| ᠨᠢᠭᠡ᠂ ︽ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ | ᠠᠬᠤᠢ ᠪᠠᠶᠢᠳᠠᠯ | ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠤᠯᠭ᠎ᠠ ᠶᠢᠨ ᠭᠤᠣᠯ ᠤᠳᠬ᠎ᠠ ᠰᠠᠨᠠᠭ᠎ᠠ ᠪᠠ | ᠦᠨᠳᠦᠰᠦᠨ ᠰᠡᠳᠬᠢᠴᠡ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠤᠨᠤᠪᠴᠢᠲᠠᠢ ᠡᠵᠡᠮᠳᠡᠵᠣ᠂ ᠤᠯᠠᠨ ᠲᠦᠮᠡᠨ ᠤ | ᠤᠯᠠᠨ ᠳᠠᠪᠬᠤᠷᠭᠠᠲᠣ᠂ ᠣᠯᠠᠨ ᠲᠥᠷᠦᠯ ᠤᠨ᠂ ᠦᠪᠡᠷᠮᠢᠴᠡ ᠣᠨᠴᠠᠯᠢᠭ ᠪᠦᠬᠦᠢ ᠡᠷᠡᠭᠦᠯ ᠡᠩᠬᠡ ᠶᠢᠨ ᠱᠠᠭᠠᠷᠳᠠᠯᠭ᠎ᠠ | ᠶᠢ ᠬᠠᠩᠭᠠᠵᠣ᠂ ᠨᠢᠭᠡᠳᠦᠯᠲᠡᠢ ᠲᠥᠯᠦᠪᠯᠡᠨ ᠣᠯᠠᠨ ᠲᠦᠮᠡᠨ ᠤ ᠬᠠᠮᠤᠭ ᠠᠴᠠ ᠬᠠᠯᠠᠮᠵᠢᠯᠠᠨ ᠠᠩᠬᠠᠷᠴᠤ ᠬᠠᠮᠤᠭ ᠠᠴᠠ | ᠰᠢᠭᠤᠳ ᠦᠨᠡᠨ ᠪᠣᠳᠠᠲᠠᠢ ᠪᠠᠶᠢᠭ᠎ᠠ ᠡᠷᠡᠬᠦᠯ ᠡᠩᠭᠡ ᠶᠢᠨ ᠠᠰᠠᠭᠤᠳᠠᠯ ᠢ ᠰᠢᠢᠳᠪᠦᠷᠢᠯᠡᠵᠣ᠂ ᠬᠦᠮᠦᠨ ᠪᠦᠬᠦᠨ ᠳᠤ | ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠬᠤ ᠶᠢᠨ ᠲᠤᠰᠠᠳᠠ᠂ | 2019 ᠣᠨ ᠤ 6 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠲᠦᠷᠦ ᠶᠢᠨ ᠶᠠᠪᠤᠳᠠᠯ ᠤᠨ ᠬᠤᠷᠢᠶᠠᠨ ᠤ | ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢᠨ ᠬᠡᠷᠡᠭᠵᠢᠭᠦᠯᠬᠦ ᠲᠣᠬᠠᠢ ᠰᠠᠨᠠᠯ︾ ︵ᠲᠦᠷᠦ ᠲᠠᠷᠬᠠᠭᠠᠭᠰᠠᠨ | ︹2019︺ 13 ᠲᠣᠭᠠᠲᠤ︶᠂ 9 ᠰᠠᠷ᠎ᠠ ᠶᠢᠨ 29 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠤᠨ ︽ᠡᠷᠡᠭᠦᠯ ᠡᠩᠬᠡ ᠦᠪᠦᠷ ᠮᠣᠩᠭᠤᠯ ᠤᠨ ᠠᠵᠢᠯᠯᠠᠭ᠎ᠠ ᠶᠢᠨ | ᠬᠡᠷᠡᠭᠵᠢᠭᠦᠯᠬᠦ ᠲᠦᠰᠦᠯ︾ ︵ᠦᠪᠦᠷ ᠵᠠᠰᠠᠭ ᠲᠠᠷᠬᠠᠭᠠᠭᠰᠠᠨ ︹2019︺ 11 ᠲᠣᠭᠠᠲᠤ︶ ᠶᠢ ᠳᠠᠷᠤᠮᠠᠯᠯᠠᠨ | ᠲᠠᠷᠬᠠᠭᠠᠪᠠ᠃ ᠬᠡᠳᠦᠨ ᠰᠠᠷ᠎ᠠ ᠶᠢᠨ ᠪᠡᠯᠡᠳᠬᠡᠯ ᠢᠶᠠᠷ ᠳᠠᠮᠵᠢᠨ᠂ ︽ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ | ᠶᠢᠨ ᠬᠡᠷᠡᠭᠵᠢᠭᠦᠯᠬᠦ ᠲᠦᠰᠦᠯ ︾ ᠪᠦᠷᠢᠯᠳᠦᠵᠤ᠂ 27 ᠰᠠᠯᠠᠭ᠎ᠠ ᠮᠦᠴᠢᠷ ᠠᠴᠠ ᠥᠷᠭᠡᠨ ᠢᠶᠠᠷ ᠰᠠᠨᠠᠯ | ᠬᠤᠷᠢᠶᠠᠭᠰᠠᠨ ᠤ ᠡᠴᠦᠰ ᠲᠤ᠂ ᠠᠯᠬᠤᠮ ᠴᠢᠨᠠᠭᠰᠢᠳᠠ ᠵᠠᠰᠠᠪᠤᠷᠢ ᠣᠷᠤᠭᠤᠯᠵᠤ ᠪᠦᠷᠢᠨᠰᠢᠭᠦᠯᠦᠭᠰᠡᠨ ᠪᠠᠶᠢᠨ᠎ᠠ᠃ | ᠬᠤᠶᠠᠷ᠂ ︽ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ︾ ᠢ ᠲᠣᠭᠲᠠᠭᠠᠭᠰᠠᠨ | ᠭᠤᠣᠯ ᠦᠨᠳᠦᠰᠦᠯᠡᠯ | 1. ︽ᠡᠷᠡᠭᠦᠯ ᠡᠩᠬᠡ ᠦᠪᠦᠷ ᠮᠣᠩᠭᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ | ᠲᠠᠷᠬᠠᠭᠠᠬᠤ ᠲᠤᠬᠠᠢ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠦᠪᠦᠷ ᠵᠠᠰᠠᠭ | ᠲᠠᠷᠬᠠᠭᠠᠭᠰᠠᠨ ︹2019︺ 11 ᠲᠣᠭᠠᠲᠤ︶᠃ | 2. ︽︿ᠡᠷᠡᠭᠦᠯ ᠡᠩᠬᠡ ᠬᠦᠯᠦᠨ ᠪᠤᠶᠢᠷ ᠤᠨ 2030﹀ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ ᠢ | ᠳᠠᠷᠤᠮᠠᠯᠯᠠᠨ ᠲᠠᠷᠬᠠᠭᠠᠬᠤ ᠲᠤᠬᠠᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠬᠦᠯᠦᠨ ᠪᠤᠶᠢᠷ ᠬᠤᠲᠠ ᠶᠢᠨ | ᠬᠤᠷᠢᠶ᠎ᠠ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠦᠯᠦᠨ ᠨᠠᠮ | ᠲᠠᠷᠬᠠᠭᠠᠭᠰᠠᠨ ︹2018︺ 8 ᠲᠣᠭᠠᠲᠤ︶᠃ | 3. ︽ᠠᠷᠬᠠᠭ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠳᠤ ᠤᠯᠤᠰ ᠤᠨ ᠳᠤᠮᠳᠠ ᠤᠷᠲᠤ ᠬᠤᠭᠤᠴᠠᠭᠠᠨ ᠤ | ᠲᠦᠯᠦᠪᠵᠢᠭᠦᠯᠭᠡ ︵2017-2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠦ ᠠᠯᠪᠠᠨ ᠲᠠᠷᠬᠠᠭᠠᠭᠰᠠᠨ ︹2017︺ 12 ᠲᠣᠭᠠᠲᠣ | ︶᠃ | 4. ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ — ᠦᠮᠡᠨ ᠡᠪᠡᠳᠴᠢᠨ ᠢ ᠰᠡᠷᠭᠡᠶᠢᠯᠡᠨ ᠵᠠᠰᠠᠬᠤ | ᠶᠢᠨ ᠬᠡᠷᠡᠭᠵᠢᠭᠦᠯᠭᠦ ᠲᠦᠰᠦᠯ ︵2019-2022 ᠣᠨ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ | ᠤᠯᠤᠰ ᠡᠷᠡᠭᠦᠯ ᠬᠢᠵᠢᠭ ᠡᠵᠮᠡᠳᠡᠬᠦ ᠲᠠᠷᠬᠠᠭᠠᠭᠰᠠᠨ ︹2019︺ 57 ᠲᠣᠭᠠᠲᠣ︶᠃ | ᠭᠤᠷᠪᠠ᠂ ︽ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠶᠡᠷᠦᠩᠬᠡᠢ | ᠬᠠᠷᠠᠯᠲᠠ | 2022 ᠣᠨ ᠪᠣᠯᠲᠠᠯ᠎ᠠ᠂ ᠡᠷᠡᠭᠦᠯ ᠡᠩᠬᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠲᠤᠭᠳᠠᠯᠴᠠᠭ᠎ᠠ ᠶᠢ | ᠦᠨᠳᠦᠰᠦᠨ ᠳᠤ ᠪᠠᠨ ᠪᠠᠶᠢᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠠᠯᠬᠤᠮ ᠴᠢᠨᠠᠭᠰᠢᠳᠠ | ᠳᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠱᠠᠯᠠᠪᠳᠠᠨ ᠲᠦᠭᠡᠮᠡᠯᠵᠢᠭᠦᠯᠵᠦ᠂ ᠵᠢᠷᠦᠬᠡ | ᠲᠠᠷᠢᠬᠢᠨ ᠤ ᠴᠢᠰᠦᠨ ᠰᠤᠳᠠᠯ ᠤᠨ ᠡᠪᠡᠳᠴᠢᠨ᠂ ᠦᠮᠡᠨ ᠡᠪᠡᠳᠴᠢᠨ᠂ ᠠᠷᠬᠠᠭ ᠴᠢᠨᠠᠷᠲᠤ ᠠᠮᠢᠰᠬᠤᠯ ᠤᠨ | ᠰᠢᠰᠲ᠋ᠧᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠬᠦᠨᠳᠦ ᠶᠡᠭᠡ ᠠᠷᠬᠠᠭ ᠡᠪᠡᠳᠴᠢᠨ ᠤ | ᠡᠭᠦᠰᠦᠯᠲᠡ ᠶᠢᠨ ᠨᠤᠷᠮ᠎ᠠ ᠨᠡᠮᠡᠭᠳᠡᠬᠦ ᠬᠠᠨᠳᠤᠰᠢ ᠶᠢ ᠬᠤᠷᠢᠭᠯᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ | ᠬᠦᠨᠳᠦ ᠬᠡᠴᠡᠭᠦᠦ ᠣᠶᠣᠨ ᠮᠡᠳᠡᠷᠡᠯ ᠤᠨ ᠰᠠᠭᠠᠲᠠᠯ᠂ ᠣᠷᠣᠨ ᠨᠣᠲᠤᠭ ᠤᠨ ᠡᠪᠡᠳᠴᠢᠨ᠂ ᠠᠵᠢᠯ ᠤᠨ ᠨᠦᠯᠦᠭᠡᠨ ᠤ | ᠡᠪᠡᠳᠴᠢᠨ ᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠵᠡᠮᠳᠡᠭ ᠪᠤᠯᠬᠤ ᠪᠤᠶᠤ ᠠᠮᠢ ᠨᠠᠰᠤᠨ ᠤ ᠠᠶᠤᠯ ᠲᠦᠭᠰᠢᠭᠦᠷᠢ | ᠶᠢ ᠠᠯᠭᠤᠷ ᠠᠭᠠᠵᠢᠮ ᠢᠶᠠᠷ ᠪᠠᠭᠠᠰᠬᠠᠵᠤ᠂ ᠬᠦᠮᠦᠰ ᠤᠨ ᠡᠷᠡᠭᠦᠯ ᠴᠢᠬᠢᠷᠠᠭ ᠢ ᠪᠦᠲᠦᠮᠵᠢᠲᠡᠢ ᠰᠠᠶᠢᠵᠢᠷᠠᠭᠤᠯᠤᠨ᠎ᠠ᠃ | 2030 ᠣᠨ ᠪᠣᠯᠲᠠᠯ᠎ᠠ᠂ ᠡᠷᠡᠭᠦᠯ ᠡᠩᠬᠡ ᠶᠢᠨ ᠠᠰᠠᠭᠤᠳᠠᠯ ᠪᠣᠯᠣᠨ ᠨᠦᠯᠦᠭᠡᠯᠡᠬᠦ ᠬᠦᠴᠦᠨ ᠵᠦᠢᠯ | ᠪᠦᠲᠦᠮᠵᠢᠲᠡᠢ ᠵᠠᠰᠠᠭᠳᠠᠵᠣ᠂ ᠡᠷᠡᠭᠦᠯ ᠡᠩᠬᠡ ᠶᠢᠨ ᠦᠢᠯᠡᠴᠢᠯᠡᠭᠡᠨ ᠤ ᠴᠢᠨᠠᠷ ᠪᠠ ᠪᠠᠲᠤᠯᠠᠭ᠎ᠠ᠂ ᠪᠦᠬᠦ ᠠᠷᠠᠳ ᠤᠨ | ᠡᠷᠡᠭᠦᠯ ᠮᠡᠨᠳᠦ ᠶᠢᠨ ᠮᠡᠳᠡᠯᠭᠡ ᠶᠢᠨ ᠲᠦᠪᠰᠢᠨ ᠢᠯᠡᠳᠲᠡ ᠳᠡᠭᠡᠭᠰᠢᠯᠡᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ | ᠮᠠᠶ᠋ᠢᠭ ᠢ ᠦᠨᠳᠦᠰᠦᠨ ᠳᠤ ᠪᠠᠨ ᠲᠥᠭᠡᠮᠡᠯᠵᠢᠭᠦᠯᠦᠨ᠂ ᠬᠦᠨᠳᠦ ᠶᠡᠭᠡ ᠠᠷᠬᠠᠭ ᠡᠪᠡᠳᠴᠢᠨ ᠢᠶᠠᠷ ᠬᠡᠲᠦᠷᠬᠡᠢ ᠡᠷᠲᠡ | ᠦᠬᠦᠬᠦ ᠨᠣᠷᠮ᠎ᠠ ᠶᠢ ᠳᠤᠭᠤᠭᠰᠢᠯᠠᠭᠤᠯᠵᠤ᠂ ᠬᠦᠮᠦᠨ ᠳᠤᠮᠳᠠᠴᠢ ᠶᠢᠨ ᠡᠷᠡᠭᠦᠯ ᠡᠩᠬᠡ ᠠᠮᠢᠳᠤᠷᠠᠬᠤ ᠵᠢᠱᠢᠯᠲᠠ ᠶᠢ | ᠶᠡᠬᠡᠪᠡᠷ ᠨᠡᠮᠡᠭᠳᠡᠭᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢᠨ ᠭᠦᠢᠴᠡᠳᠬᠡᠬᠦ ᠲᠤᠭ᠎ᠠ ᠶᠢ ᠤᠯᠤᠰ ᠤᠨ ᠳᠤᠮᠳᠠᠴᠢ | ᠬᠡᠮᠵᠢᠶᠡᠨ ᠳᠤ ᠬᠦᠷᠭᠡᠵᠦ᠂ ᠡᠷᠡᠭᠦᠯ ᠡᠩᠬᠡ ᠶᠢ ᠡᠷᠬᠡ ᠲᠡᠭᠰᠢ ᠪᠠᠷ ᠡᠳ᠋ᠯᠡᠭᠦᠯᠭᠦ ᠶᠢ ᠪᠡᠶᠡᠯᠡᠬᠦᠯᠵᠤ᠂ ︽ᠡᠷᠡᠭᠦᠯ ᠡᠩᠬᠡ | ᠬᠦᠯᠦᠨ ᠪᠤᠶᠢᠷ ᠤᠨ 2030︾ ᠬᠠᠷᠠᠯᠲᠠ ᠶᠢᠨ ᠡᠭᠦᠷᠭᠡ ᠶᠢ ᠪᠡᠶᠡᠯᠡᠬᠦᠯᠦᠨ᠎ᠡ᠃ | ᠳᠥᠷᠪᠡ᠂ ︽ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠦᠰᠦᠯ︾ ᠤᠨ ᠪᠣᠳᠠᠲᠠᠢ | ᠠᠵᠢᠯᠯᠠᠭᠠᠨ ᠤ ᠠᠭᠤᠯᠭ᠎ᠠ | ᠡᠷᠡᠭᠦᠯ ᠡᠩᠬᠡ ᠬᠦᠯᠦᠨ ᠪᠤᠶᠢᠷ ᠤᠨ ᠠᠵᠢᠯᠯᠠᠭ᠎ᠠ ᠳᠤ ᠨᠡᠶᠢᠲᠡ 17 ᠲᠣᠰᠬᠠᠢ ᠵᠦᠢᠯ ᠪᠣᠢ᠃ | 1. ᠡᠷᠡᠭᠦᠯ ᠡᠩᠬᠡ ᠶᠢᠨ ᠮᠡᠳᠡᠯᠭᠡ ᠶᠢᠨ ᠲᠦᠭᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠬᠦᠯᠦᠨ᠎ᠡ᠃ | 2. ᠵᠦᠢ ᠵᠣᠬᠢᠰᠲᠠᠢ ᠬᠤᠭᠤᠯᠠ ᠤᠮᠳᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | 3. ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 4. ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠯᠠᠭ᠎ᠠ ᠶᠢ ᠬᠡᠷᠡᠭᠵᠢᠭᠦᠯᠦᠨ᠎ᠡ᠃ | 5. ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 6. ᠡᠷᠡᠭᠦᠯ ᠡᠩᠬᠡ ᠠᠮᠢᠳᠤᠷᠠᠯ ᠤᠨ ᠣᠷᠴᠢᠨ ᠲᠣᠭᠤᠷᠢᠨ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 7. ᠡᠬᠡ ᠨᠢᠯᠬᠠᠰ ᠤᠨ ᠡᠷᠡᠭᠦᠯ ᠮᠡᠨᠳᠦ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 8. ᠳᠣᠮᠳᠠ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠡᠷᠡᠭᠦᠯ ᠡᠩᠬᠡ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ | 9. ᠠᠵᠢᠯ ᠮᠡᠷᠭᠡᠵᠢᠯ ᠤᠨ ᠡᠷᠡᠭᠦᠯ ᠡᠩᠬᠡ ᠶᠢ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 10. ᠨᠠᠰᠤᠲᠠᠶᠢᠴᠤᠳ ᠤᠨ ᠡᠷᠡᠭᠦᠯ ᠡᠩᠬᠡ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 11. ᠵᠢᠷᠦᠬᠡ ᠲᠠᠷᠢᠬᠢᠨ ᠤ ᠴᠢᠰᠦᠨ ᠰᠤᠳᠠᠯ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ | 12. ᠦᠮᠠᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 13. ᠠᠷᠬᠠᠭ ᠴᠢᠨᠠᠷᠲᠣ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ | 14. ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 15. ᠬᠠᠯᠳᠠᠪᠤᠷᠢᠲᠦ ᠡᠪᠡᠳᠴᠢᠨ ᠵᠢᠴᠢ ᠣᠷᠣᠨ ᠨᠣᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯᠯᠠᠭ᠎ᠠ ᠶᠢ ᠬᠡᠷᠡᠭᠵᠢᠭᠦᠯᠦᠨ᠎ᠡ᠃ | 16. ᠮᠣᠩᠭᠤᠯ ᠬᠢᠲᠠᠳ ᠡᠮ ᠡᠮᠨᠡᠯᠭᠡ ᠶᠢ ᠬᠦᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 17. ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢᠴᠢᠯᠠᠯᠲᠠ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ | ᠬᠤᠯᠪᠣᠭᠳᠠᠬᠤ ᠮᠠᠲ᠋ᠧᠷᠢᠶᠠᠯ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠡᠷᠡᠭᠦᠯ | ᠡᠩᠬᠡ ᠬᠦᠯᠦᠨ ᠪᠤᠶᠢᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ | | |