8 ᠰᠠᠷ᠎ᠠ ᠶᠢᠨ 27 ᠤ ᠡᠳᠤᠷ᠂ ᠬᠥᠯᠤᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ᠂ | ᠬᠠᠶᠢᠯᠠᠷ ᠲᠤᠭᠤᠷᠢᠭ ᠠᠴᠠ ᠭᠤᠤᠯᠯᠠᠨ ᠡᠷᠬᠢᠯᠡᠭᠰᠡᠨ ︽202 0 ᠤᠨ ᠤ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠲᠤᠬᠠᠢ ᠲᠠᠨᠢᠯᠴᠠᠭᠤᠯᠬᠤ ᠬᠤᠷᠠᠯ ᠵᠢᠴᠢ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠴᠢᠨ ᠤᠷᠢᠬᠤ ᠠᠵᠢᠯ | ᠡᠬᠢᠯᠡᠭᠦᠯᠬᠦ ᠶᠤᠰᠤᠯᠠᠯ︾ ᠲᠢᠶᠠᠨ ᠵᠢᠶᠤᠤ ᠵᠤᠴᠢᠳ ᠤᠨ ᠪᠠᠭᠤᠳᠠᠯ ᠳᠤ ᠶᠠᠪᠤᠭᠳᠠᠪᠠ᠃ | ᠳᠤᠮᠳᠠᠳᠤ ᠤᠯᠤᠰ ᠤᠨ ᠨᠡᠭᠡᠭᠡᠯᠳᠡ ᠶᠢᠨ ᠤᠷᠤᠨ ᠤ ᠨᠡᠶᠢᠭᠡᠮᠯᠢᠭ ᠤᠨ ᠳᠠᠷᠤᠭ᠎ᠠ ᠱᠢ ᠷᠥᠡᠭ ᠶᠤᠤ᠂ ᠴᠢᠩᠬᠤᠸᠠ | ᠶᠡᠭᠡ ᠰᠤᠷᠭᠠᠭᠤᠯᠢ ᠶᠢᠨ ᠤᠷᠴᠢᠨ ᠲᠤᠭᠤᠷᠢᠨ ᠤ ᠳᠡᠭᠡᠳᠤ ᠰᠤᠷᠭᠠᠭᠤᠯᠢ ᠶᠢᠨ ᠵᠠᠬᠢᠷᠤᠯ ᠴᠧᠨ ᠯᠢᠤᠢ ᠵᠢᠶᠦ᠋ᠨ᠂ | ᠬᠤᠳᠠ ᠶᠢᠨ ᠨᠠᠮ ᠤᠨ ᠬᠤᠷᠢᠶᠠᠨ ᠤ ᠱᠥᠵᠢ ᠢᠤᠢ ᠯᠢ ᠰᠢᠨ᠂ ᠥᠪᠡᠷᠳᠡᠭᠡᠨ ᠵᠠᠰᠠᠬᠤ ᠤᠷᠤᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠤᠳᠤᠷᠢᠳᠤᠯᠭ᠎ᠠ ᠠᠵᠢᠯ ᠡᠬᠢᠯᠡᠭᠦᠯᠬᠦ | ᠶᠤᠰᠤᠯᠠᠯ ᠳᠤ ᠤᠷᠤᠯᠴᠠᠵᠤ᠂ ᠬᠥᠯᠤᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ | ᠵᠢᠩᠬᠢᠨᠢ ᠪᠠᠷ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠴᠢᠨ ᠤᠷᠢᠬᠤ ᠵᠠᠮ ᠢᠶᠠᠷ ᠵᠠᠮᠨᠠᠵᠤ ᠡᠬᠢᠯᠡᠭᠰᠡᠨ ᠴᠢᠬᠤᠯᠠ ᠴᠠᠭ | ᠮᠥᠴᠡ ᠶᠢ ᠬᠠᠮᠳᠤ ᠪᠠᠷ ᠭᠡᠷᠡᠴᠢᠯᠡᠵᠤ᠂ ᠬᠥᠯᠤᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ᠂ | ᠬᠠᠶᠢᠯᠠᠷ ᠲᠤᠭᠤᠷᠢᠭ ᠲᠠᠢ ᠬᠠᠮᠳᠤᠷᠠᠯᠴᠠᠭ᠎ᠠ ᠬᠢᠭᠰᠡᠨ 10 ᠬᠤᠳᠠᠯᠳᠤᠭᠠᠨ ᠤ ᠡᠪᠯᠡᠯ᠂ ᠨᠡᠶᠢᠭᠡᠮᠯᠢᠭ ᠲᠤ ︽ᠭᠠᠳᠠᠷ | ᠤᠷᠤᠨ ᠳᠤ ᠰᠠᠭᠤᠭ᠎ᠠ ᠠᠷᠠᠯᠵᠢᠶᠠᠴᠢᠨ ᠤᠷᠢᠬᠤ ᠬᠠᠷᠢᠯᠴᠠᠬᠤ ᠭᠠᠵᠠᠷ︾ ᠤᠨ ᠢᠯᠡᠷᠬᠡᠶᠢᠯᠡᠯ ᠤᠯᠭᠤᠵᠠᠢ᠃ | ᠬᠤᠳᠠ ᠶᠢᠨ ᠳᠡᠳ᠋ ᠳᠠᠷᠤᠭ᠎ᠠ ᠪᠠᠢ ᠬᠠᠢ ᠯᠢᠨ ᠪᠠᠶᠠᠷ ᠤᠨ ᠥᠭᠡ ᠬᠡᠯᠡᠬᠦ ᠳᠡᠭᠡᠨ ᠢᠯᠡᠷᠬᠡᠶᠢᠯᠡᠭᠰᠡᠨ ᠨᠢ᠂ ᠬᠥᠯᠤᠨ | ᠪᠤᠶᠢᠷ ᠢᠮᠠᠭᠳᠠ ᠰᠢ ᠶᠢᠨ ᠫᠢᠡᠭ ᠤᠨ ᠰᠢᠨ᠎ᠡ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠤᠯᠤᠨ | ᠶᠡᠷᠤᠩᠬᠡᠢ ᠱᠥᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠭᠥᠨᠵᠡᠭᠡᠢ ᠲᠤᠭᠤᠰᠢᠯᠠᠭᠤᠯᠤᠨ᠂ ᠳᠠᠪᠠᠭᠤᠯᠢᠭ ᠲᠠᠭᠠᠨ ᠰᠠᠭᠤᠷᠢᠯᠠᠵᠤ᠂ ᠲᠤᠭᠳᠠᠯ ᠬᠥᠴᠤᠨ ᠢ | ᠪᠠᠷᠢᠮᠳᠠᠯᠠᠵᠤ᠂ ᠤᠨᠴᠠᠯᠢᠭ ᠢ ᠳᠤᠪᠤᠶᠢᠯᠭᠠᠵᠤ᠂ ᠡᠷᠡᠰ ᠭᠤᠶᠢᠪᠢᠰᠢ ᠥᠭᠡᠢ ᠪᠠᠷ ᠠᠮᠢ ᠠᠬᠤᠢ ᠶᠢ ᠤᠷᠢᠳ ᠢᠶᠠᠷ | ᠪᠤᠳᠤᠯᠬᠢᠯᠠᠵᠤ᠂ ᠪᠤᠬᠢᠷᠳᠤᠯ ᠥᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷ ᠲᠠᠢ ᠰᠢᠨ᠎ᠡ ᠪᠠᠷ ᠮᠠᠨᠳᠤᠭᠰᠠᠨ ᠠᠵᠤ ᠤᠢᠢᠯᠡᠰ ᠢ | ᠢᠳᠡᠪᠬᠢᠲᠡᠢ ᠪᠠᠷ ᠪᠤᠵᠠᠭᠠᠢᠢᠷᠠᠭᠤᠯᠵᠤ᠂ ︽ᠠᠮᠢ ᠠᠬᠤᠢ ᠶᠢᠨ ᠠᠵᠤ ᠤᠢᠢᠯᠡᠰᠵᠢᠯᠳᠡ᠂ ᠠᠵᠤ ᠤᠢᠢᠯᠡᠰ ᠤᠨ ᠠᠮᠢ | ᠠᠬᠤᠢᠢᠵᠢᠯᠳᠠ︾ ᠶᠢ ᠲᠥᠯᠬᠢᠨ ᠠᠬᠢᠭᠤᠯᠬᠤ ᠲᠠᠯ᠎ᠠ ᠪᠠᠷ ᠢᠳᠡᠪᠬᠢᠲᠡᠢ ᠰᠥᠪᠡᠭᠴᠢᠯᠡᠵᠤ ᠤᠢᠢᠯᠡᠳᠤᠯᠭᠡᠵᠢᠭᠦᠯᠤᠨ᠂ | ᠶᠡᠷᠤᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠥᠴᠤᠨ ᠠᠯᠭᠤᠷ ᠢᠶᠠᠷ ᠨᠡᠮᠡᠭᠳᠡᠵᠤ᠂ ᠮᠠᠰᠢ ᠰᠠᠶᠢᠨ ᠠᠵᠤ | ᠤᠢᠢᠯᠡᠰ ᠤᠨ ᠬᠥᠭᠵᠢᠯᠲᠡ ᠶᠢᠨ ᠳᠠᠪᠠᠭᠤᠯᠢᠭ ᠢ ᠪᠤᠢ ᠪᠤᠯᠭᠠᠪᠠ᠃ ᠬᠤᠶᠢᠰᠢᠳᠠ ᠪᠢᠳᠡ ᠨᠡᠩ ᠢᠯᠡᠭᠦᠤ ᠴᠢᠯᠤᠭᠡᠳᠡᠢ | ᠶᠠᠪᠤᠯᠴᠠᠬᠤ ᠤᠪᠤᠷ᠂ ᠢᠲᠡᠭᠡᠯ ᠬᠥᠨᠳᠤ ᠲᠠᠢ ᠤᠷᠴᠢᠨ ᠲᠤᠭᠤᠷᠢᠨ᠂ ᠬᠠᠷᠠᠭᠠᠯᠵᠠᠯ ᠤᠨ ᠲᠥᠷᠤ ᠶᠢᠨ ᠪᠤᠳᠤᠯᠭ᠎ᠠ᠂ | ᠰᠢᠯᠢᠳᠡᠭ ᠤᠢᠢᠯᠡᠴᠢᠯᠡᠭᠡ ᠪᠤᠯᠤᠨ ᠡᠯᠪᠡᠭ ᠬᠦᠷᠳᠡᠭᠡᠮᠵᠢ ᠪᠠᠷ ᠠᠵᠤ ᠠᠬᠤᠢᠢᠯᠠᠯ ᠬᠢᠭᠡᠳ ᠬᠥᠯᠤᠨ ᠪᠤᠶᠢᠷ ᠪᠥᠬᠦ | ᠲᠠᠯ᠎ᠠ ᠶᠢᠨ ᠭᠥᠨᠵᠡᠭᠡᠢ ᠬᠠᠮᠳᠤᠷᠠᠯᠴᠠᠭ᠎ᠠ ᠥᠷᠨᠢᠭᠦᠯᠬᠦ ᠶᠢ ᠤᠭᠳᠤᠨ᠎ᠠ ᠭᠡᠵᠡᠢ᠃ | ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠪᠤᠯᠤᠭᠰᠠᠨ ᠤ ᠬᠤᠪᠢ ᠳᠤ᠂ | ᠬᠥᠯᠤᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠲᠥᠷᠤ ᠶᠢᠨ ᠪᠤᠳᠤᠯᠭ᠎ᠠ᠂ ᠤᠷᠤᠨ | ᠪᠠᠶᠢᠷᠢᠰᠢᠯ᠂ ᠡᠬᠢ ᠪᠠᠶᠠᠯᠢᠭ᠂ ᠰᠠᠭᠤᠷᠢ ᠲᠥᠬᠦᠭᠡᠷᠤᠮᠵᠢ ᠶᠢ ᠢᠵᠢ ᠪᠥᠷᠢᠳᠦᠭᠦᠯᠬᠦ ᠵᠡᠷᠭᠡ ᠤᠯᠠᠨ ᠲᠠᠯ᠎ᠠ ᠶᠢᠨ | ᠳᠠᠪᠠᠭᠤᠯᠢᠭ ᠲᠠᠢ ᠪᠤᠯᠵᠤ᠂ ᠮᠠᠨ ᠤ ᠬᠤᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢᠨ ᠴᠢᠬᠤᠯᠠ | ᠲᠠᠪᠴᠠᠩ ᠪᠤᠯᠪᠠ᠃ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠴᠢᠨ ᠤᠷᠢᠬᠤ ᠶᠢ ᠵᠢᠩᠬᠢᠨᠢ ᠪᠠᠷ ᠡᠬᠢᠯᠡᠭᠦᠯᠦᠭᠰᠡᠨ ᠤ | ᠳᠠᠷᠠᠭ᠎ᠠ᠂ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ︽ᠪᠤᠬᠢᠷᠳᠤᠯ ᠥᠭᠡᠢ ᠬᠥᠭᠵᠢᠯᠳᠡ ᠶᠢ ᠲᠥᠯᠬᠢᠨ | ᠠᠬᠢᠭᠤᠯᠬᠤ᠂ ᠠᠵᠤ ᠤᠢᠢᠯᠡᠰ ᠤᠨ ᠴᠤᠭᠯᠠᠷᠠᠯ ᠢ ᠴᠤᠭᠴᠠᠯᠠᠬᠤ︾ ᠶᠡᠷᠤᠩᠬᠡᠶᠢᠯᠡᠭᠰᠡᠨ ᠬᠥᠭᠵᠢᠯᠲᠡ ᠶᠢᠨ ᠪᠠᠶᠢᠷᠢ | ᠲᠤᠭᠳᠠᠭᠠᠯᠳᠠ ᠶᠢ ᠵᠢᠷᠤᠮᠯᠠᠨ᠂ ᠡᠭᠦᠷᠭᠡ ᠴᠢᠳᠠᠪᠤᠷᠢ ᠪᠠᠨ ᠢᠳᠡᠪᠬᠢᠲᠡᠢ ᠪᠠᠷ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠵᠢᠮ᠎ᠡ ᠶᠤᠰᠤ ᠲᠠᠢ ᠵᠤᠬᠢᠴᠠᠵᠤ᠂ ᠠᠵᠤ ᠠᠬᠤᠢᠢᠯᠠᠯ ᠪᠤᠯᠤᠨ | ᠪᠤᠰᠤᠳ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠᠷ ᠭᠤᠤᠯᠯᠠᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠪᠠᠷ | ᠡᠬᠢ ᠪᠠᠶᠠᠯᠢᠭ ᠢ ᠲᠤᠬᠢᠷᠠᠭᠤᠯᠬᠤ ᠪᠠᠷ ᠳᠠᠮᠵᠢᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠥᠷᠭᠡᠴᠡ ᠪᠤᠯᠤᠨ | ᠭᠥᠨᠴᠡ ᠶᠢ ᠲᠠᠰᠤᠷᠠᠯᠳᠠ ᠥᠭᠡᠢ ᠨᠡᠮᠡᠭᠳᠡᠭᠦᠯᠵᠤ᠂ ᠶᠠᠰᠤ ᠴᠢᠨᠠᠷ ᠪᠤᠯᠤᠨ ᠬᠢᠷᠢ ᠲᠥᠪᠰᠢᠨ ᠢ ᠲᠠᠰᠤᠷᠠᠯᠳᠠ ᠥᠭᠡᠢ | ᠳᠡᠭᠡᠭᠰᠢᠯᠡᠭᠦᠯᠵᠤ᠂ ᠠᠵᠤ ᠤᠢᠢᠯᠡᠰ ᠤᠨ ᠬᠡᠯᠪᠡᠷᠢ ᠬᠤᠪᠢᠷᠠᠭᠤᠯᠬᠤ ᠪᠤᠯᠤᠨ ᠴᠢᠨᠠᠷ ᠰᠠᠶᠢᠳᠠᠢ ᠬᠥᠭᠵᠢᠯᠲᠡ ᠶᠢ ᠪᠥᠬᠦ | ᠬᠥᠴᠤᠨ ᠢᠶᠠᠷ ᠲᠥᠯᠬᠢᠨ ᠠᠬᠢᠭᠤᠯᠵᠤ᠂ ᠬᠥᠭᠵᠢᠯᠲᠡ ᠶᠢᠨ ᠤᠷᠴᠢᠨ ᠲᠤᠭᠤᠷᠢᠨ ᠰᠠᠶᠢᠨ᠂ ᠠᠵᠤ ᠤᠢᠢᠯᠡᠰ ᠤᠨ | ᠴᠤᠭᠯᠠᠷᠠᠯ ᠴᠢᠩᠭ᠎ᠠ᠂ ᠰᠢᠨ᠎ᠡ ᠶᠢ ᠡᠭᠦᠳᠬᠦ ᠴᠢᠳᠠᠪᠤᠷᠢ ᠬᠢᠭᠡᠳ ᠭᠤᠤᠯᠯᠠᠭᠴᠢ ᠥᠷᠢᠰᠦᠯᠳᠦᠬᠦ ᠴᠢᠳᠠᠪᠤᠷᠢ ᠴᠢᠩᠭ᠎ᠠ ︽ | ᠠᠮᠢ ᠠᠬᠤᠢ ᠶᠢᠨ ᠠᠵᠤ ᠤᠢᠢᠯᠡᠰᠵᠢᠯᠳᠡ᠂ ᠠᠵᠤ ᠤᠢᠢᠯᠡᠰ ᠤᠨ ᠠᠮᠢ ᠠᠬᠤᠢᠢᠵᠢᠯᠳᠠ︾ ᠶᠢᠨ ᠵᠢᠱᠢᠶ᠎ᠡ ᠥᠵᠡᠭᠦᠯᠬᠦ | ᠬᠥᠷᠢᠶᠡᠯᠡᠩ ᠲᠤᠭᠤᠷᠢᠭ ᠢ ᠴᠤᠭᠴᠠᠯᠠᠵᠤ ᠪᠤᠢ᠃ | ᠬᠤᠷᠠᠯ ᠳᠡᠭᠡᠷ᠎ᠡ᠂ ᠬᠥᠯᠤᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠤᠷᠤᠨ ᠠᠷᠠᠯᠵᠢᠶᠠᠴᠢᠨ | ᠤᠷᠢᠬᠤ ᠲᠠᠨᠢᠯᠴᠠᠭᠤᠯᠭ᠎ᠠ ᠪᠤᠯᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠥᠰᠤᠯ ᠤᠨ ᠲᠠᠶᠢᠯᠤᠮᠵᠢ | ᠬᠢᠭᠰᠡᠨ ᠤ ᠳᠠᠷᠠᠭ᠎ᠠ᠂ ᠳᠤᠮᠳᠠᠳᠤ ᠤᠯᠤᠰ ᠤᠨ ᠨᠡᠭᠡᠭᠡᠯᠳᠡ ᠶᠢᠨ ᠤᠷᠤᠨ ᠤ ᠨᠡᠶᠢᠭᠡᠮᠯᠢᠭ᠂ ᠴᠢᠩᠬᠤᠸᠠ ᠶᠡᠭᠡ | ᠰᠤᠷᠭᠠᠭᠤᠯᠢ ᠶᠢᠨ ᠤᠷᠴᠢᠨ ᠲᠤᠭᠤᠷᠢᠨ ᠤ ᠳᠡᠭᠡᠳᠤ ᠰᠤᠷᠭᠠᠭᠤᠯᠢ ᠲᠠᠢ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠦᠭ ᠵᠢᠷᠤᠵᠠᠢ︔ ᠬᠤᠳᠠ ᠶᠢᠨ ᠵᠠᠰᠠᠭ ᠤᠨ ᠤᠷᠳᠤᠨ ᠤ ᠭᠠᠳᠠᠷ | ᠤᠷᠤᠨ ᠳᠤ ᠰᠠᠭᠤᠭ᠎ᠠ ᠬᠠᠷᠢᠯᠴᠠᠬᠤ ᠭᠠᠵᠠᠷ ᠵᠢᠴᠢ ᠬᠤᠳᠠᠯᠳᠤᠭᠠᠨ ᠤ ᠡᠪᠯᠡᠯ ᠨᠡᠶᠢᠭᠡᠮᠯᠢᠭ ᠤᠨ ᠲᠥᠯᠤᠭᠡᠯᠡᠭᠴᠢ | ᠲᠤᠰᠪᠤᠷᠢ ᠪᠠᠶᠠᠷ ᠤᠨ ᠥᠭᠡ ᠬᠡᠯᠡᠵᠡᠢ᠃ | ᠬᠤᠳᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ ᠮᠥᠴᠢᠷ᠂ ᠬᠠᠶᠢᠯᠠᠷ ᠳᠤᠭᠤᠷᠢᠭ᠂ ᠡᠯ᠎ᠡ ᠭᠠᠵᠠᠷ | ᠤᠷᠤᠨ ᠤ ᠬᠤᠳᠠᠯᠳᠤᠭᠠᠨ ᠤ ᠡᠪᠯᠡᠯ ᠨᠡᠶᠢᠭᠡᠮᠯᠢᠭ ᠵᠡᠷᠭᠡ ᠰᠠᠯᠠᠭ᠎ᠠ ᠮᠥᠴᠢᠷ ᠨᠢᠭᠡᠴᠢ ᠶᠢᠨ 220 ᠭᠠᠷᠤᠢ ᠬᠥᠮᠤᠨ | ᠬᠠᠮᠢᠶ᠎ᠠ ᠪᠥᠬᠦᠢ ᠠᠵᠢᠯᠯᠠᠭ᠎ᠠ ᠳᠤ ᠤᠷᠤᠯᠴᠠᠵᠠᠢ᠃ | |