︽ᠬᠤᠳᠠ ᠶᠢᠨ ᠨᠠᠶᠢᠳᠠ ᠶᠢᠨ ᠵᠠᠮ ᠬᠠᠷᠢᠯᠴᠠᠭ᠎ᠠ ᠶᠢ ᠲᠡᠷᠢᠬᠦᠨ ᠳᠤ ᠬᠦᠭᠵᠢᠬᠦᠯᠬᠦ ᠲᠤᠬᠠᠢ ᠳᠦᠷᠦ ᠶᠢᠨ | ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠦᠷᠦ ᠳᠠᠷᠬᠠᠭᠠᠭᠰᠠᠨ ﹇2012﹈ 64 ᠲᠤᠭᠠᠲᠤ︶᠂ ︽ | ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠷᠢᠬᠦᠨ ᠳᠤ ᠬᠦᠭᠵᠢᠬᠦᠯᠬᠦ ᠲᠤᠬᠠᠢ ᠦᠪᠦᠷ ᠮᠤᠩᠭᠤᠯ ᠤᠨ | ᠠᠷᠠᠳ ᠤᠨ ᠵᠠᠰᠠᠭ ᠤᠨ ᠤᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2013﹈ 108 ᠲᠤᠭᠠᠳᠤ︶ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ | ᠬᠠᠮᠢᠶᠠᠷᠤᠯᠳᠠ ᠶᠢ ᠴᠢᠩᠭᠠᠳᠬᠠᠵᠤ᠂ ᠬᠤᠳᠠ ᠶᠢᠨ ᠨᠠᠶᠢᠲᠡ ᠶᠢᠨ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠤ | ᠂ ᠨᠡᠶᠢᠲᠠ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ | ᠶᠠᠪᠤᠵᠤ ᠰᠠᠭᠤᠬᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠶᠢᠨ ᠳᠦᠯᠦᠬᠡ᠂ ᠬᠤᠳᠠ ᠶᠢᠨ ᠨᠠᠮ ᠤᠨ ᠬᠤᠷᠢᠶ᠎ᠡ᠂ | ᠵᠠᠰᠠᠭ ᠤᠨ ᠤᠷᠳᠤᠨ ᠠᠴᠠ ᠬᠦᠯᠦᠨ ᠪᠤᠶᠢᠷ ᠬᠤᠲᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ | ᠬᠠᠮᠢᠶᠠᠷᠤᠯᠳᠠ ᠶᠢᠨ ᠠᠷᠭ᠎ᠠ ᠶᠢ ᠲᠤᠭᠲᠠᠭᠠᠬᠤ ᠪᠠᠷ ᠰᠢᠢᠳᠴᠦ᠂ ᠬᠦᠯᠦᠨ ᠪᠤᠶᠢᠷ ᠬᠤᠳᠠ ᠶᠢᠨ ᠵᠠᠮ ᠳᠡᠭᠡᠭᠡᠪᠦᠷᠢ ᠶᠢᠨ | ᠲᠤᠪᠴᠢᠶᠠᠨ ᠳᠤ ᠨᠠᠶᠢᠷᠠᠭᠤᠯᠤᠨ ᠵᠤᠬᠢᠶᠠᠬᠤ ᠡᠬᠦᠷᠬᠡ ᠳᠤᠬᠢᠷᠠᠭᠤᠯᠪᠠ᠃ | ᠨᠢᠭᠡ ᠂ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠰᠡᠳᠬᠢᠮᠵᠢ | ᠨᠢᠭᠡ ᠳᠤ᠂ ᠬᠤᠳᠠ ᠶᠢᠨ ᠨᠠᠶᠢᠲᠡ ᠶᠢᠨ ᠵᠠᠮ ᠬᠠᠷᠢᠯᠴᠠᠭᠠᠨ ᠤ ᠡᠷᠡᠬᠦᠯ ᠢᠶᠠᠷ ᠬᠦᠭᠵᠢᠬᠦ ᠶᠢ ᠠᠬᠢᠭᠤᠯᠬᠤ ᠠᠴᠠ | ᠪᠤᠳᠤᠯᠬᠢᠯᠠᠨ᠂ ᠬᠤᠲᠠ ᠶᠢᠨ ᠨᠡᠶᠢᠲᠠ ᠶᠢᠨ ᠵᠠᠮ ᠬᠠᠷᠢᠯᠴᠠᠭ᠎ᠠ ᠶᠢ ᠳᠡᠷᠢᠬᠦᠨ ᠳᠤ ᠬᠦᠭᠵᠢᠬᠦᠯᠬᠦ ᠪᠠᠶᠢᠯᠳᠤᠬᠤ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠨᠡᠶᠢᠲᠡ ᠶᠢᠨ ᠵᠠᠮ ᠬᠠᠷᠢᠯᠴᠠᠭᠠᠨ ᠤ | ᠲᠦᠯᠦᠪᠵᠢᠬᠦᠯᠬᠡ ᠶᠢᠨ ᠪᠦᠲᠦᠬᠡᠨ ᠪᠠᠶᠢᠭᠤᠯᠤᠯᠳᠠ᠂ ᠳᠡᠭᠡᠭᠡᠪᠦᠷᠢᠯᠡᠨ ᠡᠵᠡᠩᠨᠡᠬᠦ ᠬᠠᠮᠢᠶᠠᠷᠤᠯᠲᠠ᠂ ᠪᠢᠯᠧᠲ ᠤᠨ ᠦᠨ᠎ᠡ | ᠲᠤᠭᠳᠠᠭᠠᠯ᠂ ᠡᠳ᠋ ᠤᠨ ᠵᠠᠰᠠᠭ ᠤᠨ ᠨᠦᠬᠦᠪᠦᠷᠢ ᠵᠡᠷᠬᠡ ᠲᠠᠯ᠎ᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ | ᠬᠤᠶᠠᠷ ᠲᠤ ᠤᠯᠠᠨ ᠲᠦᠮᠡᠨ ᠤ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠶᠢ ᠬᠠᠩᠭᠠᠬᠤ ᠠᠴᠠ ᠪᠤᠳᠤᠯᠬᠢᠯᠠᠨ᠂ | ᠡᠯ᠎ᠡ ᠵᠦᠢᠯ ᠤᠨ ᠶᠠᠪᠤᠵᠤ ᠰᠠᠭᠤᠬᠤ ᠠᠷᠭ᠎ᠠ ᠬᠡᠯᠪᠡᠷᠢ᠂ ᠠᠳᠠᠯᠢ ᠪᠤᠰᠤ ᠨᠡᠶᠢᠳᠠ ᠶᠢᠨ ᠵᠠᠮ ᠬᠠᠷᠢᠯᠴᠠᠭᠠᠨ ᠤ ᠠᠷᠭ᠎ᠠ | ᠬᠡᠯᠪᠡᠷᠢ ᠶᠢᠨ ᠬᠤᠭᠤᠷᠤᠨᠳᠤᠬᠢ ᠨᠢᠬᠡᠳᠦᠯᠳᠡᠢ ᠵᠤᠬᠢᠴᠠᠭᠤᠯᠭ᠎ᠠ ᠶᠢ ᠴᠢᠬᠤᠯᠠᠴᠢᠯᠠᠵᠤ᠂ ᠬᠤᠳᠠ ᠶᠢᠨ ᠨᠡᠶᠢᠳᠠ ᠶᠢᠨ ᠵᠠᠮ | ᠳᠡᠭᠡᠭᠡᠪᠦᠷᠢ ᠶᠢᠨ ᠦᠢᠯᠡᠴᠢᠯᠡᠬᠡᠨ ᠤ ᠶᠡᠷᠦᠩᠭᠡᠢ ᠬᠢᠷᠢ ᠲᠦᠪᠰᠢᠨ ᠢ ᠳᠡᠭᠡᠭᠰᠢᠯᠡᠬᠦᠯᠵᠦ᠂ ᠤᠯᠠᠨ ᠳᠦᠮᠡᠨ ᠤ ᠶᠠᠪᠤᠵᠤ | ᠰᠠᠭᠤᠬᠤ ᠳᠤ ᠳᠦᠬᠦᠮ ᠦᠵᠡᠬᠦᠯᠦᠨ᠂ ᠬᠤᠳᠠ ᠶᠢᠨ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠤᠨ᠎ᠠ᠃ | ᠭᠤᠷᠪᠠ ᠳᠤ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠡᠵᠡᠩᠨᠡᠯᠲᠡ ᠶᠢ ᠪᠤᠳᠤᠯᠬᠢᠯᠠᠨ᠂ | ᠡᠳᠦᠷ ᠳᠤᠲᠤᠮ ᠤᠨ ᠪᠠ ᠪᠠᠴᠢᠮ ᠪᠠᠶᠢᠳᠠᠯ ᠢ ᠠᠷᠭᠠᠴᠠᠭᠠᠬᠤ ᠬᠤᠶᠠᠷ ᠲᠠᠯ᠎ᠠ ᠠᠴᠠ ᠭᠠᠷᠳᠠᠨ᠂ ᠵᠠᠰᠠᠭ ᠤᠨ ᠤᠷᠳᠤᠨ᠂ | ᠡᠵᠡᠩᠨᠡᠯᠲᠡ ᠶᠢᠨ ᠠᠵᠤ ᠠᠬᠤᠶᠢᠯᠠᠯ ᠪᠠ ᠨᠠᠶᠢᠬᠡᠮ ᠤᠯᠠᠨ ᠳᠦᠮᠡᠨ ᠤ ᠠᠮᠤᠷ ᠲᠦᠪᠰᠢᠨ ᠤ ᠬᠠᠷᠢᠭᠤᠴᠠᠯᠭ᠎ᠠ᠂ | ᠡᠬᠦᠷᠬᠡ ᠶᠢ ᠲᠤᠳᠤᠷᠬᠠᠶᠢᠯᠠᠬᠤ ᠶᠢᠨ ᠬᠠᠮᠲᠤ ᠠᠮᠤᠷ ᠳᠦᠪᠰᠢᠨ ᠬᠠᠮᠢᠶᠠᠷᠤᠯᠲᠠ ᠶᠢᠨ ᠤᠨᠤᠯᠵᠢᠬᠤᠨ ᠢ | ᠳᠦᠯᠦᠪᠵᠢᠬᠦᠯᠬᠡ᠂ ᠪᠦᠲᠦᠬᠡᠨ ᠪᠠᠶᠢᠭᠤᠯᠤᠯᠳᠠ ᠪᠠ ᠡᠵᠡᠩᠨᠡᠯᠳᠡ ᠶᠢᠨ ᠡᠯ᠎ᠡ ᠬᠦᠷᠢᠶ᠎ᠠ ᠴᠠᠷᠠᠭᠠᠨ ᠳᠤ ᠨᠡᠪᠳᠡᠷᠡᠬᠦᠯᠵᠤ᠂ | ᠤᠯᠠᠨ ᠳᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠳᠤᠯᠠᠨ᠎ᠠ᠃ | ᠬᠤᠶᠠᠷ᠂ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠵᠠᠷᠴᠢᠮ | 1. ᠵᠤᠬᠢᠴᠠᠩᠭᠤᠢ ᠴᠢᠨᠠᠷ ᠤᠨ ᠵᠠᠷᠴᠢᠮ ᠬᠤᠳᠠ ᠶᠢᠨ ᠨᠡᠶᠢᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠳᠠ ᠶᠢᠨ ᠵᠠᠮ ᠳᠡᠭᠡᠭᠡᠪᠦᠷᠢ ᠶᠢᠨ ᠡᠵᠡᠩᠨᠡᠯᠳᠡ ᠶᠢᠨ ᠠᠷᠭ᠎ᠠ ᠮᠠᠶ᠋ᠢᠭ᠂ | ᠱᠤᠭᠤᠮ ᠤᠨ ᠰᠦᠯᠵᠢᠶᠡᠨ ᠤ ᠪᠦᠲᠦᠴᠡ᠂ ᠨᠡᠶᠢᠲᠡ ᠶᠢᠨ ᠵᠠᠮ ᠬᠠᠷᠢᠯᠴᠠᠭᠠᠨ ᠤ ᠪᠦᠷᠬᠦᠯᠲᠡ ᠶᠢᠨ ᠤᠷᠤᠨ | ᠪᠦᠰᠡ ᠶᠢᠨ ᠦᠷᠭᠡᠴᠡ ᠪᠠ ᠬᠦᠨᠴᠡ ᠠᠴᠠ ᠶᠡᠷᠦᠩᠭᠡᠶᠢᠯᠡᠨ ᠪᠤᠳᠤᠯᠬᠢᠯᠠᠵᠤ᠂ ᠬᠤᠲᠠ ᠶᠢᠨ ᠶᠡᠷᠦᠩᠭᠡᠶᠢᠯᠡᠭᠰᠡᠨ ᠵᠠᠮ | ᠬᠠᠷᠢᠯᠴᠠᠭ᠎ᠠ ᠨᠢ ᠬᠤᠳᠠ ᠶᠢᠨ ᠶᠡᠷᠦᠩᠭᠡᠶᠢᠯᠡᠭᠰᠡᠨ ᠨᠡᠶᠢᠲᠡ ᠶᠢᠨ ᠵᠠᠮ ᠬᠠᠷᠢᠯᠴᠠᠭ᠎ᠠ ᠲᠠᠢ ᠬᠠᠷᠢᠯᠴᠠᠨ ᠵᠤᠬᠢᠴᠠᠩᠭᠤᠢ | ᠪᠠᠶᠢᠬᠤ ᠬᠡᠷᠡᠭᠳᠡᠢ᠃ | 2. ᠰᠢᠰᠲ᠋ᠧᠮᠵᠢ ᠴᠢᠨᠠᠷ ᠤᠨ ᠵᠠᠷᠴᠢᠮ ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ | ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ᠂ | ᠬᠦᠭᠵᠢᠯᠳᠡ ᠶᠢᠨ ᠨᠦᠬᠦᠴᠡᠯ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠪᠠ ᠳᠦᠷᠦ ᠶᠢᠨ ᠪᠤᠳᠤᠯᠭ᠎ᠠ ᠶᠢᠨ | ᠲᠤᠭᠳᠠᠯᠴᠠᠭ᠎ᠠ ᠵᠡᠷᠬᠡ ᠠᠭᠤᠯᠭ᠎ᠠ ᠶᠢ ᠶᠡᠷᠦᠩᠭᠡᠶᠢᠯᠡᠨ ᠪᠤᠳᠤᠯᠬᠢᠯᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ | ᠪᠠ ᠪᠤᠰᠤᠳ ᠠᠶᠠᠨᠴᠢᠨ ᠤ ᠳᠡᠬᠡᠬᠡᠪᠦᠷᠢ ᠶᠢᠨ ᠠᠷᠭ᠎ᠠ ᠬᠡᠯᠪᠡᠷᠢ ᠶᠢ ᠬᠠᠷᠢᠯᠴᠠᠨ ᠵᠤᠯᠭᠠᠭᠤᠯᠬᠤ ᠶᠢ ᠴᠢᠩᠭᠠᠳᠬᠠᠬᠤ | ᠬᠡᠷᠡᠭᠳᠡᠢ᠃ | 3. ᠬᠡᠷᠡᠭᠯᠡᠬᠡᠨ ᠳᠤ ᠲᠤᠬᠢᠷᠠᠯᠴᠠᠬᠤ ᠴᠢᠨᠠᠷ ᠤᠨ ᠵᠠᠷᠴᠢᠮ ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ | ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠳᠠ ᠶᠢᠨ ᠭᠦᠮᠦᠨ ᠠᠮᠠ ᠶᠢᠨ ᠬᠡᠪᠴᠢᠶᠡᠵᠢᠯ ᠪᠠ | ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ ᠢ ᠶᠡᠷᠦᠩᠭᠡᠶᠢᠯᠡᠨ ᠪᠤᠳᠤᠯᠬᠢᠯᠠᠵᠤ᠂ ᠬᠤᠳᠠ ᠶᠢᠨ ᠵᠠᠮ | ᠬᠠᠷᠢᠯᠴᠠᠭᠠᠨ ᠤ ᠬᠦᠭᠵᠢᠯᠳᠡ ᠶᠢᠨ ᠤᠨᠴᠠᠯᠢᠭ ᠲᠠᠢ ᠤᠶᠠᠯᠳᠤᠭᠤᠯᠤᠨ᠂ ᠭᠠᠵᠠᠷ ᠬᠡᠷᠡᠭᠯᠡᠬᠦ ᠨᠦᠬᠦᠴᠡᠯ᠂ ᠪᠡᠯᠡ | ᠤᠷᠤᠭᠤᠯᠬᠤ ᠴᠢᠳᠠᠪᠤᠷᠢ ᠵᠡᠷᠬᠡ ᠬᠦᠴᠦᠨ ᠵᠦᠢᠯ ᠢ ᠬᠦᠢᠴᠡᠳ ᠪᠤᠳᠤᠯᠬᠢᠯᠠᠨ᠂ ᠭᠠᠵᠠᠷ ᠤᠷᠤᠨ ᠤ ᠪᠠᠶᠢᠳᠠᠯ ᠳᠤ ᠪᠠᠨ | ᠳᠤᠬᠢᠷᠠᠭᠤᠯᠤᠨ ᠰᠢᠨᠵᠢᠯᠡᠬᠦ ᠤᠬᠠᠭᠠᠨᠴᠢ ᠵᠦᠢ ᠶᠤᠰᠤᠨ ᠤ᠂ ᠦᠨᠡᠨ ᠬᠦ ᠬᠡᠷᠡᠭᠵᠢᠬᠦᠯᠦᠬᠦᠰᠢᠳᠡᠢ᠂ ᠵᠤᠬᠢᠬᠤ | ᠬᠡᠮᠵᠢᠶ᠎ᠠ ᠪᠠᠷ ᠤᠷᠢᠳᠴᠢᠯᠠᠭᠰᠠᠨ ᠬᠠᠮᠢᠶᠠᠷᠤᠯᠳᠠ ᠶᠢᠨ ᠲᠦᠰᠦᠯ ᠲᠤᠭᠲᠠᠭᠠᠬᠤ ᠬᠡᠷᠡᠭᠳᠡᠢ᠃ | 4. ᠨᠡᠬᠡᠬᠡᠯᠳᠡᠳᠤ ᠴᠢᠨᠠᠷ ᠤᠨ ᠵᠠᠷᠴᠢᠮ ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ | ᠠᠷᠭ᠎ᠠ ᠶᠢ ᠨᠠᠶᠢᠷᠠᠭᠤᠯᠬᠤ ᠳᠤ ᠠᠵᠢᠯ ᠲᠦᠷᠦᠯ ᠤᠨ ᠲᠤᠰᠬᠠᠢ ᠮᠡᠷᠬᠡᠵᠢᠯᠳᠡᠨ ᠪᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠰᠠᠨᠠᠯ ᠢ ᠦᠷᠬᠡᠨ ᠢᠶᠠᠷ ᠬᠤᠷᠢᠶᠠᠨ᠂ ᠰᠠᠨᠠᠯ ᠵᠦᠪᠯᠡᠯᠬᠡ ᠶᠢ ᠬᠦᠢᠴᠡᠳ ᠬᠦᠯᠢᠶᠡᠨ ᠠᠪᠴᠤ᠂ ᠨᠠᠷᠢᠨ | ᠬᠢᠨᠠᠮᠠᠭᠠᠢ ᠰᠤᠳᠤᠯᠤᠨ ᠨᠤᠳᠠᠯᠠᠵᠤ᠂ ᠬᠠᠮᠢᠶᠠᠷᠤᠯᠳᠠ ᠶᠢᠨ ᠲᠦᠰᠦᠯ ᠢ ᠪᠦᠷᠢᠯᠳᠦᠭᠦᠯᠬᠦ ᠬᠡᠷᠡᠭᠲᠡᠢ᠃ | ᠭᠤᠷᠪᠠ᠂ ᠬᠠᠮᠢᠶᠠᠷᠣᠯᠲᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠦᠨᠳᠦᠰᠦᠯᠡ᠊ᠯ | ︵ᠨᠢᠭᠡ︶ ᠤᠯᠤᠰ ᠤᠨ ᠬᠠᠮᠢᠶ᠎ᠠ ᠪᠦᠬᠦᠢ ᠬᠠᠤᠯᠢ ᠲᠥᠷᠢᠮ᠂ ᠰᠠᠯᠠᠭ᠎ᠠ ᠮᠦᠴᠢᠷ ᠤᠨ ᠲᠥᠷᠢᠮ ᠲᠤᠭᠲᠠᠭᠠᠯ᠂ | ᠠᠯᠪᠠᠳᠠᠯᠭ᠎ᠠ ᠶᠢᠨ ᠴᠢᠨᠠᠷ ᠲᠠᠢ ᠣᠯᠣᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠵᠡᠷᠭᠡ ᠶᠢᠨ ᠱᠠᠭᠠᠷᠳᠠᠯᠭ᠎ᠠ︔ | | ︵ᠬᠤᠶᠠᠷ︶ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠲᠡᠷᠢᠭᠦᠨ ᠳᠤ ᠬᠦᠭᠵᠢᠭᠦᠯᠬᠦ ᠲᠤᠬᠠᠢ ᠲᠥᠷᠥ ᠶᠢᠨ | ᠶᠠᠪᠤᠲᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2012﹈ 64 ᠲᠤᠭᠠᠳᠤ︶᠂ ︽ | ᠬᠤᠲᠠ ᠶᠢᠨ ᠨᠡᠶᠢᠲᠡ ᠶᠢᠨ ᠵᠠᠮ ᠤᠨ ᠬᠠᠷᠢᠯᠴᠠᠭ᠎ᠠ ᠶᠢ ᠤᠷᠢᠳ ᠢᠶᠠᠷ ᠬᠦᠭᠵᠢᠭᠦᠯᠬᠦ ᠲᠤᠬᠠᠢ ᠥᠪᠦᠷ ᠮᠣᠩᠭᠤᠯ ᠤᠨ | ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠥᠪᠦᠷ ᠵᠠᠰᠠᠭ ᠲᠠᠷᠬᠠᠭᠠᠭᠰᠠᠨ ﹇ | 2013﹈ 108 ᠳ᠋ᠤᠭᠠᠷ ᠨᠣᠮᠧᠷ︶᠂ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠦᠯᠦᠪᠯᠡᠯᠭᠡ | ᠨᠠᠶᠢᠷᠠᠭᠤᠯᠤᠨ ᠵᠤᠬᠢᠶᠠᠬᠤ ᠵᠦᠭᠯᠡᠭᠦᠷ︾ ︵ᠵᠠᠮ ᠲᠡᠭᠡᠭᠡᠪᠦᠷᠢ ᠲᠠᠷᠬᠠᠭᠠᠭᠰᠠᠨ ﹇2014﹈ 236 ᠲᠤᠭᠠᠳᠤ︶᠂ | ᠵᠠᠮ ᠲᠡᠭᠡᠭᠡᠪᠦᠷᠢ ᠶᠢᠨ ᠬᠡᠯᠲᠡᠰ ᠤᠨ ︽ᠬᠤᠲᠠ ᠶᠢᠨ ᠨᠡᠶᠢᠲᠡ ᠶᠢᠨ ᠮᠠᠰᠢᠨ ᠪᠠ ᠴᠠᠬᠢᠯᠭᠠᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠬᠠᠮᠢᠶᠠᠷᠣᠯᠲᠠ ᠶᠢᠨ ᠲᠤᠭᠳᠠᠭᠠᠯ︾ ︵ᠵᠠᠮ ᠲᠡᠭᠡᠭᠡᠪᠦᠷᠢ ᠶᠢᠨ ᠬᠡᠯᠲᠡᠰ ᠤᠨ ᠵᠠᠷᠯᠢᠭ 2017 ᠣᠨ ᠤ | 5 ᠲᠤᠭᠠᠳᠤ︶ ᠵᠡᠷᠭᠡ᠃ | ᠲᠥᠷᠪᠡ᠂ ᠭᠤᠣᠯ ᠨᠠᠶᠢᠷᠠᠭᠤᠯᠤᠨ ᠵᠤᠬᠢᠶᠠᠬᠤ ᠶᠠᠪᠤᠴᠠ | ︵ᠨᠢᠭᠡ︶ 5 ᠰᠠᠷ᠎ᠠ ᠶᠢᠨ 5 ᠤ ᠡᠳᠦᠷ ᠬᠦᠯᠦᠨ ᠪᠤᠶᠢᠷ ᠬᠤᠲᠠ ᠶᠢᠨ ᠵᠠᠮ ᠲᠡᠭᠡᠭᠡᠪᠦᠷᠢ ᠶᠢᠨ ᠲᠤᠪᠴᠢᠶ᠎ᠠ ︽ | ᠬᠦᠯᠦᠨ ᠪᠤᠶᠢᠷ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠨᠤᠤᠷᠠᠭ ᠢ ᠪᠠᠶᠡᠯᠡᠭᠦᠯᠪᠡ᠃ | ︵ᠬᠤᠶᠠᠷ︶ 5 ᠰᠠᠷ᠎ᠠ ᠶᠢᠨ 16 ᠤ ᠡᠳᠦᠷ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠲᠤ ᠰᠠᠨᠠᠯ ᠬᠤᠷᠢᠶᠠᠬᠤ ᠵᠠᠬᠢᠲᠠᠯ ᠵᠢᠴᠢ ᠨᠤᠤᠷᠠᠭ ᠲᠠᠷᠬᠠᠭᠠᠪᠠ᠂ 5 ᠰᠠᠷ᠎ᠠ ᠶᠢᠨ 16 ᠤ ᠡᠳᠦᠷ - | 5 ᠰᠠᠷ᠎ᠠ ᠶᠢᠨ 30 ᠡᠳᠦᠷ ᠪᠤᠯᠲᠠᠯ᠎ᠠ ᠬᠦᠯᠦᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠡᠳ᠋ ᠤᠨ ᠵᠠᠰᠠᠭ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠬᠢᠭᠡᠳ ᠬᠤᠲᠠ ᠬᠦᠳᠡᠭᠡ ᠶᠢᠨ ᠪᠦᠳᠦᠭᠡᠨ | ᠪᠠᠶᠢᠭᠤᠯᠤᠯᠲᠠ ᠵᠡᠷᠭᠡ ᠰᠠᠯᠠᠭ᠎ᠠ ᠮᠦᠴᠢᠷ ᠬᠠᠷᠢᠭᠤ ᠲᠤᠰᠬᠠᠭᠰᠠᠨ ᠰᠠᠨᠠᠯ ᠳᠤᠷᠠᠳᠪᠠ᠃ ᠬᠤᠲᠠ ᠶᠢᠨ ᠵᠠᠮ | ᠲᠡᠭᠡᠭᠡᠪᠦᠷᠢ ᠶᠢᠨ ᠲᠤᠪᠴᠢᠶ᠎ᠠ ᠬᠠᠷᠢᠭᠤ ᠲᠤᠰᠬᠠᠭᠰᠠᠨ ᠰᠠᠨᠠᠯ ᠳᠤ ᠬᠠᠨᠳᠤᠭᠤᠯᠤᠨ ᠨᠤᠤᠷᠠᠭ ᠲᠤ ᠵᠠᠰᠠᠯᠲᠠ ᠬᠢᠬᠦ ᠶᠢᠨ | ᠬᠠᠮᠳᠤ ᠡᠯ᠎ᠠ ᠬᠠᠮᠵᠢᠯᠴᠠᠭᠰᠠᠨ ᠨᠢᠭᠡᠴᠡ ᠳᠤ ᠰᠠᠨᠠᠯ ᠬᠦᠯᠢᠶᠠᠨ ᠠᠪᠤᠭᠰᠠᠨ ᠪᠠᠶᠢᠳᠠᠯ ᠢᠶᠠᠨ ᠮᠡᠳᠡᠭᠳᠡᠪᠡ᠃ ᠮᠦᠨᠴᠦ | ᠬᠤᠲᠠ ᠶᠢᠨ ᠵᠠᠰᠠᠭ ᠤᠨ ᠤᠷᠳᠤᠨ ᠤ ᠨᠠᠷᠢᠨ ᠪᠢᠴᠢᠭᠡᠴᠢ ᠶᠢᠨ 8 ᠳ᠋ᠤᠭᠠᠷ ᠰᠠᠯᠠᠭᠠᠨ ᠳᠤ ᠮᠡᠳᠡᠭᠦᠯᠦᠨ ᠬᠦᠷᠭᠡᠪᠡ᠃ | ︵ᠭᠤᠷᠪᠠ︶ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ 9 | ᠰᠠᠷ᠎ᠠ 9 ᠤ ᠡᠳᠦᠷ ᠬᠠᠶᠢᠯᠠᠷ ᠲᠤᠭᠤᠷᠢᠭ ᠤᠨ ᠵᠠᠰᠠᠭ ᠤᠨ ᠣᠷᠳᠣᠨ ᠳᠤ ᠰᠠᠨᠠᠯ ᠬᠤᠷᠢᠶᠠᠬᠤ ᠵᠠᠬᠢᠲᠠᠯ ᠵᠢᠴᠢ | ᠵᠠᠰᠠᠭᠰᠠᠨ ᠨᠤᠤᠷᠠᠭ ᠶᠠᠪᠤᠭᠤᠯᠪᠠ᠃ 9 ᠰᠠᠷ᠎ᠠ ᠶᠢᠨ 16 ᠤ ᠡᠳᠦᠷ ᠬᠠᠶᠢᠯᠠᠷ ᠲᠤᠭᠤᠷᠢᠭ ᠤᠨ ᠵᠠᠰᠠᠭ ᠤᠨ | ᠣᠷᠳᠣᠨ ᠤ ᠬᠠᠷᠢᠭᠤ ᠲᠤᠰᠬᠠᠭᠰᠠᠨ ᠰᠠᠨᠠᠯ ᠢ ᠬᠦᠯᠢᠶᠡᠨ ᠠᠪᠴᠤ᠂ ᠵᠠᠮ ᠲᠡᠭᠡᠭᠡᠪᠦᠷᠢ ᠶᠢᠨ ᠲᠤᠪᠴᠢᠶ᠎ᠠ ᠬᠠᠷᠢᠭᠤ | ᠲᠤᠰᠬᠠᠭᠰᠠᠨ ᠰᠠᠨᠠᠯ ᠤᠨ ᠠᠭᠤᠯᠭ᠎ᠠ ᠳᠤ ᠬᠠᠨᠳᠤᠭᠤᠯᠤᠨ ᠬᠡᠰᠡᠭ ᠬᠡᠮᠵᠢᠶᠡᠨ ᠤ ᠵᠠᠰᠠᠯᠲᠠ ᠬᠢᠬᠦ ᠶᠢᠨ ᠬᠠᠮᠳᠤ ᠰᠠᠨᠠᠯ | ᠬᠦᠯᠢᠶᠡᠨ ᠠᠪᠤᠭᠰᠠᠨ ᠪᠠᠶᠢᠳᠠᠯ ᠢᠶᠠᠨ ᠮᠡᠳᠡᠭᠳᠡᠪᠡ᠃ | ᠲᠠᠪᠤ᠂ ᠵᠢᠱᠢᠯᠲᠠ ᠶᠢᠨ ᠦᠷ᠎ᠡ ᠳ᠋ᠦᠩ | ᠨᠢᠭᠡ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠦᠷᠢᠨ ᠲᠦᠬᠦᠷ ᠬᠤᠲᠠ ᠶᠢᠨ ᠨᠡᠶᠢᠲᠡ ᠶᠢᠨ ᠵᠠᠮ | ᠬᠠᠷᠢᠯᠴᠠᠭᠠᠨ ᠤ ᠲᠤᠭᠳᠠᠯᠴᠠᠭ᠎ᠠ ᠶᠢ ᠪᠠᠶᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠨᠠᠶᠢᠳᠠᠪᠤᠷᠢᠲᠠᠶ᠂ | ᠲᠦᠭᠦᠮ ᠲᠦᠲᠡ ᠦᠨᠳᠦᠷ ᠠᠰᠢᠭᠯᠠᠮᠵᠢᠲᠠᠢ᠂ ᠬᠢᠮᠳᠠ ᠲᠤᠬᠢᠯᠢᠭ᠂ ᠡᠨᠧᠷᠭᠢ ᠠᠷᠪᠢᠯᠠᠵᠤ ᠣᠷᠴᠢᠨ ᠠᠬᠤᠶ ᠶᠢ | ᠬᠠᠮᠠᠭᠠᠯᠠᠭᠰᠠᠨ ᠬᠤᠲᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠬᠠᠩᠭᠠᠵᠤ᠂ ᠣᠯᠠᠨ | ᠲᠦᠮᠡᠨ ᠤ ᠨᠡᠶᠢᠲᠡ ᠶᠢᠨ ᠵᠠᠮ ᠬᠠᠷᠢᠯᠴᠠᠭᠠᠨ ᠤ ᠬᠡᠯᠪᠡᠷᠢ ᠶᠢ ᠡᠩ ᠲᠡᠷᠢᠭᠦᠨ ᠳᠤ ᠰᠤᠩᠭᠤᠨ ᠬᠡᠷᠡᠭᠯᠡᠬᠦ ᠶᠢ ᠬᠦᠳᠦᠯᠦᠨ | ᠵᠢᠯᠤᠭᠤᠳᠤᠨ᠎ᠠ᠃ | ᠬᠤᠶᠠᠷ ᠲᠤ ᠡᠯ᠎ᠡ ᠲᠦᠷᠦᠯ ᠤᠨ ᠪᠡᠯᠡ ᠣᠷᠣᠭᠤᠯᠬᠤ ᠭᠤᠤᠯ ᠴᠤᠭᠴᠠ ᠶᠢ ᠬᠤᠲᠠ ᠶᠢᠨ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠲᠡᠭᠡᠭᠡᠪᠦᠷᠢᠯᠡᠨ ᠡᠵᠡᠩᠨᠡᠬᠦ | ᠦᠶ᠋ᠯᠡᠴᠢᠯᠡᠭᠡ ᠳᠤ ᠣᠷᠣᠯᠴᠠᠭᠤᠯᠤᠨ᠎ᠠ᠃ | ᠭᠤᠷᠪᠠ ᠳᠤ ᠰᠢᠨ᠎ᠡ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠲᠤᠨᠤᠭᠯᠠᠯ ᠲᠡᠯᠭᠡᠷᠡᠭᠦᠯᠦᠨ ᠬᠡᠷᠡᠭᠵᠢᠭᠦᠯᠦᠭᠳᠡᠵᠦ᠂ | ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠤᠶᠤᠨᠴᠢᠯᠠᠭᠰᠠᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠰᠤᠷᠠᠭ ᠵᠠᠩᠭᠢ ᠶᠢᠨ ᠮᠡᠷᠭᠡᠵᠢᠯ ᠢ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢᠯᠡᠨ | ᠡᠵᠡᠩᠨᠡᠬᠦ ᠦᠢᠯᠡᠴᠢᠯᠡᠭᠡ ᠬᠢᠭᠡᠳ ᠠᠮᠤᠷ ᠲᠦᠪᠰᠢᠨ ᠬᠠᠮᠢᠶᠠᠷᠤᠯᠲᠠ ᠶᠢᠨ ᠲᠠᠯ᠎ᠠ ᠳᠤ ᠦᠷᠭᠡᠨ ᠢᠶᠠᠷ ᠬᠡᠷᠡᠭᠯᠡᠨ᠎ᠡ᠃ | ᠲᠥᠷᠪᠡ ᠳᠤ ᠬᠤᠲᠠ ᠬᠦᠳᠡᠭᠡ ᠶᠢᠨ ᠨᠡᠶᠢᠲᠡ ᠶᠢᠨ ᠵᠠᠮ ᠬᠠᠷᠢᠯᠴᠠᠭᠠᠨ ᠤ ᠡᠬᠢ ᠪᠠᠶᠠᠯᠢᠭ ᠰᠢᠯᠢᠳᠡᠭᠵᠢᠭᠦᠯᠦᠨ | ᠲᠦᠬᠦᠷᠵᠢᠭᠦᠯᠦᠭᠳᠡᠵᠦ᠂ ᠬᠤᠲᠠ ᠬᠦᠳᠡᠭᠡ ᠶᠢᠨ ᠨᠡᠶᠢᠲᠡ ᠶᠢᠨ ᠵᠠᠮ ᠬᠠᠷᠢᠯᠴᠠᠭ᠎ᠠ ᠵᠤᠬᠢᠴᠠᠩᠭᠤᠢ ᠬᠦᠭᠵᠢᠵᠦ᠂ | ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠠᠭᠠᠵᠢᠮ ᠢᠶᠠᠷ ᠶᠡᠬᠡᠰᠦᠨ᠎ᠡ᠃ ᠬᠠᠮᠢᠶ᠎ᠠ | ᠪᠦᠬᠦᠢ ᠮᠠᠲ᠋ᠧᠷᠢᠶᠠᠯ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠪᠯᠡᠨ | ᠲᠠᠷᠬᠠᠭᠠᠭᠰᠠᠨ ︽ᠬᠦᠯᠦᠨ ᠪᠤᠶᠢᠷ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ᠮᠡᠲᠡᠭᠳᠡᠯ᠃ | |