1. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠠᠯᠢ ᠠᠯᠢ ᠪᠣᠢ︖ | ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠥᠪᠡᠷᠲᠡᠭᠡᠨ ᠵᠠᠰᠠᠬᠤ | ᠣᠷᠣᠨ ᠤ ᠬᠢᠯᠢ ᠳᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠥᠨ | ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠵᠦ ᠪᠠᠶᠢᠭ᠎ᠠ ᠵᠣᠬᠢᠶᠠᠨ ᠪᠠᠶᠢᠭᠤᠯᠤᠯᠲᠠ ︵ | ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠶᠢᠵᠤ᠂ ᠡᠭᠦᠨ ᠳᠤ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠷᠠᠮᠳᠤᠯ ᠨᠥᠬᠦᠪᠦᠷᠢ ᠪᠠ ᠲᠤᠰᠠᠭᠠᠷ ᠨᠥᠬᠦᠪᠦᠷᠢ ᠶᠢᠨ | ᠦᠢᠯᠡᠳᠬᠦᠨ ᠢ ᠵᠥᠪᠬᠡᠨ ᠮᠠᠯᠴᠢᠨ ᠪᠠ ᠮᠠᠯᠴᠢᠨ ᠤ ᠦᠢᠯᠡᠳᠪᠦᠷᠢᠯᠡᠯ ᠡᠵᠡᠩᠨᠡᠵᠦ ᠪᠠᠶᠢᠭ᠎ᠠ ᠵᠣᠬᠢᠶᠠᠨ | ᠪᠠᠶᠢᠭᠤᠯᠤᠯᠲᠠ ᠪᠠᠷ ᠬᠢᠵᠠᠭᠠᠷᠯᠠᠵᠤ᠂ ᠮᠠᠯᠴᠢᠨ ᠪᠠ ᠦᠢᠯᠡᠳᠪᠦᠷᠢᠯᠡᠯ ᠡᠵᠡᠩᠨᠡᠵᠦ ᠪᠠᠶᠢᠭ᠎ᠠ ᠮᠠᠯᠴᠢᠨ ᠤ ᠵᠣᠬᠢᠶᠠᠨ | ᠪᠠᠶᠢᠭᠤᠯᠤᠯᠲᠠ ᠶᠢᠨ ᠵᠠᠭᠠᠭ ᠢ ᠲᠣᠭᠲᠠᠭᠠᠬᠤ ᠳᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠭᠡᠷᠡᠴᠢ ᠪᠠᠶᠢᠬᠤ ᠪᠠᠷ | ᠦᠨᠳᠦᠰᠦᠯᠡᠯ ᠪᠣᠯᠭᠠᠨ᠎ᠠ᠃ ᠨᠥᠬᠦᠪᠦᠷᠢ ᠶᠢᠨ ᠡᠲᠡᠭᠡᠳ ᠳᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠪᠠᠭᠲᠠᠬᠤ ᠦᠭᠡᠢ᠃ | 2. ᠶᠠᠮᠠᠷ ᠶᠠᠮᠠᠷ ᠲᠠᠷᠢᠶᠠᠯᠠᠩ ᠤᠨ ᠮᠠᠰᠢᠨ ᠪᠠᠭᠠᠵᠢ ᠶᠢ ᠮᠠᠨ ᠤ ᠣᠷᠣᠨ ᠤ ᠨᠥᠬᠦᠪᠦᠷᠢ ᠶᠢᠨ ᠬᠡᠪᠴᠢᠶᠡᠨ ᠳᠤ | ᠣᠷᠣᠭᠤᠯᠤᠭᠰᠠᠨ ᠪᠣᠢ︖ ᠬᠠᠷᠢᠭᠤᠯᠲᠠ᠄ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠳᠠᠩᠰᠠ ᠡᠪᠬᠡᠮᠡᠯ ᠳᠤ | ᠣᠷᠣᠭᠤᠯᠤᠭᠰᠠᠨ ᠦᠢᠯᠡᠳᠬᠦᠨ ᠤ ᠬᠡᠪᠴᠢᠶ᠎ᠡ ᠳᠤ 12 ᠶᠡᠭᠡ ᠲᠥᠷᠥᠯ 26 ᠪᠠᠭ᠎ᠠ ᠲᠥᠷᠥᠯ ᠤᠨ 60 | ᠦᠢᠯᠡᠳᠬᠦᠨ ᠤ ᠭᠠᠷᠴᠠᠭ ᠪᠠᠭᠲᠠᠨ᠎ᠠ᠃ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠬᠡᠪᠴᠢᠶ᠎ᠡ ᠳᠤ 2 ᠶᠡᠭᠡ | ᠲᠥᠷᠥᠯ 3 ᠪᠠᠭ᠎ᠠ ᠲᠥᠷᠥᠯ ᠤᠨ 3 ᠦᠢᠯᠡᠳᠬᠦᠨ ᠤ ᠭᠠᠷᠴᠠᠭ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠳᠠᠩ ᠢᠶᠠᠷ ᠨᠥᠬᠦᠪᠦᠷᠢᠯᠡᠬᠦ ᠦᠢᠯᠡᠳᠬᠦᠨ ᠤ ᠬᠡᠪᠴᠢᠶ᠎ᠡ ᠳᠤ 1 ᠶᠡᠭᠡ ᠲᠥᠷᠥᠯ 3 ᠪᠠᠭ᠎ᠠ | ᠲᠥᠷᠥᠯ ᠤᠨ 10 ᠦᠢᠯᠡᠳᠬᠦᠨ ᠤ ᠭᠠᠷᠴᠠᠭ ᠪᠠᠭᠲᠠᠨ᠎ᠠ᠃ ᠨᠥᠬᠦᠪᠦᠷᠢ ᠶᠢᠨ ᠬᠡᠪᠴᠢᠶ᠎ᠡ ᠵᠢᠴᠢ ᠨᠥᠬᠦᠪᠦᠷᠢ ᠶᠢᠨ | ᠦᠢᠯᠡᠳᠬᠦᠨ ᠤ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ | ᠪᠣᠯᠣᠨ᠎ᠠ᠃ | 3. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠨᠥᠬᠦᠪᠦᠷᠢᠯᠡᠬᠦ ᠪᠠᠷᠢᠮᠵᠢᠶ᠎ᠠ ᠨᠢ ᠶᠠᠭᠤ ᠪᠣᠢ︖ | ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠳᠤ ᠲᠣᠭᠲᠠᠭᠰᠠᠨ ᠲᠣᠭᠠᠨ ᠤ | ᠨᠥᠬᠦᠪᠦᠷᠢ ᠶᠢ ᠬᠡᠷᠡᠭᠵᠢᠭᠦᠯᠵᠦ᠂ ᠪᠣᠳᠠᠲᠠᠢ ᠪᠠᠷ ᠨᠥᠬᠦᠪᠦᠷᠢᠯᠡᠬᠦ ᠮᠠᠰᠢᠨ ᠪᠠᠭᠠᠵᠢ ᠶᠢᠨ ᠨᠥᠬᠦᠪᠦᠷᠢ ᠶᠢᠨ ᠲᠤᠭ᠎ᠠ ᠶᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ | ᠪᠣᠯᠭᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ᠃ | 4. ᠣᠨ ᠤ ᠳᠣᠲᠣᠷ᠎ᠠ ᠬᠤᠳᠠᠯᠳᠤᠨ ᠠᠪᠬᠤ ᠨᠥᠬᠦᠪᠦᠷᠢ ᠶᠢᠨ ᠮᠠᠰᠢᠨ ᠪᠠᠭᠠᠵᠢ ᠶᠢᠨ ᠲᠤᠭ᠎ᠠ ᠬᠡᠮᠵᠢᠶ᠎ᠡ ᠨᠢ ᠬᠡᠳᠦᠢ | ᠪᠣᠢ︖ ᠬᠠᠷᠢᠭᠤᠯᠲᠠ᠄ 2020 ᠣᠨ ᠳᠤ᠂ ︽ᠥᠪᠥᠷ ᠮᠣᠩᠭᠤᠯ ᠤᠨ 2018 — 2020 ᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ | ᠮᠠᠯ ᠠᠵᠤ ᠠᠬᠤᠢ ᠮᠠᠰᠢᠨ ᠲᠠᠷᠬᠠᠭᠠᠭᠰᠠᠨ ︹2018︺ 115 ᠳ᠋ᠤᠭᠠᠷ ᠲᠣᠭᠠᠲᠤ︶ ᠳᠠᠬᠢ ︽ᠨᠢᠭᠡ ᠡᠷᠦᠬᠡ | ᠮᠠᠰᠢᠨ ᠬᠤᠳᠠᠯᠳᠤᠨ ᠠᠪᠤᠭᠴᠢ ᠶᠢᠨ ᠣᠨ ᠤ ᠳᠣᠲᠣᠷᠠᠬᠢ ᠬᠦᠷᠲᠡᠬᠦ ᠨᠥᠬᠦᠪᠦᠷᠢ ᠶᠢᠨ ᠮᠠᠰᠢᠨ ᠤ ᠲᠤᠭ᠎ᠠ ᠬᠡᠮᠵᠢᠶ᠎ᠡ ᠨᠢ | ᠵᠠᠷᠴᠢᠮ ᠳᠡᠭᠡᠷ᠎ᠡ ᠪᠠᠨ 1 ᠰᠠᠤᠷᠢ ᠢᠵᠢ ᠠᠴᠠ ᠳᠠᠪᠠᠭ᠋ᠤ ᠦᠭᠡᠢ᠂ ᠲᠤᠬᠠᠶᠢᠯᠠᠪᠠᠯ 1 ᠰᠠᠤᠷᠢ ᠲᠷᠠᠺᠲ᠋ᠣᠷ ᠪᠤᠶᠤ 1 | ᠰᠠᠤᠷᠢ ᠥᠪᠡᠷ ᠢᠶᠠᠨ ᠶᠠᠪᠤᠬᠤ ᠮᠠᠶ᠋ᠢᠭ ᠤᠨ ᠮᠠᠰᠢᠨ ᠮᠧᠬᠠᠨᠢᠭ ᠪᠠ 3 ᠰᠠᠭᠤᠷᠢ ᠠᠵᠢᠯ ᠤᠨ ᠮᠠᠰᠢᠨ ᠪᠠᠭᠠᠵᠢ ᠪᠣᠯᠣᠨ᠎ᠠ᠃ | ᠡᠭᠦᠨ ᠳᠤ ᠨᠥᠬᠦᠪᠦᠷᠢᠯᠡᠭᠰᠡᠨ ᠲᠠᠷᠢᠶᠠᠯᠠᠩ ᠤᠨ ᠪᠢᠴᠢᠯ ᠮᠠᠰᠢᠨ ᠤ ᠲᠤᠭ᠎ᠠ ᠨᠢ 1 ᠰᠠᠤᠷᠢ ᠠᠴᠠ ᠬᠡᠲᠦᠷᠡᠬᠦ ᠦᠭᠡᠢ︔ | ᠨᠢᠭᠡᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡᠨ ᠤ ᠣᠨ ᠤ ᠳᠣᠲᠣᠷ᠎ᠠ ᠬᠦᠷᠲᠡᠬᠦ ᠨᠥᠬᠦᠪᠦᠷᠢ ᠶᠢᠨ | ᠲᠣᠮᠣ ᠬᠡᠯᠪᠡᠷᠢ ᠶᠢᠨ ᠰᠦ ᠰᠠᠭᠠᠬᠤ ᠮᠠᠰᠢᠨ ᠤ ᠲᠤᠭ᠎ᠠ ᠨᠢ 1 ᠰᠠᠤᠷᠢ ᠠᠴᠠ ᠬᠡᠲᠦᠷᠡᠬᠦ ᠦᠭᠡᠢ︾ ᠭᠡᠬᠦ ᠲᠣᠭᠲᠠᠭᠠᠯ ᠢ | ᠵᠦᠢ ᠵᠣᠬᠢᠰᠲᠠᠢ ᠪᠠᠷ ᠠᠭᠤᠵᠢᠭᠤ ᠲᠠᠯᠪᠢᠨ᠎ᠠ᠃ ᠪᠣᠳᠠᠲᠠᠢ ᠪᠠᠷ ᠬᠡᠷᠡᠭᠵᠢᠭᠦᠯᠬᠦ ᠶᠠᠪᠤᠴᠠ ᠳᠤ᠂ ᠨᠢᠭᠡ ᠡᠷᠦᠬᠡ ᠶᠢᠨ | ᠲᠤᠬᠠᠢ ᠶᠢᠨ ᠵᠢᠯ ᠤᠨ ᠣᠯᠠᠨ ᠰᠠᠤᠷᠢ ᠢᠵᠢ ᠶᠢᠨ ᠳᠠᠪᠬᠤᠷᠳᠠᠭᠤᠯᠤᠭᠰᠠᠨ ᠨᠥᠬᠦᠪᠦᠷᠢ ᠪᠠᠷ ᠳᠡᠭᠡᠷ᠎ᠡ ᠳᠤᠷᠠᠳᠤᠭᠰᠠᠨ | ᠮᠠᠰᠢᠨ ᠪᠠᠭᠠᠵᠢ ᠶᠢ ᠬᠤᠳᠠᠯᠳᠤᠨ ᠠᠪᠬᠤ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠨᠥᠬᠦᠪᠦᠷᠢ ᠶᠢᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠪᠣᠯᠪᠠᠴᠤ᠂ | ᠭᠤᠣᠯᠳᠠᠯᠭ᠎ᠠ ᠲᠠᠢ ᠮᠠᠰᠢᠨ ᠪᠠᠭᠠᠵᠢ ᠶᠢᠨ ᠬᠠᠷᠭᠤᠭᠤᠯᠤᠨ ᠪᠠᠶᠢᠴᠠᠭᠠᠬᠤ ᠬᠡᠪᠴᠢᠶ᠎ᠡ ᠪᠠ ᠭᠤᠣᠯᠳᠠᠯᠭ᠎ᠠ ᠲᠠᠢ ᠬᠢᠨᠠᠯᠲᠠ | ᠬᠠᠮᠢᠶᠠᠷᠤᠯᠲᠠ ᠳᠤ ᠣᠷᠣᠭᠤᠯᠵᠤ᠂ ᠥᠪᠡᠰᠦᠪᠡᠨ ᠬᠤᠳᠠᠯᠳᠤᠨ ᠥᠪᠡᠰᠦᠪᠡᠨ ᠨᠥᠬᠦᠪᠦᠷᠢᠯᠡᠬᠦ᠂ ᠦᠢᠯᠡᠳᠪᠦᠷᠢᠯᠡᠯ ᠤᠨ | ᠪᠤᠰᠤ ᠪᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠬᠤᠳᠠᠯᠳᠤᠵᠤ ᠳᠠᠪᠬᠤᠷᠳᠠᠭᠤᠯᠤᠨ ᠨᠥᠬᠦᠪᠦᠷᠢᠯᠡᠬᠦ ᠵᠡᠷᠭᠡ | ᠠᠵᠢᠯᠯᠠᠭ᠎ᠠ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ | 5. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠬᠦ ᠴᠤᠪᠤᠷᠠᠯ ᠨᠢ ᠶᠠᠮᠠᠷ ᠪᠣᠢ︖ | | 6. ᠣᠨ ᠠᠯᠤᠰᠯᠠᠭᠰᠠᠨ ᠨᠥᠬᠦᠪᠦᠷᠢ ᠶᠢ ᠶᠠᠮᠠᠷ ᠲᠥᠷᠥᠯ ᠤᠨ ᠪᠠᠷᠢᠮᠵᠢᠶ᠎ᠠ ᠪᠠᠷ ᠬᠡᠷᠡᠭᠵᠢᠭᠦᠯᠬᠦ ᠪᠣᠢ︖ | ᠬᠠᠷᠢᠭᠤᠯᠲᠠ᠄ ᠨᠥᠬᠦᠪᠦᠷᠢ ᠶᠢᠨ ᠲᠤᠰᠠᠯᠠᠬᠤ ᠰᠢᠰᠲ᠋ᠧᠮ ᠤᠨ 2020 ᠣᠨ ᠠᠴᠠ ᠡᠮᠦᠨᠡᠬᠢ ᠴᠠᠭ ᠬᠤᠭᠤᠴᠠᠭ᠎ᠠ ᠳᠤ | ᠰᠣᠯᠢᠨ ᠭᠠᠷᠴᠤ᠂ ᠨᠢᠭᠡᠨᠲᠡ ᠬᠦᠯᠢᠶᠡᠨ ᠠᠪᠴᠤ ᠭᠦᠢᠴᠡᠳᠬᠡᠭᠰᠡᠨ ᠮᠥᠷᠲᠡᠭᠡᠨ ᠨᠢᠭᠡᠨᠲᠡ ᠨᠥᠬᠦᠪᠦᠷᠢ ᠶᠢᠨ ᠲᠤᠰᠠᠯᠠᠬᠤ | ᠰᠢᠰᠲ᠋ᠧᠮ ︵ᠭᠠᠷ ᠤᠲᠠᠰᠤᠨ ᠤ APP ᠳᠤ ᠲᠡᠮᠳᠡᠭᠯᠡᠨ ᠣᠷᠣᠭᠤᠯᠤᠭᠰᠠᠨ ᠢ ᠪᠠᠭᠲᠠᠭᠠᠨ᠎ᠠ︶ ᠳᠤ ᠲᠡᠮᠳᠡᠭᠯᠡᠨ | ᠣᠷᠣᠭᠤᠯᠤᠭᠰᠠᠨ ᠦᠢᠯᠡᠳᠬᠦᠨ ᠢ ᠦᠷᠭᠦᠯᠵᠢᠯᠡᠨ 2019 ᠣᠨ ᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ | ᠬᠡᠷᠡᠭᠵᠢᠭᠦᠯᠵᠦ᠂ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠪᠠ ᠲᠣᠭᠲᠠᠭᠰᠠᠨ ᠬᠤᠭᠤᠴᠠᠭᠠᠨ ᠳᠤ ᠲᠡᠮᠳᠡᠭᠡᠯᠡᠨ | ᠣᠷᠣᠭᠤᠯᠤᠭ᠎ᠠ ᠦᠭᠡᠢ ᠦᠢᠯᠡᠳᠬᠦᠨ ᠢ 2020 ᠣᠨ ᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ 7. ᠮᠠᠰᠢᠨ | ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ ᠪᠠ ᠦᠯᠡᠳᠡᠭᠰᠡᠨ ᠵᠣᠭᠤᠰ ᠢᠶᠠᠨ ᠬᠡᠷᠬᠢᠨ ᠬᠠᠶᠢᠨ | ᠯᠠᠪᠠᠯᠬᠤ ᠪᠣᠢ︖ ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠲᠤᠰᠠᠯᠠᠬᠤ | ᠰᠢᠰᠲ᠋ᠧᠮ ᠤᠨ ᠲᠡᠷᠢᠭᠦᠨ ᠨᠢᠭᠤᠷ ᠲᠤ ᠡᠳᠦᠷ ᠪᠦᠷᠢ ᠨᠢᠭᠡ ᠤᠳᠠᠭ᠎ᠠ ᠬᠤᠰᠢᠭᠤ ᠰᠢᠶᠠᠨ ︵ᠲᠠᠯᠠᠪᠠᠢ︶ ᠤ | ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠭᠰᠡᠨ ᠵᠢᠴᠢ ᠦᠯᠡᠳᠡᠵᠦ ᠪᠠᠶᠢᠭ᠎ᠠ ᠪᠡᠯᠡ ᠮᠥᠩᠭᠦ ᠶᠢᠨ ᠮᠡᠳᠡᠭᠡ ᠵᠠᠩᠭᠢ ᠶᠢ | ᠠᠦ᠋ᠲ ᠢᠶᠠᠷ ᠨᠡᠶᠢᠲᠡᠯᠡᠵᠦ᠂ ᠮᠠᠰᠢᠨ ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ | ᠭᠤᠶᠤᠴᠢᠯᠠᠬᠤ ᠳᠤ ᠯᠠᠪᠯᠠᠯᠲᠠ ᠪᠣᠯᠭᠠᠨ ᠬᠠᠩᠭᠠᠨ᠎ᠠ᠃ |