠨ ᠠᠬᠢᠭᠤᠯᠬᠤ ᠶᠢ ᠠᠵᠤ ᠠᠬᠤᠢ ᠶᠢᠨ ᠬᠥᠭᠵᠢᠯᠲᠡ ᠲᠡᠩᠴᠡᠭᠦᠷᠢ ᠥᠭᠡᠢ ᠭᠥᠢᠴᠡᠳ ᠪᠤᠰᠤ | ᠪᠠᠶᠢᠬᠤ ᠠᠰᠠᠭᠤᠳᠠᠯ ᠢ ᠰᠢᠢᠳᠪᠤᠷᠢᠯᠡᠬᠦ ᠠᠯᠳᠠᠨ ᠲᠥᠯᠬᠢᠭᠦᠷ ᠪᠤᠯᠭᠠᠨ᠎ᠠ᠃ ᠬᠥᠯᠤᠨ ᠪᠤᠶᠢᠷ ᠬᠤᠳᠠ ᠪᠤᠬᠢᠷᠳᠤᠯ ᠥᠭᠡᠢ | ᠬᠥᠭᠵᠢᠯᠲᠡ ᠶᠢᠨ ᠴᠢᠭᠯᠡᠯ ᠢ ᠪᠠᠷᠢᠮᠳᠠᠯᠠᠵᠤ᠂ ᠠᠮᠢ ᠠᠬᠤᠢ ᠶᠢᠨ ᠬᠠᠮᠠᠭᠠᠯᠠᠯᠳᠠ ᠶᠢ ᠲᠡᠷᠢᠭᠦᠨ ᠪᠠᠶᠢᠷᠢᠨ ᠳᠤ | ᠳᠠᠯᠪᠢᠬᠤ ᠶᠢ ᠪᠠᠷᠢᠮᠳᠠᠯᠠᠵᠤ᠂ ᠪᠤᠬᠢᠷᠳᠤᠯ ᠥᠭᠡᠢ ᠬᠥᠭᠵᠢᠯᠲᠡ ᠶᠢᠨ ᠵᠠᠮ ᠢᠶᠠᠷ ᠵᠠᠮᠨᠠᠨ᠂ ᠬᠥᠭᠵᠢᠯᠲᠡ ᠶᠢᠨ ᠳᠤᠮᠳᠠ | ᠬᠠᠮᠠᠭᠠᠯᠠᠬᠤ ᠶᠢ ᠴᠢᠷᠮᠠᠶᠢᠨ ᠪᠡᠶᠡᠯᠡᠭᠦᠯᠵᠤ᠂ ᠬᠠᠮᠠᠭᠠᠯᠠᠬᠤ ᠳᠤᠮᠳᠠ ᠬᠥᠭᠵᠢᠨ᠂ ᠪᠤᠬᠢᠷᠳᠤᠯ ᠥᠭᠡᠢ ᠬᠥᠭᠵᠢᠯᠲᠡ ᠪᠠᠷ | ᠠᠵᠤ ᠠᠬᠤᠢ ᠶᠢᠨ ᠪᠠᠶᠢᠷᠢᠰᠢᠭᠤᠯᠤᠯᠳᠠ᠂ ᠪᠥᠳᠤᠴᠡ ᠶᠢᠨ ᠬᠡᠯᠪᠡᠷᠢ ᠶᠢ ᠬᠤᠪᠢᠷᠠᠭᠤᠯᠬᠤ ᠶᠢ ᠲᠥᠷᠭᠡᠳᠭᠡᠬᠦ ᠶᠢ | ᠬᠥᠳᠤᠯᠤᠨ ᠵᠢᠯᠤᠭᠤᠳᠤᠨ᠎ᠠ᠃ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢᠨ ᠬᠤᠪᠢᠷᠠᠯᠳᠠ ᠶᠢ ᠲᠥᠷᠭᠡᠳᠭᠡᠵᠤ᠂ | ᠨᠡᠮᠡᠵᠤ ᠬᠠᠰᠤᠬᠤ ᠶᠢ ᠰᠠᠶᠢᠳᠤᠷ ᠬᠢᠵᠤ᠂ ᠤᠤᠯ ᠤᠨ ᠪᠠᠶᠢᠭᠰᠠᠨ ᠠᠵᠤ ᠤᠢᠢᠯᠡᠰ ᠤᠨ ᠳᠡᠰ ᠢ ᠳᠡᠪᠰᠢᠭᠦᠯᠵᠤ᠂ | ᠬᠤᠴᠤᠷᠤᠩᠭᠤᠢ᠂ ᠳᠤᠤᠷ᠎ᠠ ᠳᠡᠰ ᠤᠨ᠂ ᠢᠯᠡᠭᠦᠴᠡ ᠤᠢᠢᠯᠡᠳᠪᠤᠷᠢᠯᠡᠯ ᠤᠨ ᠴᠢᠳᠠᠪᠤᠷᠢ ᠶᠢ ᠡᠷᠡᠰ ᠲᠠᠶᠠᠭᠳᠠᠵᠤ᠂ | ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢᠶᠠᠷ ᠡᠨᠧᠷᠭᠢ᠂ ᠲᠠᠷᠢᠶᠠᠯᠠᠩ ᠤᠨ | ᠪᠥᠳᠤᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠳᠤ ᠠᠵᠤ | ᠤᠢᠢᠯᠡᠰ ᠪᠤᠯᠤᠨ ᠤᠯᠠᠮᠵᠢᠯᠠᠯᠳᠤ ᠠᠵᠤ ᠠᠬᠤᠢᠢᠯᠠᠯ ᠢ ᠥᠭᠡᠷᠡᠴᠢᠯᠡᠨ ᠪᠠᠶᠢᠭᠤᠯᠤᠨ᠎ᠠ᠃ ᠤᠳᠤ ᠶᠢᠨ ᠪᠠᠶᠢᠭ᠎ᠠ | ᠡᠨᠧᠷᠭᠢ ᠶᠢᠨ ᠬᠡᠯᠪᠡᠷᠢ ᠶᠢᠨ ᠠᠵᠤ ᠠᠬᠤᠢᠢᠯᠠᠯ ᠤᠨ ᠡᠨᠧᠷᠭᠢ ᠶᠢ ᠶᠡᠷᠤᠩᠬᠡᠶᠢᠯᠡᠨ ᠠᠰᠢᠭᠯᠠᠬᠤ ᠨᠤᠷᠮ᠎ᠠ ᠪᠠᠨ | ᠳᠡᠭᠡᠭᠰᠢᠯᠡᠭᠦᠯᠬᠦ ᠶᠢ ᠬᠥᠳᠤᠯᠤᠨ ᠵᠢᠯᠤᠭᠤᠳᠴᠤ᠂ ᠠᠵᠤ ᠤᠢᠢᠯᠡᠰ ᠤᠨ ᠨᠠᠷᠢᠯᠢᠭ ᠭᠥᠨᠵᠡᠭᠡᠢ ᠪᠤᠯᠪᠠᠰᠤᠷᠠᠭᠤᠯᠬᠤ | ᠬᠡᠮᠵᠢᠶ᠎ᠡ ᠶᠢ ᠳᠡᠭᠡᠭᠰᠢᠯᠡᠭᠦᠯᠤᠨ᠎ᠡ᠃ ᠡᠨᠧᠷᠭᠢ ᠶᠢᠨ ᠬᠡᠯᠪᠡᠷᠢ ᠶᠢᠨ ᠪᠤᠰᠤ ᠠᠵᠤ ᠤᠢᠢᠯᠡᠰ ᠢ ᠬᠥᠭᠵᠢᠭᠦᠯᠤᠨ | ᠪᠤᠵᠠᠭᠠᠢᠢᠷᠠᠭᠤᠯᠵᠤ᠂ ᠰᠢᠨ᠎ᠡ ᠡᠨᠧᠷᠭᠢ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠲᠤᠮᠤ ᠳ᠋ᠠᠶᠢᠲ᠋ᠠ ᠶᠢᠨ | ᠡᠭᠦᠯᠡᠨ ᠪᠤᠳᠤᠯᠳᠠ᠂ ᠮᠤᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ | ᠪᠤᠢ ᠪᠤᠯᠤᠭᠰᠠᠨ ᠠᠵᠤ ᠤᠢᠢᠯᠡᠰ ᠢ ᠴᠤᠭᠴᠠᠯᠠᠬᠤ ᠶᠢ ᠲᠥᠷᠭᠡᠳᠭᠡᠨ᠎ᠡ᠃ ᠬᠥᠳᠡᠭᠡ ᠲᠤᠰᠠᠬᠤᠨ ᠢ ᠬᠥᠭᠵᠢᠭᠦᠯᠤᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠥᠨᠵᠡᠭᠡᠢ ᠬᠡᠷᠡᠭᠵᠢᠭᠦᠯᠤᠨ᠂ ᠲᠠᠷᠢᠶᠠᠯᠠᠩ ᠮᠠᠯ ᠠᠵᠤ ᠠᠬᠤᠢ ᠶᠢᠨ | ᠬᠠᠨᠭ᠍ᠭᠠᠯᠭ᠎ᠠ ᠶᠢᠨ ᠲᠠᠯ᠎ᠠ ᠶᠢᠨ ᠪᠥᠳᠤᠴᠡ ᠶᠢᠨ ᠴᠢᠨᠠᠷᠳᠠᠢ ᠥᠭᠡᠷᠡᠴᠢᠯᠡᠯᠲᠡ ᠶᠢ ᠭᠥᠨᠵᠡᠭᠡᠶᠢᠷᠡᠭᠦᠯᠤᠨ᠂ ᠤᠯᠤᠰ ᠤᠨ | ᠴᠢᠬᠤᠯᠠ ᠪᠤᠬᠢᠷᠳᠤᠯ ᠥᠭᠡᠢ ᠤᠷᠭᠠᠨᠢᠭ ᠲᠠᠷᠢᠶᠠᠯᠠᠩ ᠤᠨ ᠪᠥᠳᠤᠭᠡᠭᠳᠡᠭᠦᠨ ᠮᠠᠯ ᠤᠨ ᠠᠰᠢᠭ ᠰᠢᠮ᠎ᠡ ᠤᠢ ᠰᠢᠭᠤᠢ ᠶᠢᠨ | ᠭᠠᠷᠤᠯᠳᠠ ᠶᠢ ᠤᠢᠢᠯᠡᠳᠪᠤᠷᠢᠯᠡᠨ ᠡᠳ᠋ᠰᠢᠭᠦᠯᠤᠨ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠢ | ᠪᠠᠶᠢᠭᠤᠯᠬᠤ ᠪᠠᠷ ᠭᠠᠷᠳᠠᠴᠠ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠤᠩᠬᠡᠶᠢᠯᠡᠭᠰᠡᠨ | ᠤᠢᠢᠯᠡᠳᠪᠤᠷᠢᠯᠡᠯ ᠤᠨ ᠬᠥᠴᠤᠨ ᠢ ᠪᠥᠬᠦ ᠲᠠᠯ᠎ᠠ ᠪᠠᠷ ᠳᠡᠭᠡᠭᠰᠢᠯᠡᠭᠦᠯᠤᠨ᠂ ᠤᠯᠠᠨ ᠨᠡᠶᠢᠲᠡ ᠶᠢᠨ ᠰᠠᠭᠤᠷᠢ | ᠲᠥᠬᠦᠭᠡᠷᠤᠮᠵᠢ ᠶᠢᠨ ᠪᠥᠳᠤᠭᠡᠨ ᠪᠠᠶᠢᠭᠤᠯᠤᠯᠳᠠ ᠪᠤᠯᠤᠨ ᠤᠯᠠᠨ ᠨᠡᠶᠢᠲᠡ ᠶᠢᠨ ᠤᠢᠢᠯᠡᠴᠢᠯᠡᠭᠡ ᠶᠢ ᠬᠥᠳᠡᠭᠡ ᠲᠤᠰᠬᠤᠨ | ᠲᠡᠰᠢ ᠬᠡᠯᠪᠠᠶᠢᠯᠭᠡᠬᠦ ᠶᠢ ᠲᠥᠯᠬᠢᠨ ᠠᠬᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ᠂ ᠬᠥᠳᠡᠭᠡ ᠲᠤᠰᠬᠤᠨ ᠮᠠᠯᠵᠢᠬᠤ ᠤᠷᠤᠨ ᠤ ᠪᠥᠬᠦ ᠲᠠᠯ᠎ᠠ ᠶᠢᠨ ᠲᠠᠪᠰᠢᠯᠳᠠ ᠪᠤᠯᠤᠨ | ᠮᠠᠯᠴᠢᠨ ᠲᠠᠷᠢᠶᠠᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠤᠳᠤ ᠥᠶ᠎ᠡ ᠶᠢᠨ | ᠤᠢᠢᠯᠡᠴᠢᠯᠡᠭᠡᠨ ᠤ ᠤᠢᠢᠯᠡᠰ ᠢ ᠶᠡᠬᠡᠪᠡᠷ ᠬᠥᠭᠵᠢᠭᠦᠯᠤᠨ᠂ ᠵᠤᠭᠠᠴᠠᠯ ᠤᠨ ᠤᠢᠢᠯᠡᠰ ᠢ ᠥᠷᠬᠦᠯᠵᠢᠯᠡᠨ | ᠰᠢᠯᠢᠳᠡᠭᠵᠢᠭᠦᠯᠵᠤ ᠪᠤᠵᠠᠭᠠᠢᠢᠷᠠᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠲᠠᠭᠠᠭᠠᠴᠠ ᠶᠢ ᠭᠥᠢᠴᠡᠳ | ᠪᠤᠳᠤᠯᠬᠢᠯᠠᠵᠤ ᠪᠠᠶᠢᠭᠠᠳ ᠵᠤᠭᠠᠴᠠᠯ ᠤᠨ ᠤᠢᠢᠯᠡᠰ ᠢ ᠬᠥᠵᠢᠭᠦᠯᠤᠨ᠂ ︽ᠴᠡᠭ᠂ ᠱᠤᠭᠤᠮ᠂ ᠬᠠᠮᠢᠶᠠᠷᠤᠯᠳᠠ᠂ | ᠥᠯᠡᠳᠡᠭᠡᠬᠦ︾ ᠶᠢ ᠰᠠᠶᠢᠳᠤᠷ ᠬᠢᠵᠤ᠂ ᠳᠡᠯᠡᠬᠡᠶᠢᠴᠢᠯᠡᠭᠰᠡᠨ ᠳᠡᠭᠡᠳᠤ ᠳᠡᠰ ᠤᠨ ᠵᠤᠭᠠᠴᠠᠯ ᠤᠨ ᠬᠠᠷᠠᠯᠳᠠᠳᠤ ᠤᠷᠤᠨ ᠢ | ᠴᠤᠭᠴᠠᠯᠠᠨ᠎ᠠ᠃ ᠤᠢᠢᠯᠡᠳᠪᠤᠷᠢᠯᠡᠯ ᠤᠨ ᠴᠢᠨᠠᠷᠳᠠᠢ ᠤᠢᠢᠯᠡᠴᠢᠯᠡᠭᠡᠨ ᠤ ᠤᠢᠢᠯᠡᠰ ᠢ ᠰᠠᠶᠢᠳᠤᠷ ᠬᠢᠵᠤ᠂ | ᠰᠨᠠᠭᠠᠴᠢᠯᠠᠭᠠ ᠠᠴᠠ ᠪᠠᠨ ᠲᠤᠯᠭᠠᠭᠤᠷᠢᠯᠠᠭᠴᠢ ᠠᠵᠤ ᠤᠢᠢᠯᠡᠰ ᠶᠢ ᠢᠵᠢ ᠪᠥᠷᠢᠳᠤᠭᠦᠯᠤᠨ᠂ ᠮᠥᠡᠭᠭᠦᠨ ᠭᠥᠢᠯᠭᠡᠭᠡ᠂ | ᠬᠤᠳᠠᠯᠳᠤᠭᠠᠨ ᠤ ᠶᠠᠪᠤᠳᠠᠯ᠂ ᠤᠢᠢᠯᠡᠰ ᠪᠥᠳᠤᠭᠡᠬᠦ ᠶᠢ ᠳᠡᠳᠬᠦᠬᠦ ᠵᠡᠷᠭᠡ ᠤᠢᠢᠯᠡᠳᠪᠤᠷᠢᠯᠡᠯ ᠤᠨ ᠴᠢᠨᠠᠷᠳᠠᠢ | ᠤᠢᠢᠯᠡᠴᠢᠯᠡᠭᠡᠨ ᠤ ᠤᠢᠢᠯᠡᠰ ᠤᠨ ᠨᠢᠭᠡᠳᠤᠭᠡᠷ ᠬᠤᠶᠠᠳᠤᠭᠠᠷ ᠠᠵᠤ ᠤᠢᠢᠯᠡᠰ ᠤᠨ ᠪᠥᠬᠦ ᠠᠵᠤ ᠤᠢᠢᠯᠡᠰ ᠤᠨ | ᠬᠡᠯᠬᠢᠶ᠎ᠡ ᠳᠠᠬᠢ ᠲᠤᠯᠭᠠᠭᠤᠷᠢᠯᠠᠭᠴᠢ ᠤᠢᠢᠯᠡᠳᠤᠯ ᠢ ᠴᠢᠩᠭᠠᠷᠠᠭᠤᠯᠤᠨ᠎ᠠ᠃ ᠠᠮᠢᠳᠤᠷᠠᠯ ᠤᠨ ᠴᠢᠨᠠᠷᠳᠠᠢ | ᠤᠢᠢᠯᠡᠴᠢᠯᠡᠭᠡᠨ ᠤ ᠤᠢᠢᠯᠡᠰ ᠢ ᠪᠤᠵᠠᠭᠠᠢᠢᠷᠠᠭᠤᠯᠵᠤ᠂ ᠪᠡᠶᠡᠴᠢᠯᠡᠬᠦ ᠤᠢᠢᠯᠡᠴᠢᠯᠡᠭᠡ᠂ ᠵᠠᠬᠢᠶᠠᠯᠠᠭ᠎ᠠ ᠶᠢᠨ ᠤᠢᠢᠯᠡᠴᠢᠯᠡᠭᠡ | ᠵᠡᠷᠭᠡ ᠤᠢᠢᠯᠡᠴᠢᠯᠡᠭᠡᠨ ᠤ ᠬᠡᠯᠪᠡᠷᠢ ᠶᠢ ᠬᠥᠭᠵᠢᠭᠦᠯᠵᠤ᠂ ᠬᠤᠳᠠᠯᠳᠤᠭᠠᠨ ᠤ ᠤᠢᠢᠯᠡᠰ ᠤᠨ ᠵᠢᠵᠢᠭᠯᠡᠨ ᠪᠤᠷᠤᠯᠠᠭᠤᠯᠬᠤ᠂ | ᠢᠳᠡᠭᠡᠨ ᠤᠮᠳᠠᠭᠠᠨ᠂ ᠡᠮ ᠡᠮᠴᠢᠯᠡᠭᠡ᠂ ᠨᠠᠰᠤᠳᠠᠨ ᠤ ᠠᠰᠠᠷᠠᠮᠵᠢ ᠵᠡᠷᠭᠡ ᠤᠯᠠᠮᠵᠢᠯᠠᠯᠳᠤ ᠤᠢᠢᠯᠡᠴᠢᠯᠡᠭᠡᠨ ᠤ ᠬᠥᠷᠢᠶ᠎ᠡ | ᠴᠠᠷᠠᠭᠠᠨ ᠤ ᠶᠠᠰᠤ ᠴᠢᠨᠠᠷ ᠢ ᠳᠡᠭᠡᠭᠰᠢᠯᠡᠭᠦᠯᠤᠨ ᠬᠥᠭᠵᠢᠭᠦᠯᠤᠨ᠎ᠠ᠃ ᠰᠠᠭᠤᠷᠢ ᠲᠥᠬᠦᠭᠡᠷᠤᠮᠵᠢ ᠶᠢᠨ ᠪᠥᠳᠤᠭᠡᠨ | ᠪᠠᠶᠢᠭᠤᠯᠤᠯᠳᠠ ᠶᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠳᠠᠯᠠᠵᠤ᠂ ᠡᠳ᠋ ᠤᠨ | ᠬᠥᠴᠤᠨ ᠤ ᠳᠠᠭᠠᠭᠠᠴᠠ ᠶᠢ ᠶᠡᠷᠤᠩᠬᠡᠶᠢᠯᠡᠨ ᠪᠤᠳᠤᠯᠬᠢᠯᠠᠭᠰᠠᠨ ᠤᠷᠢᠳᠠᠯ ᠳᠤᠤᠷ᠎ᠠ᠂ ᠰᠠᠭᠤᠷᠢ ᠲᠥᠬᠦᠭᠡᠷᠤᠮᠵᠢ ᠶᠢᠨ | ᠪᠥᠳᠤᠭᠡᠨ ᠪᠠᠶᠢᠭᠤᠯᠤᠯᠳᠠ ᠶᠢᠨ ᠬᠥᠴᠤᠯᠡᠴᠡ ᠶᠢ ᠥᠷᠬᠦᠯᠵᠢᠯᠡᠨ ᠨᠡᠮᠡᠭᠳᠡᠭᠦᠯᠤᠨ᠎ᠠ᠃ ᠥᠷᠢ ᠰᠢᠷᠢ ᠶᠢ ᠨᠠᠮᠳᠠᠭᠤᠯᠬᠤ | ᠭᠡᠳ ᠬᠠᠮᠢᠶᠠᠷᠬᠤ ᠥᠭᠡᠢ᠂ ᠬᠢᠬᠦ ᠥᠭᠡᠢ ᠪᠠᠶᠢᠵᠤ ᠪᠤᠯᠬᠤ ᠥᠭᠡᠢ ᠪᠥᠭᠡᠳ ᠥᠷᠢ ᠰᠢᠷᠢ ᠶᠢ ᠡᠮᠤᠨ᠎ᠡ ᠪᠠᠨ ᠪᠠᠷᠢᠭᠠᠳ | ᠬᠠᠮᠢᠶ᠎ᠠ ᠨᠠᠮᠢᠶ᠎ᠠ ᠥᠭᠡᠢ ᠬᠢᠵᠤ ᠪᠠᠰᠠ ᠪᠤᠯᠬᠤ ᠥᠭᠡᠢ᠃ ᠪᠡᠯᠡ ᠤᠷᠤᠭᠤᠯᠤᠯᠳᠠ ᠪᠤᠯᠤᠨ ᠲᠥᠷᠤᠯ ᠵᠦᠢᠯ ᠤᠨ | ᠪᠥᠳᠤᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠲᠥᠷᠤᠯ ᠵᠦᠢᠯ ᠢ ᠰᠤᠳᠤᠯᠤᠨ᠂ ᠲᠥᠷᠤᠯ ᠵᠦᠢᠯ ᠤᠯᠬᠤ ᠪᠠᠷ | ᠴᠢᠷᠮᠠᠶᠢᠵᠤ᠂ ᠲᠥᠷᠤᠯ ᠵᠦᠢᠯ ᠢ ᠨᠠᠶᠢᠳᠠᠪᠤᠷᠢᠵᠢᠭᠤᠯᠤᠨ᠂ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠶᠢ | ᠲᠤᠯᠭᠠᠭᠤᠷᠢᠯᠠᠬᠤ᠂ ᠬᠠᠷᠰᠢ ᠰᠠᠭᠠᠳ ᠬᠢᠵᠠᠭᠠᠷᠯᠠᠯ ᠢ ᠰᠢᠪᠳᠤᠯᠬᠤ᠂ ᠠᠷᠠᠳ ᠤᠨ ᠠᠮᠢᠳᠤᠷᠠᠯ ᠤᠨ ᠪᠠᠴᠢᠮ | ᠬᠡᠷᠡᠭᠴᠡᠭᠡ ᠶᠢ ᠪᠠᠳᠤᠯᠠᠬᠤ᠂ ᠴᠢᠯᠤᠭᠡᠳᠤ ᠶᠠᠪᠤᠯᠴᠠᠭ᠎ᠠ ᠪᠠ ᠬᠠᠮᠳᠤᠷᠠᠨ ᠠᠵᠢᠯᠯᠠᠬᠤ ᠶᠢ ᠬᠥᠳᠤᠯᠤᠨ ᠵᠢᠯᠤᠭᠤᠳᠬᠤ | ᠨᠢᠭᠡ ᠪᠥᠯᠦᠭ ᠴᠢᠬᠤᠯᠠ ᠶᠡᠭᠡ ᠲᠥᠷᠤᠯ ᠵᠦᠢᠯ ᠢ ᠲᠥᠪᠯᠡᠷᠡᠭᠦᠯᠤᠨ ᠬᠡᠷᠡᠭᠵᠢᠭᠦᠯᠤᠨ᠎ᠠ᠃ ᠥᠭᠡᠷᠡᠴᠢᠯᠡᠯᠲᠡ ᠬᠢᠵᠤ | ᠴᠢᠯᠤᠭᠡᠲᠡᠢ ᠶᠠᠪᠤᠯᠴᠠᠬᠤ ᠶᠢ ᠪᠥᠬᠦ ᠲᠠᠯ᠎ᠠ ᠪᠠᠷ ᠭᠥᠨᠵᠡᠭᠡᠶᠢᠷᠡᠭᠦᠯᠤᠨ᠂ ᠪᠥᠬᠦ ᠤᠯᠤᠰ ᠤᠨ ᠬᠢᠯᠢ ᠳᠠᠭᠠᠤ ᠨᠡᠭᠡᠭᠡᠯᠲᠡ | ᠬᠢᠵᠤ ᠴᠢᠯᠤᠭᠡᠲᠡᠢ ᠶᠠᠪᠤᠯᠴᠠᠬᠤ ᠬᠠᠮᠤᠭ ᠠᠴᠠ ᠠᠮᠢᠵᠢᠷᠠᠯ ᠤᠨ ᠬᠥᠴᠤᠨ ᠲᠠᠢ ᠬᠠᠮᠳᠤᠷᠠᠯᠴᠠᠭᠠᠨ ᠤ ᠬᠤᠰᠢᠭᠤᠴᠢ | ᠤᠷᠤᠨ ᠢ ᠴᠤᠭᠴᠠᠯᠠᠬᠤ ᠪᠠᠷ ᠬᠠᠷᠠᠯᠳᠠ ᠪᠤᠯᠭᠠᠵᠤ᠂ ᠤᠯᠤᠰ ᠪᠤᠯᠤᠨ ᠥᠪᠡᠷᠲᠡᠭᠡᠨ ᠵᠠᠰᠠᠬᠤ ᠤᠷᠤᠨ ᠠᠴᠠ ᠮᠠᠨᠤᠰ ᠤᠨ | ᠤᠮᠠᠷᠠᠰᠢ ᠴᠢᠯᠤᠭᠡᠲᠡᠢ ᠶᠠᠪᠤᠯᠴᠠᠬᠤ ᠶᠢ ᠲᠡᠮᠵᠢᠵᠤ ᠪᠠᠶᠢᠭ᠎ᠠ ᠠᠰᠢᠭᠳᠠᠢ ᠲᠥᠷᠤ ᠶᠢᠨ ᠪᠤᠳᠤᠯᠭ᠎ᠠ ᠶᠢ ᠪᠥᠬᠦ ᠬᠤᠳᠠ ᠶᠢᠨ | ᠬᠡᠪᠴᠢᠶᠡᠨ ᠳᠤ ᠬᠠᠨᠳᠤᠭᠤᠯᠵᠤ᠂ ᠮᠠᠨᠵᠤᠤᠷ ᠢᠶᠠᠷ ᠲᠤᠯᠤᠭᠠᠢᠢᠯᠠᠭᠤᠯᠵᠤ᠂ ᠬᠠᠶᠢᠯᠠᠷ ᠢᠶᠠᠷ ᠭᠤᠤᠯᠯᠠᠭᠤᠯᠤᠨ᠂ ᠪᠢᠨ ᠵᠧᠤ | ᠱᠤᠭᠤᠮ ᠢᠶᠠᠷ ᠬᠡᠯᠬᠢᠶᠡᠰᠤ ᠪᠤᠯᠭᠠᠵᠤ᠂ ᠬᠢᠯᠢ ᠳᠠᠭᠠᠤ ᠴᠢᠯᠤᠭᠡᠲᠡᠢ ᠶᠠᠪᠤᠯᠴᠠᠬᠤ ᠪᠤᠭᠤᠮᠳᠠ ᠪᠠᠷ ᠬᠤᠶᠠᠷ ᠵᠢᠭᠦᠷ | ᠪᠤᠯᠭᠠᠭᠰᠠᠨ ᠪᠥᠬᠦ ᠬᠤᠳᠠ ᠶᠢ ᠨᠢᠭᠡ ᠴᠤᠭᠴᠠᠵᠢᠭᠤᠯᠤᠨ ᠤᠮᠠᠷᠠᠰᠢ ᠴᠢᠯᠤᠭᠡᠲᠡᠢ ᠶᠠᠪᠤᠯᠴᠠᠬᠤ ᠰᠢᠨ᠎ᠡ ᠪᠠᠶᠢᠳᠠᠯ ᠢ | ᠢᠳᠡᠪᠬᠢᠲᠡᠢ ᠴᠤᠭᠴᠠᠯᠠᠨ᠎ᠠ᠃ ᠭᠠᠳᠠᠭᠠᠳᠤ ᠠᠴᠠ ᠤᠷᠤᠭᠤᠯᠵᠤ ᠡᠳ᠋ᠰᠢᠭᠦᠯᠬᠦ ᠤᠢᠢᠯᠡᠰ ᠢ ᠪᠤᠵᠠᠭᠠᠢᠢᠷᠠᠭᠤᠯᠤᠨ᠂ | ᠭᠠᠳᠠᠭᠠᠳᠤ ᠳᠤ ᠭᠠᠷᠭᠠᠬᠤ ᠡᠳ᠋ᠰᠢᠭᠦᠯᠬᠦ ᠤᠢᠢᠯᠡᠰ ᠢ ᠬᠥᠭᠵᠢᠭᠦᠯᠵᠤ᠂ ᠳᠤᠮᠳᠠᠳᠤ ᠡᠧᠦ᠋ᠷᠤᠫᠡ ᠶᠢᠨ ᠵᠢᠰᠢᠶᠠᠨ ᠤ | ᠭᠠᠯᠳᠤ ᠲᠡᠷᠭᠡ ︽ᠵᠠᠮ ᠥᠡᠭᠭᠡᠷᠡᠬᠦ︾ ᠪᠠᠶᠢᠳᠠᠯ ᠢ ᠬᠤᠪᠢᠷᠠᠭᠤᠯᠤᠨ᠂ ᠵᠠᠮ ᠨᠡᠪᠲᠡᠷᠡᠯᠭᠡ ᠶᠢᠨ ᠠᠵᠤ ᠠᠬᠤᠢ ᠶᠢ | ᠪᠤᠭᠤᠮᠳᠠ ᠶᠢᠨ ᠠᠵᠤ ᠠᠬᠤᠢ ᠲᠡᠰᠢ ᠬᠤᠪᠢᠷᠠᠭᠤᠯᠬᠤ ᠶᠢ ᠲᠥᠯᠬᠢᠨ ᠠᠬᠢᠭᠤᠯᠤᠨ᠎ᠠ ᠭᠡᠵᠡᠢ᠃ | ᠢᠤᠢ ᠯᠢ ᠰᠢᠨ᠂ ᠶᠠᠷᠤᠩᠭᠡᠢ ᠱᠥᠵᠢ ᠰᠢ ᠶᠢᠨ ᠫᠢᠩ ᠤᠨ ᠲᠤᠷᠠᠳᠤᠭᠰᠠᠨ ︽ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ ᠶᠤᠰᠤᠭᠠᠷ᠂ | ᠠᠷᠠᠳ ᠤᠨ ᠲᠥᠯᠤᠭᠡ ᠬᠥᠭᠵᠢᠬᠦᠯᠬᠦ ᠤᠢᠢᠯᠠᠭᠠᠭᠳᠠᠬᠤᠨ ᠢ ᠪᠠᠷᠢᠮᠳᠠᠯᠠᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ | ᠲᠠᠶᠢᠯᠠᠯᠳᠤᠭᠠᠨ︾ ᠢ ᠯᠠᠪᠳᠠᠭᠤᠨ ᠪᠠᠳᠤᠳᠠᠢ ᠰᠠᠶᠢᠳᠤᠷ ᠬᠢᠬᠦ ᠭᠡᠷᠡᠭᠳᠠᠢ᠃ ᠬᠥᠨᠳᠤ ᠶᠡᠭᠡ ᠠᠶᠤᠯ ᠲᠥᠭᠰᠢᠬᠦᠷᠢ ᠶᠢ | ᠰᠡᠷᠭᠡᠶᠢᠯᠠᠨ ᠰᠢᠢᠳᠪᠤᠷᠢᠯᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠥᠷᠢ | ᠥᠭᠴᠡᠭᠡ ᠶᠢ ᠨᠠᠮᠳᠠᠭᠠᠬᠤ ᠠᠷᠭ᠎ᠠ ᠵᠠᠮ ᠢ ᠥᠷᠭᠡᠳᠭᠡᠨ᠂ ᠥᠷᠢ ᠥᠭᠴᠡᠭᠡ ᠶᠢ ᠨᠠᠮᠳᠠᠭᠠᠬᠤ ᠰᠠᠬᠢᠯᠭ᠎ᠠ ᠪᠠᠳᠤ ᠶᠢᠨ | ᠬᠢᠵᠠᠭᠠᠷᠯᠠᠯ ᠢ ᠴᠢᠩᠭᠠᠷᠠᠭᠤᠯᠵᠤ᠂ ᠥᠷᠢ ᠥᠭᠴᠡᠭᠡ ᠶᠢ ᠨᠠᠮᠳᠠᠭᠠᠨ ᠰᠢᠢᠳᠪᠤᠷᠢᠯᠡᠬᠦ ᠬᠥᠴᠤᠨ ᠢᠶᠠᠨ ᠴᠢᠩᠭᠠᠳᠬᠠᠵᠤ᠂ | ᠠᠷᠭ᠎ᠠ ᠪᠥᠬᠦᠨ ᠢ ᠰᠥᠪᠡᠭᠴᠢᠯᠠᠨ ᠥᠷᠢ ᠥᠭᠴᠡᠭᠡ ᠶᠢᠨ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ᠵᠠᠰᠠᠭ ᠤᠨ | ᠤᠷᠳᠤᠨ ᠤ ᠥᠷᠢ ᠥᠭᠴᠡᠭᠡ ᠶᠢ ᠨᠠᠮᠳᠠᠭᠠᠨ ᠰᠢᠢᠳᠪᠤᠷᠢᠯᠡᠬᠦ ᠡᠬᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ | ᠪᠠᠶᠠᠯᠡᠬᠦᠯᠬᠦ ᠭᠡᠷᠡᠭᠳᠠᠢ᠃ ᠡᠯ᠎ᠠ ᠵᠦᠢᠯ ᠤᠨ ᠠᠶᠤᠯ ᠲᠥᠭᠰᠢᠬᠦᠷᠢ ᠶᠢ ᠪᠥᠳᠤᠮᠵᠢᠳᠠᠢ ᠰᠡᠷᠭᠡᠶᠢᠯᠠᠵᠤ᠂ ᠤᠷᠤᠨ | ᠨᠤᠳᠤᠭ ᠤᠨ ᠰᠢᠨ᠎ᠠ ᠪᠠᠷ ᠨᠡᠮᠡᠭᠳᠡᠬᠦ ᠥᠷᠢ ᠥᠭᠴᠡᠭᠡ ᠶᠢᠨ ᠭᠡᠮᠵᠢᠶ᠎ᠠ ᠶᠢ ᠵᠤᠬᠢᠰᠳᠠᠢ ᠲᠤᠬᠢᠷᠠᠭᠤᠯᠵᠤ᠂ ᠪᠠᠩᠬᠢ ᠶᠢᠨ | ᠪᠠᠶᠢᠭᠤᠯᠤᠮᠵᠢ ᠶᠢᠨ ᠡᠷᠡᠬᠦᠯ ᠪᠤᠰᠤ ᠵᠢᠭᠡᠯᠡᠯᠭᠡ ᠶᠢ ᠥᠷᠬᠦᠯᠵᠢᠯᠠᠨ ᠪᠥᠳᠤᠮᠵᠢᠳᠠᠢ ᠰᠡᠷᠭᠡᠶᠢᠯᠠᠨ ᠰᠢᠢᠳᠪᠤᠷᠢᠯᠠᠵᠤ᠂ | ᠠᠷᠠᠳ ᠤᠨ ᠲᠤᠮᠳᠠᠬᠢ ᠥᠨᠳᠤᠷ ᠬᠥᠤ ᠮᠥᠡᠭᠬᠦ ᠲᠠᠢ ᠵᠢᠭᠡᠯᠡᠯᠭᠡ᠂ ᠬᠠᠤᠯᠢ ᠪᠤᠰᠤ ᠪᠠᠯᠠ ᠬᠤᠷᠠᠮᠳᠤᠭᠤᠯᠬᠤ | ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ ᠵᠠᠰᠠᠭ ᠤᠨ ᠤᠷᠳᠤᠨ ᠤ ᠪᠠᠯᠠ ᠮᠥᠡᠭᠬᠦ ᠬᠤᠷᠠᠮᠳᠤᠭᠤᠯᠬᠤ | ᠠᠵᠢᠯᠯᠠᠭ᠎ᠠ ᠶᠢ ᠲᠥᠷᠢᠮᠵᠢᠬᠦᠯᠵᠤ᠂ ᠠᠵᠤ ᠠᠬᠤᠢᠢᠯᠠᠯ ᠤᠨ ᠠᠶᠤᠯ ᠲᠥᠭᠰᠢᠬᠦᠷᠢ ᠶᠢ ᠪᠥᠳᠤᠮᠵᠢᠳᠠᠢ ᠰᠢᠢᠳᠪᠤᠷᠢᠯᠠᠨ᠂ | ᠰᠢᠰᠲ᠋ᠧᠮᠳᠤ ᠴᠢᠨᠠᠷᠳᠠᠢ ᠠᠶᠤᠯ ᠲᠥᠭᠰᠢᠬᠦᠷᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠳᠠᠢ᠃ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠡᠬᠢ ᠪᠠᠶᠠᠯᠢᠭ ᠤᠨ ᠡᠯᠧᠮᠧᠨ᠋ᠲ ᠢ | ᠤᠯᠤᠰ ᠤᠨ ᠲᠠᠰ ᠤᠨ ᠶᠠᠳᠠᠭᠤ ᠶᠢ ᠲᠠᠳᠬᠦᠵᠤ ᠨᠡᠭᠡᠭᠡᠯᠳᠠ ᠬᠢᠬᠦ ᠭᠤᠤᠯᠳᠠᠯᠭ᠎ᠠ ᠲᠠᠢ 2 ᠬᠤᠰᠢᠭᠤ ᠪᠤᠯᠤᠨ 19 | ᠶᠠᠳᠠᠭᠤ ᠬᠥᠴᠢᠷᠳᠠᠯ ᠲᠠᠢ ᠲᠤᠰᠬᠤᠨ ᠳᠤ ᠲᠥᠪᠯᠡᠷᠡᠬᠦᠯᠬᠦ ᠶᠢ ᠭᠤᠤᠯᠳᠠᠯᠭ᠎ᠠ ᠲᠠᠢ ᠪᠠᠷ ᠬᠥᠳᠤᠯᠤᠨ ᠵᠢᠯᠤᠭᠤᠳᠴᠤ᠂ | ᠭᠠᠵᠠᠷ ᠤᠷᠤᠨ ᠠᠶᠢᠯ ᠡᠷᠤᠭᠡ ᠭᠡᠷ ᠪᠦᠯᠢ ᠬᠥᠮᠤᠨ ᠠᠮᠠ ᠶᠢᠨ ᠪᠠᠶᠢᠳᠠᠯ ᠳᠤᠨᠢ ᠲᠤᠬᠢᠷᠠᠭᠤᠯᠤᠨ᠂ ᠤᠨᠤᠪᠴᠢᠳᠠᠢ | ᠠᠷᠭ᠎ᠠ ᠪᠤᠳᠤᠯᠭ᠎ᠠ ᠲᠤᠭᠳᠠᠭᠠᠵᠤ᠂ ᠤᠨᠴᠠᠭᠠᠢ ᠶᠠᠳᠠᠭᠤ ᠬᠥᠴᠢᠷᠳᠠᠯ ᠲᠠᠢ ᠤᠯᠠᠨ ᠲᠥᠮᠠᠨ ᠢ ᠪᠥᠳᠤᠮᠵᠢᠳᠠᠢ | ᠬᠠᠪᠰᠤᠷᠤᠨ ᠲᠠᠳᠬᠦᠬᠦ ᠭᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠰᠤᠷᠳᠠᠯ ᠤᠨ ᠪᠠᠶᠢᠭᠤᠯᠤᠯᠳᠠ ᠶᠢᠨ ᠤᠨ ᠢᠶᠠᠷ ᠠᠵᠠ ᠲᠤᠬᠢᠶᠠᠯ ᠪᠤᠯᠭᠠᠨ᠂ ᠶᠠᠳᠠᠭᠤ ᠶᠢ ᠲᠠᠳᠬᠦᠵᠤ ᠶᠠᠳᠠᠭᠤ ᠠᠴᠠ | ᠠᠩᠬᠢᠵᠢᠷᠠᠭᠤᠯᠬᠤ ᠠᠰᠠᠭᠤᠳᠠᠯ ᠢ ᠶᠡᠭᠡᠪᠠᠷ ᠪᠠᠶᠢᠴᠠᠭᠠᠨ ᠶᠡᠭᠡᠪᠡᠷ ᠴᠡᠭᠴᠡᠯᠡᠬᠦ ᠠᠵᠢᠯᠯᠠᠭ᠎ᠠ ᠶᠢ ᠬᠥᠨᠵᠡᠭᠡᠢ ᠥᠷᠨᠢᠬᠦᠯᠵᠤ᠂ | ᠶᠠᠳᠠᠭᠤ ᠶᠢ ᠲᠠᠳᠬᠦᠬᠦ ᠬᠦᠷᠢᠶᠡᠨ ᠤ ᠢᠯᠵᠠᠷᠠᠮᠠᠯ ᠪᠤᠯᠤᠨ ᠠᠵᠢᠯ ᠤᠨ ᠰᠤᠷᠳᠠᠯ ᠤᠨ ᠠᠰᠠᠭᠤᠳᠠᠯ ᠢ ᠲᠤᠰᠬᠠᠢ | ᠴᠡᠭᠴᠡᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠬᠦᠯᠬᠦ ᠭᠡᠷᠡᠭᠳᠠᠢ᠃ ᠶᠠᠳᠠᠭᠤ ᠶᠢ ᠲᠠᠳᠬᠦᠬᠦ ᠶᠢ ᠡᠷᠴᠢ | ᠵᠤᠷᠢᠭ ᠢ ᠨᠢ ᠲᠠᠳᠬᠦᠬᠦ᠂ ᠤᠶᠤᠨ ᠤᠬᠠᠭᠠᠨ ᠢ ᠨᠢ ᠲᠠᠳᠬᠦᠬᠦ ᠲᠠᠢ ᠨᠢᠭᠳᠠ ᠤᠶᠠᠯᠳᠤᠭᠤᠯᠵᠤ᠂ ᠰᠢᠷᠭᠠᠭᠤ | ᠬᠥᠳᠡᠯᠮᠤᠷᠢ ᠪᠠᠷ ᠪᠠᠶᠠᠵᠢᠨ ᠴᠢᠨᠡᠭᠡᠯᠢᠭᠵᠢᠬᠦ᠂ ᠶᠠᠳᠠᠭᠤ ᠠᠴᠠ ᠠᠩᠬᠢᠵᠢᠷᠠᠬᠤ ᠨᠢ ᠥᠡᠭᠭᠡ ᠭᠡᠷᠠᠯ ᠲᠠᠢ ᠭᠡᠬᠦ ᠰᠠᠶᠢᠨ | ᠰᠠᠶᠢᠬᠠᠨ ᠠᠭᠤᠷ ᠠᠮᠢᠰᠬᠤᠯ ᠢ ᠢᠳᠡᠪᠬᠢᠳᠠᠢ ᠪᠤᠢ ᠪᠤᠯᠭᠠᠵᠤ᠂ ᠶᠠᠳᠠᠭᠤ ᠬᠥᠴᠢᠷᠳᠠᠢ ᠤᠯᠠᠨ ᠲᠥᠮᠠᠨ ᠤ ︽ᠤᠶᠤᠨ | ᠰᠠᠨᠠᠭᠠᠨ ᠤ ᠲᠤᠳᠠᠭᠤᠳᠠᠯ︾ ᠢ ᠬᠠᠮᠤᠭ ᠤᠨ ᠶᠡᠭᠡ ᠭᠡᠮᠵᠢᠶ᠎ᠠ ᠪᠠᠷ ᠨᠥᠬᠦᠪᠤᠷᠢᠯᠠᠵᠤ᠂ ᠲᠤᠳᠤᠭᠠᠳᠤ ᠬᠦᠳᠡᠯᠭᠡᠬᠦ | ᠬᠥᠴᠤᠨ ᠢ ᠨᠢ ᠬᠥᠭᠵᠢᠭᠡᠨ᠂ 2020 ᠤᠨ ᠪᠤᠯᠳᠠᠯ᠎ᠠ ᠤᠳᠤᠬᠢ ᠪᠠᠷᠢᠮᠵᠢᠶ᠎ᠠ ᠪᠠᠷ ᠶᠠᠳᠠᠭᠤ ᠬᠥᠴᠢᠷᠳᠠᠢ ᠬᠥᠮᠤᠨ | ᠠᠮᠠ ᠪᠤᠯᠤᠨ ᠶᠠᠳᠠᠭᠤ ᠬᠥᠴᠢᠷᠳᠠᠢ ᠬᠤᠰᠢᠭᠤ ᠬᠤᠳᠠ ᠶᠢᠨ ᠶᠠᠳᠠᠭᠤ ᠬᠥᠴᠢᠷᠳᠠᠢ ︽ᠮᠠᠯᠠᠭᠠᠢ︾ ᠶᠢ ᠠᠪᠴᠤ | ᠬᠠᠶᠠᠬᠤ ᠶᠢ ᠪᠠᠳᠤᠯᠠᠬᠤ ᠭᠡᠷᠡᠭᠳᠠᠢ᠃ ᠪᠤᠬᠢᠷᠳᠤᠯ ᠢ ᠰᠡᠷᠭᠡᠶᠢᠯᠠᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠠᠯᠳᠠ ᠶᠢ ᠡᠷᠡᠰ ᠲᠠᠮᠠᠴᠠᠨ ᠤᠯᠵᠤ᠂ ︽ᠤᠰᠤᠨ ᠤ ᠲᠤᠬᠠᠢ ᠠᠷᠪᠠᠨ ᠵᠤᠷᠪᠤᠰ︾ ︽ᠬᠥᠷᠤᠰᠤ ᠰᠢᠷᠤᠢ ᠶᠢᠨ | ᠲᠤᠬᠠᠢ ᠠᠷᠪᠠᠨ ᠵᠤᠷᠪᠤᠰ︾ ︽ᠠᠭᠠᠷ ᠮᠠᠨᠳᠠᠯ ᠤᠨ ᠲᠤᠬᠠᠢ ᠠᠷᠪᠠᠨ ᠵᠤᠷᠪᠤᠰ︾ ᠢ ᠰᠠᠶᠢᠳᠤᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠭᠡᠷᠡᠭᠳᠠᠢ᠃ ᠭᠤᠤᠯ ᠮᠥᠷᠠᠨ ᠨᠠᠭᠤᠷ ᠴᠥᠬᠦᠷᠤᠮ ᠤᠨ ᠲᠠᠷᠤᠭ᠎ᠠ ᠶᠢᠨ ᠲᠥᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠯᠤᠨ ᠨᠠᠭᠤᠷ ᠵᠢᠴᠢ ᠬᠥᠯᠤᠨ ᠨᠠᠭᠤᠷ ᠤᠨ ᠰᠠᠪᠠ ᠭᠠᠵᠠᠷ ᠢ ᠶᠠᠷᠤᠩᠭᠡᠶᠢᠯᠠᠨ | ᠵᠠᠰᠠᠬᠤ ᠪᠠᠷ ᠭᠤᠤᠯ ᠪᠤᠯᠭᠠᠵᠤ᠂ ᠭᠤᠤᠯ ᠮᠥᠷᠠᠨ ᠨᠠᠭᠤᠷ ᠴᠥᠬᠦᠷᠤᠮ ᠤᠨ ᠤᠰᠤ ᠶᠢ ᠶᠠᠷᠤᠩᠭᠡᠶᠢᠯᠠᠨ ᠵᠠᠰᠠᠬᠤ | ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ︔ ᠲᠠᠷᠢᠶᠠᠯᠠᠬᠤ ᠤᠷᠤᠨ ᠤ ᠭᠠᠵᠠᠷ ᠰᠢᠷᠤᠢ ᠪᠠᠷ ᠭᠤᠤᠯᠳᠠᠯᠭ᠎ᠠ ᠪᠤᠯᠭᠠᠵᠤ | ᠂ ᠬᠥᠷᠤᠰᠤ ᠰᠢᠷᠤᠢ ᠶᠢᠨ ᠪᠤᠬᠢᠷᠳᠤᠯ ᠢ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ︔ ᠠᠭᠠᠷ ᠮᠠᠨᠳᠠᠯ ᠤᠨ | ᠪᠤᠬᠢᠷᠳᠤᠯ ᠢ ᠬᠤᠯᠪᠤᠭᠠᠯᠠᠨ ᠰᠡᠷᠭᠡᠶᠢᠯᠠᠵᠤ ᠡᠵᠡᠮᠳᠡᠬᠦ ᠲᠤᠭᠳᠠᠴᠠ ᠶᠢ ᠪᠠᠶᠢᠭᠤᠯᠤᠨ ᠲᠡᠭᠦᠯᠳᠡᠷᠵᠢᠬᠦᠯᠵᠤ᠂ ᠠᠭᠠᠷ | ᠮᠠᠨᠳᠠᠯ ᠤᠨ ᠪᠤᠬᠢᠷᠳᠤᠯ ᠢ ᠰᠡᠷᠭᠡᠶᠢᠯᠠᠨ ᠵᠠᠰᠠᠬᠤ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠨ ᠬᠥᠭᠡ ᠤᠭᠳᠠᠷᠭᠤᠢ ᠶᠢ | ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠵᠤ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠠᠯᠠᠨ ᠥᠭᠡᠷᠡᠴᠢᠯᠡᠬᠦ | ᠠᠵᠢᠯ ᠢ ᠥᠷᠬᠦᠯᠵᠢᠯᠠᠨ ᠠᠬᠢᠭᠤᠯᠵᠤ᠂ ᠴᠡᠭᠴᠠᠯᠠᠨ ᠥᠭᠡᠷᠡᠴᠢᠯᠡᠬᠦ ᠡᠬᠦᠷᠭᠡ ᠶᠢ ᠰᠢᠯᠭᠠᠨ ᠠᠪᠬᠤ ᠪᠤᠯᠤᠨ | ᠲᠠᠷᠠᠭᠠᠴᠢ ᠶᠢᠨ ᠨᠢᠭᠡ ᠬᠤᠭᠤᠴᠠᠭᠠᠨ ᠤ ᠴᠡᠭᠴᠠᠯᠠᠨ ᠵᠠᠰᠠᠬᠤ ᠡᠬᠦᠷᠭᠡ ᠶᠢᠨ ᠮᠥᠷᠳᠠᠨ ᠪᠠᠶᠢᠴᠠᠭᠠᠯᠳᠠ ᠶᠢ ᠰᠠᠶᠢᠳᠤᠷ | ᠠᠳᠬᠤᠵᠤ᠂ ᠴᠡᠭᠴᠠᠯᠠᠨ ᠥᠭᠡᠷᠡᠴᠢᠯᠡᠬᠦ ᠲᠥᠷᠤᠯ ᠵᠦᠢᠯ ᠢ ᠲᠤᠭᠳᠠᠭᠰᠠᠨ ᠬᠤᠭᠤᠴᠠᠭᠠᠨ ᠳᠠᠭᠠᠨ ᠪᠠᠶᠠᠯᠡᠬᠦᠯᠬᠦ ᠶᠢ | ᠪᠠᠳᠤᠯᠠᠬᠤ ᠭᠡᠷᠡᠭᠳᠠᠢ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠭᠤᠯᠤᠯᠳᠠ ᠶᠢ ᠥᠷᠬᠦᠯᠵᠢᠯᠠᠨ | ᠴᠢᠩᠭᠠᠳᠬᠠᠵᠤ᠂ ᠠᠭᠤᠯᠠ ᠤᠰᠤ ᠤᠢ ᠮᠤᠳᠤ ᠭᠡᠭᠡᠷ᠎ᠠ ᠲᠠᠯ᠎ᠠ ᠨᠠᠭᠤᠷ ᠴᠥᠬᠦᠷᠤᠮ ᠡᠪᠡᠰᠤ ᠤᠷᠭᠤᠮᠠᠯ ᠤᠨ ᠶᠠᠷᠤᠩᠭᠡᠢ | ᠵᠠᠰᠠᠯᠳᠠ ᠶᠢ ᠨᠢᠭᠡᠳᠤᠯᠳᠠᠢ ᠲᠥᠯᠤᠪᠯᠠᠵᠤ᠂ ︽ᠭᠤᠷᠪᠠᠨ ᠤᠮᠠᠷᠠᠳᠤ︾ ᠶᠢᠨ ᠤᠢ ᠰᠢᠭᠤᠢ ᠶᠢ ᠬᠠᠮᠠᠭᠠᠯᠠᠬᠤ ᠵᠡᠷᠭᠡ | ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠨᠠᠷᠢᠯᠢᠭ ᠵᠤᠬᠢᠶᠠᠨ ᠪᠠᠶᠢᠭᠤᠯᠤᠨ ᠭᠡᠷᠡᠭᠵᠢᠬᠦᠯᠵᠤ᠂ ᠮᠠᠯ | ᠪᠠᠯᠴᠢᠭᠡᠷ ᠤᠨ ᠲᠠᠩᠴᠡᠬᠦᠷᠢ ᠶᠢ ᠪᠠᠳᠤᠯᠠᠬᠤ᠂ ᠪᠠᠯᠴᠢᠭᠡᠷᠯᠡᠬᠦᠯᠬᠦ ᠶᠢ ᠵᠤᠭᠰᠤᠭᠠᠬᠤ᠂ ᠪᠠᠯᠴᠢᠭᠡᠷ ᠢ ᠠᠮᠠᠷᠠᠭᠠᠬᠤ ᠵᠡᠷᠭᠡ | ᠲᠥᠷᠢᠮ ᠲᠤᠭᠳᠠᠭᠠᠯ ᠢ ᠰᠠᠶᠢᠳᠤᠷ ᠭᠡᠷᠡᠭᠵᠢᠬᠦᠯᠵᠤ᠂ ᠴᠥᠯᠯᠡᠷᠭᠡᠭᠵᠢᠯ ᠢ ᠵᠠᠰᠠᠬᠤ ᠪᠤᠯᠤᠨ ᠨᠤᠭᠤ ᠭᠠᠵᠠᠷ ᠢ | ᠬᠠᠮᠠᠭᠠᠯᠠᠬᠤ ᠵᠡᠷᠭᠡ ᠠᠵᠢᠯ ᠢ ᠲᠥᠷᠭᠡᠳᠭᠡᠨ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠢᠤᠢ ᠯᠢ ᠰᠢᠨ ᠶᠠᠷᠢᠶᠠᠨ ᠳᠠᠭᠠᠨ᠂ ᠶᠠᠷᠤᠩᠭᠡᠢ ᠱᠥᠵᠢ ᠰᠢ ᠶᠢᠨ ᠫᠢᠩ ᠤᠨ ︽ᠥᠨᠳᠤᠰᠤᠳᠠᠨ ᠤ | ᠪᠥᠯᠬᠦᠮᠳᠠᠯ ᠪᠤᠯᠤᠨ ᠬᠢᠯᠢ ᠬᠢᠵᠠᠭᠠᠷ ᠤᠨ ᠲᠤᠭᠳᠠᠭᠤᠨ ᠢ ᠯᠠᠪᠳᠠᠭᠤᠨ ᠪᠠᠳᠤᠳᠠᠢ ᠠᠬᠢᠭᠤᠯᠬᠤ︾ ᠱᠠᠭᠠᠷᠳᠠᠯᠭ᠎ᠠ | ᠶᠤᠰᠤᠭᠠᠷ᠂ ᠲᠤᠭᠳᠠᠭᠤᠨ ᠢ ᠪᠠᠳᠤᠯᠠᠬᠤ ᠪᠠᠷ ᠨᠢᠭᠡᠳᠤᠭᠡᠷ ᠬᠠᠷᠢᠭᠤᠴᠠᠯᠭ᠎ᠠ ᠪᠠᠨ ᠪᠤᠯᠭᠠᠬᠤ ᠶᠢ ᠪᠠᠷᠢᠮᠳᠠᠯᠠᠵᠤ᠂ | ᠥᠨᠳᠤᠰᠤᠳᠠᠨ ᠨᠦᠭᠦᠳ ᠪᠥᠯᠬᠦᠮᠳᠠᠯ ᠲᠠᠢ᠂ ᠬᠢᠯᠢ ᠬᠢᠵᠠᠭᠠᠷ ᠠᠮᠤᠷ ᠲᠠᠶᠢᠪᠤᠩ᠂ ᠦᠵᠡᠰᠭᠦᠯᠠᠩᠳᠦ ᠰᠠᠶᠢᠬᠠᠨ ᠵᠤᠯ | ᠵᠢᠷᠭᠠᠯᠳᠤ ᠭᠡᠷ ᠤᠷᠤᠨ ᠢ ᠬᠥᠴᠤᠯᠠᠨ ᠪᠠᠶᠢᠭᠤᠯᠬᠤ ᠭᠡᠷᠡᠭᠳᠠᠢ᠃ ᠨᠠᠮ ᠤᠨ ᠥᠨᠳᠤᠰᠤᠳᠠᠨ ᠤ ᠲᠥᠷᠤ ᠶᠢᠨ | ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠠ ᠮᠠᠶ᠋ᠢᠭ ᠤᠨ ᠥᠨᠳᠤᠰᠤᠳᠠᠨ ᠤ ᠬᠠᠷᠢᠴᠠᠭ᠎ᠠ ᠶᠢ | ᠪᠠᠬᠢᠵᠢᠬᠦᠯᠬᠦ ᠶᠢ ᠪᠠᠷᠢᠮᠳᠠᠯᠠᠨ᠂ ᠪᠥᠬᠦ ᠬᠤᠳᠠ ᠶᠢᠨ ᠡᠯ᠎ᠠ ᠥᠨᠳᠤᠰᠤᠳᠠᠨ ᠤ ᠤᠯᠠᠨ ᠲᠥᠮᠠᠨ ᠠᠨᠠᠷ ᠤᠨ ᠥᠷ᠎ᠠ ᠰᠢᠭ | ᠨᠢᠭᠳᠠᠷᠠᠨ ᠪᠦᠯᠬᠦᠮᠳᠡᠬᠦ ᠶᠢ ᠠᠬᠢᠭᠤᠯᠵᠤ᠂ ᠡᠭᠡ ᠤᠯᠤᠰ ᠤᠨ ᠬᠢᠯᠢ ᠬᠢᠵᠠᠭᠠᠷ ᠢ ᠬᠠᠮᠳᠤᠪᠠᠷ ᠰᠠᠬᠢᠨ ᠬᠠᠮᠠᠭᠠᠯᠠᠵᠤ᠂ | ᠰᠠᠶᠢᠨ ᠰᠠᠶᠢᠬᠠᠨ ᠠᠮᠢᠳᠤᠷᠠᠯ ᠢ ᠬᠠᠮᠳᠤᠪᠠᠷ ᠴᠤᠭᠴᠠᠯᠠᠬᠤ ᠭᠡᠷᠡᠭᠳᠠᠢ᠃ ᠥᠨᠳᠤᠰᠤᠳᠠᠨ ᠤ ᠭᠠᠵᠠᠷ ᠤᠷᠤᠨ ᠤ ᠠᠵᠤ | ᠠᠬᠤᠢ ᠨᠠᠶᠢᠭᠡᠮ ᠤᠨ ᠬᠥᠭᠵᠢᠯᠳᠠ ᠶᠢ ᠬᠥᠴᠤᠯᠠᠨ ᠠᠬᠢᠭᠤᠯᠵᠤ᠂ ᠨᠠᠯᠢᠶᠠᠳ ᠲᠠᠪᠠᠭᠤᠯᠢᠭᠳᠤ᠂ ᠲᠤᠪᠤᠶᠢᠮ᠎ᠠ | ᠤᠨᠴᠠᠯᠢᠭᠳᠤ ᠠᠵᠤ ᠤᠢᠢᠯᠡᠰ ᠢ ᠪᠤᠶᠢᠵᠢᠭᠤᠯᠤᠨ ᠬᠥᠭᠵᠢᠬᠦᠯᠵᠤ᠂ ᠥᠨᠳᠤᠰᠤᠳᠠᠨ ᠤ ᠭᠠᠵᠠᠷ ᠤᠷᠤᠨ ᠤ ᠠᠵᠤ | ᠠᠬᠤᠢ ᠶᠢᠨ ᠬᠥᠭᠵᠢᠯ ᠪᠠᠳᠠᠷᠠᠯ ᠢ ᠶᠡᠭᠡᠪᠠᠷ ᠠᠬᠢᠭᠤᠯᠬᠤ ᠭᠡᠷᠡᠭᠳᠠᠢ᠃ ᠲᠤᠭᠳᠠᠭᠤᠨ ᠢ ᠬᠠᠮᠠᠭᠠᠯᠠᠵᠤ ᠬᠢᠯᠢ | ᠬᠢᠵᠠᠭᠠᠷ ᠢᠶᠠᠨ ᠪᠠᠳᠤ ᠰᠠᠬᠢᠬᠤ ᠴᠢᠬᠤᠯᠠ ᠶᠡᠭᠡ ᠤᠯᠤᠰ ᠲᠥᠷᠤ ᠶᠢᠨ ᠬᠠᠷᠢᠭᠤᠴᠠᠯᠭ᠎ᠠ ᠶᠢ ᠥᠨᠠᠨᠬᠦ ᠡᠬᠦᠷᠭᠡᠯᠠᠵᠤ᠂ | ᠠᠮᠤᠷ ᠲᠠᠶᠢᠪᠤᠩ ᠬᠥᠯᠤᠨ ᠪᠤᠶᠢᠷ᠂ ᠬᠠᠤᠯᠢᠵᠢᠯ ᠤᠨ ᠬᠥᠯᠤᠨ ᠪᠤᠶᠢᠷ᠂ ᠡᠶ᠎ᠡ ᠵᠤᠬᠢᠴᠠᠩᠭᠤᠢ ᠬᠥᠯᠤᠨ ᠪᠤᠶᠢᠷ ᠤᠨ | ᠪᠠᠶᠢᠭᠤᠯᠤᠯᠳᠠ ᠶᠢ ᠬᠥᠨᠵᠡᠭᠡᠢ ᠠᠬᠢᠭᠤᠯᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ᠂ | ᠪᠥᠯᠬᠦᠮᠳᠠᠯ ᠲᠠᠢ ᠤᠯᠤᠰ ᠲᠥᠷᠤ ᠶᠢᠨ ᠪᠠᠶᠢᠳᠠᠯ ᠢ ᠪᠠᠳᠤᠯᠠᠨ᠂ ᠤᠯᠤᠰ ᠤᠨ ᠠᠮᠤᠷ ᠲᠥᠪᠰᠢᠨ ᠢ ᠥᠨᠠᠨᠬᠦ | ᠬᠠᠮᠠᠭᠠᠯᠠᠬᠤ ᠭᠡᠷᠡᠭᠳᠠᠢ ᠭᠡᠪᠡ᠃ |