ᠵᠠᠯᠠᠶᠢᠨᠠᠭᠤᠷ ᠲᠣᠭᠤᠷᠢᠭ ᠤᠨ ᠷᠦᠩ ᠰᠢᠨ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/21
    9 ᠰᠠᠷ᠎ᠠ ᠶᠢᠨ 18 ᠤ ᠦᠳᠡ ᠶᠢᠨ ᠡᠮᠦᠨ᠎ᠡ᠂ ᠷᠦᠩ ᠰᠢᠨ ᠪᠠᠭ᠎ᠠ ᠰᠤᠷᠭᠠᠭᠤᠯᠢ ᠶᠢᠨ ᠪᠦᠬᠦ ᠰᠢᠨᠵᠢᠯᠡᠬᠦ ᠤᠬᠠᠭᠠᠨ ᠤ ᠪᠠᠭᠰᠢ ᠬᠤᠶᠠᠳᠤᠭᠠᠷ ᠳᠠᠪᠬᠤᠷᠯᠢᠭ ᠤᠨ ᠤᠯᠠᠨ ᠵᠠᠭᠤᠴᠢᠳᠤ ᠬᠢᠴᠢᠶᠡᠯ ᠤᠨ ᠭᠡᠷ ᠲᠤ 2020 ᠣᠨ ᠤ ᠨᠠᠮᠤᠷ ᠤᠨ ᠤᠯᠠᠷᠢᠯ ᠤᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠠᠵᠢᠯ ᠤᠨ ᠬᠤᠷᠠᠯ  ᠬᠤᠷᠠᠯᠳᠤᠪᠠ᠂ ᠡᠨᠡ ᠪᠣᠯ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠵᠢᠭᠠᠨ ᠰᠤᠳᠤᠯᠬᠤ ᠲᠠᠰᠤᠭ ᠤᠨ ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠤᠨ ᠳᠠᠷᠠᠭᠠᠬᠢ ᠨᠢᠭᠡ ᠤᠳᠠᠭᠠᠨ ᠤ ᠬᠤᠷᠠᠯ ᠪᠣᠯᠤᠨ᠎ᠠ᠃ ᠰᠤᠷᠭᠠᠨ ᠬᠥᠮᠦᠵᠢᠯ ᠤᠨ ᠲᠣᠪᠴᠢᠶᠠᠨ ᠤ ᠵᠢᠭᠠᠨ ᠰᠤᠳᠤᠯᠬᠤ ᠲᠠᠰᠤᠭ ᠤᠨ ᠵᠢᠭᠠᠨ ᠰᠤᠷᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠪᠠ ᠰᠤᠷᠤᠯᠴᠠᠬᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠪᠣᠳᠠᠲᠠᠶ ᠠᠵᠢᠯ ᠢ ᠲᠣᠬᠢᠷᠠᠭᠤᠯᠵᠤ᠂ ᠷᠦᠩ ᠰᠢᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ᠂ ᠪᠦᠲᠦᠮᠵᠢᠲᠡᠶ ᠶᠠᠪᠤᠭᠳᠠᠭᠤᠯᠬᠤ ᠬᠡᠷᠡᠭᠲᠡᠶ  ᠃    ᠬᠤᠷᠠᠯ ᠳᠡᠭᠡᠷ᠎ᠡ᠂ ᠵᠠᠩ ᠯᠠᠨ ᠯᠠᠨ ᠡᠷᠬᠢᠯᠡᠭᠴᠢ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠵᠢᠭᠠᠨ ᠰᠤᠷᠭᠠᠯᠲᠠ ᠰᠤᠳᠤᠯᠬᠤ ᠲᠠᠰᠤᠭ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠤ ᠰᠢᠨᠵᠢᠯᠡᠭᠡᠨ ᠤ ᠠᠵᠢᠯ ᠤᠨ ᠲᠣᠬᠢᠷᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠣᠯᠠᠨ ᠢ ᠳᠠᠭᠠᠭᠤᠯᠤᠨ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠠᠶ᠃ ᠷᠦᠩ ᠰᠢᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠤᠨ ᠬᠢᠴᠢᠶᠡᠯ ᠪᠡᠯᠡᠳᠬᠡᠬᠦ᠂ ᠬᠢᠴᠢᠶᠡᠯ ᠬᠢᠬᠦ᠂ ᠳᠠᠰᠬᠠᠯ ᠢ ᠵᠠᠰᠠᠨ ᠥᠭᠡᠷᠡᠴᠢᠯᠡᠬᠦ᠂ ᠰᠤᠷᠤᠭᠴᠢ ᠶᠢ ᠦᠨᠡᠯᠡᠬᠦ᠂ ᠴᠢᠳᠠᠪᠤᠷᠢ ᠶᠢ ᠬᠥᠮᠦᠵᠢᠭᠦᠯᠬᠦ ᠵᠡᠷᠭᠡ ᠲᠠᠯ᠎ᠠ ᠪᠠᠷ ᠨᠠᠷᠢᠨ ᠨᠢᠮᠪᠠᠢ ᠱᠠᠭᠠᠷᠳᠠᠯᠭ᠎ᠠ ᠲᠠᠯᠪᠢᠪᠠ᠃ ᠪᠠᠭᠰᠢ ᠨᠠᠷ ᠢ ᠬᠠᠮᠲᠤ ᠪᠠᠷ ᠬᠢᠴᠢᠶᠡᠯ ᠪᠡᠯᠡᠳᠬᠡᠬᠦ ᠴᠠᠭ ᠢ ᠭᠦᠢᠴᠡᠳ ᠠᠰᠢᠭᠯᠠᠵᠤ᠂ ᠰᠠᠨᠠᠯ ᠢᠶᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠶᠢᠨ ᠬᠢᠴᠢᠶᠡᠯ ᠣᠷᠣᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠲᠤᠷᠰᠢᠯᠲᠠ ᠶᠢᠨ ᠲᠠᠰᠤᠭ ᠵᠢᠴᠢ ᠲᠤᠷᠰᠢᠯᠲᠠ ᠶᠢᠨ ᠬᠡᠮᠵᠢᠭᠦᠷᠯᠢᠭ ᠤᠨ ᠬᠡᠷᠡᠭᠯᠡᠯᠲᠡ ᠶᠢᠨ ᠨᠣᠷᠮ᠎ᠠ ᠶᠢᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠢᠯᠢᠳᠡᠭᠵᠢᠭᠦᠯᠵᠦ᠂ ᠲᠤᠷᠰᠢᠯᠲᠠ ᠨᠢᠭᠡᠪᠦᠷᠢ ᠶᠢ ᠬᠢᠨᠠᠮᠠᠭᠠᠶ ᠰᠠᠶᠢᠨ ᠬᠢᠵᠦ᠂ ᠲᠤᠷᠰᠢᠯᠲᠠ ᠶᠢᠨ ᠬᠡᠷᠡᠭᠰᠡᠯ ᠢ ᠵᠥᠪ ᠬᠡᠷᠡᠭᠯᠡᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠰᠤᠷᠬᠤ᠂ ᠰᠢᠨᠵᠢᠯᠡᠬᠦ ᠤᠬᠠᠭᠠᠨ ᠬᠡᠷᠡᠭᠯᠡᠬᠦ ᠳᠤᠷ᠎ᠠ ᠰᠣᠨᠢᠷᠬᠠᠯ ᠢ ᠬᠥᠮᠦᠵᠢᠭᠦᠯᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠬᠠᠶᠢᠷᠠᠯᠠᠬᠤ ᠰᠡᠳᠬᠢᠯᠭᠡ ᠶᠢ ᠬᠥᠭᠵᠢᠭᠡᠨ᠎ᠡ᠃
       ᠷᠦᠩ ᠰᠢᠨ ᠪᠠᠭ᠎ᠠ ᠰᠤᠷᠭᠠᠭᠤᠯᠢ ᠶᠢᠨ ᠪᠦᠬᠦ ᠰᠢᠨᠵᠢᠯᠡᠬᠦ ᠤᠬᠠᠭᠠᠨ ᠤ ᠪᠠᠭᠰᠢ ᠨᠡᠩ ᠲᠡᠭᠦᠰ ᠲᠡᠭᠦᠯᠳᠡᠷ ᠵᠣᠷᠢᠭ ᠰᠠᠨᠠᠭ᠎ᠠ ᠪᠠᠷ ᠬᠤᠶᠢᠰᠢᠳᠠ ᠶᠢᠨ ᠵᠢᠭᠠᠨ ᠰᠤᠷᠭᠠᠯᠲᠠ ᠶᠢᠨ ᠠᠵᠢᠯ ᠳᠤ ᠣᠷᠣᠯᠴᠠᠵᠤ᠂ ᠷᠦᠩ ᠰᠢᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠤᠨ᠎ᠠ᠃
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号