ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠯᠤᠰ  ᠤᠨ  ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠪᠦᠬᠦᠢ ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢ ᠴᠠᠭᠠᠵᠠᠯᠠᠬᠤ᠂  ᠬᠢᠵᠠᠭᠠᠷᠯᠠᠬᠤ ᠲᠤᠬᠠᠶ ᠵᠠᠷᠯᠢᠭ
ᠨᠡᠶᠢᠲᠡᠯᠡᠭᠰᠡᠨ ᠴᠠᠭ᠄
2020/9/7
  ᠵᠠᠯᠠᠶᠢᠨᠠᠭᠤᠷ   ᠵᠠᠰᠠᠭ  ᠲᠠᠷᠬᠠᠭᠠᠭᠰᠠᠨ   ﹇2020﹈ 48 ᠳ᠋ᠤᠭᠠᠷ ᠲᠣᠭᠠᠲᠤ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠳᠤᠮᠳᠠᠳᠤ ᠶᠢᠨ ᠠᠷᠠᠳ ᠲᠦᠮᠡᠨ ᠤ ᠪᠥᠬᠦᠳᠡ ᠨᠠᠶᠢᠷᠠᠮᠳᠠᠬᠤ ᠤᠯᠤᠰ  ᠤᠨ  ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠮᠠᠰᠢᠨᠲᠤ ᠲᠡᠷᠭᠡᠨ ᠤ ᠤᠳᠤᠭ᠎ᠠ ᠶᠢᠨ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠪᠠᠭᠠᠰᠬᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄     ᠨᠢᠭᠡ᠂ ᠳᠣᠤᠷᠠᠬᠢ ᠣᠷᠣᠨ  ᠨᠡᠶᠢᠲᠡᠯᠡᠭᠰᠡᠨ ᠡᠳᠦᠷ ᠠᠴᠠ ᠡᠬᠢᠯᠡᠨ᠂ ᠤᠯᠤᠰ  ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ  ᠪᠠᠷᠢᠮᠵᠢᠶᠠᠲᠤ  ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢᠨ ᠶᠠᠪᠤᠬᠤ ᠶᠢ ᠬᠢᠵᠠᠭᠠᠷᠯᠠᠬᠤ ᠣᠷᠣᠨ  ᠳᠤ ᠣᠷᠣᠬᠤ ᠶᠢ ᠪᠦᠬᠦᠯᠢ ᠡᠳᠦᠷ ᠢᠶᠠᠷ ᠴᠠᠭᠠᠵᠠᠯᠠᠨ᠎ᠠ᠃  ᠮᠠᠨᠳᠠ  ᠵᠠᠮ ᠪᠣᠯᠤᠨ  ᠬᠤᠢ ᠮᠢᠨ ᠵᠠᠮ ᠤᠨ ᠠᠭᠤᠯᠵᠠᠷ ᠠᠴᠠ  ᠮᠠᠨᠳᠠ ᠵᠠᠮ ᠳᠠᠭᠠᠤ  ᠭᠤᠤᠯ ᠵᠡᠭᠡᠯᠢ ᠶᠢᠨ ᠠᠭᠤᠯᠵᠠᠷ ᠲᠤ ᠬᠦᠷᠴᠦ᠂ ᠵᠡᠭᠦᠨᠰᠢ  ᠭᠤᠤᠯ  ᠵᠡᠭᠡᠯᠢ᠂  ᠱᠠᠨ  ᠪᠧᠢ ᠶᠢᠨ ᠬᠤᠶᠢᠲᠤ ᠵᠠᠮ᠂ ᠪᠦ᠋  ᠰᠧᠨ ᠵᠡᠭᠡᠯᠢ ᠠᠴᠠ ᠲᠠᠷᠢᠶᠠᠯᠠᠩ ᠠᠷᠠᠯᠵᠢᠶᠠᠨ ᠤ ᠨᠡᠭᠡᠭᠡᠯᠲᠡᠲᠦ ᠵᠡᠭᠡᠯᠢ ᠶᠢᠨ ᠠᠭᠤᠯᠵᠠᠷ ᠬᠦᠷᠲᠡᠯ᠎ᠡ︔  ᠬᠤᠶᠢᠰᠢ  ᠢᠶᠠᠨ ᠲᠠᠷᠢᠶᠠᠯᠠᠩ  ᠠᠷᠠᠯᠵᠢᠶᠠᠨ  ᠤ  ᠺᠠᠢ ᠹᠠᠩ  ᠵᠡᠭᠡᠯᠢ  ᠠᠴᠠ ᠰᠢᠨ ᠺᠠᠶ ᠵᠡᠭᠡᠯᠢ  ᠤᠨ ᠭᠤᠸᠠᠩ ᠳ᠋ᠦᠩ ᠵᠠᠮ ᠤᠨ ᠠᠭᠤᠯᠵᠠᠷ ᠬᠦᠷᠲᠡᠯ᠎ᠡ ︵ᠲᠣᠰ ᠵᠠᠮ ᠤᠨ ᠬᠡᠰᠡᠭ ᠢ ᠬᠢᠵᠠᠭᠠᠷᠯᠠᠬᠤ ᠴᠠᠭ ᠤᠨ ᠬᠢᠵᠠᠭᠠᠷ ᠢᠶᠠᠷ ᠶᠠᠪᠤᠭᠤᠯᠤᠨ᠎ᠠ᠄ ᠡᠳᠦᠷ ᠪᠦᠷᠢ ᠶᠢᠨ ᠥᠷᠯᠥᠭᠡ ᠶᠢᠨ ᠲᠤᠯᠤᠭᠠᠨ ᠴᠠᠭ ᠠᠴᠠ ᠠᠷᠪᠠᠨ ᠬᠤᠶᠠᠷ ᠴᠠᠭ ᠪᠤᠯᠲᠠᠯ᠎ᠠ  ᠬᠢᠵᠠᠭᠠᠷ ᠢᠶᠠᠷ ᠶᠠᠪᠤᠭᠤᠯᠤᠨ᠎ᠠ︶︔ ᠪᠠᠷᠠᠭᠤᠨᠰᠢ ᠪᠠᠨ ᠬᠠᠨ  ᠳ᠋ᠦᠩ ᠠᠭᠤᠶ᠂ ᠦᠵᠡᠮᠵᠢ ᠶᠢᠨ ᠶᠡᠭᠡ ᠵᠡᠭᠡᠯᠢ ᠠᠴᠠ  ᠬᠤᠢ ᠮᠢᠨ ᠵᠠᠮ ᠤᠨ ᠠᠭᠤᠯᠵᠠᠷ ᠬᠦᠷᠲᠡᠯ᠎ᠡ᠃    ᠰᠢᠨ᠎ᠡ ᠲᠣᠭᠤᠷᠢᠭ ᠤᠨ ᠵᠠᠮ ᠤᠨ ᠠᠭᠤᠯᠵᠠᠷ ᠠᠴᠠ ᠤᠮᠠᠷᠠᠰᠢ  ᠱᠧᠨ ᠱᠣ᠋ ᠵᠠᠮ ᠢᠶᠠᠷ ᠥᠩᠭᠡᠷᠡᠵᠦ ᠭᠤᠸᠠᠩ ᠠᠨ ᠵᠡᠭᠡᠯᠢ ᠬᠦᠷᠲᠡᠯ᠎ᠡ ︵ᠵᠠᠰᠠᠭ ᠤᠨ ᠣᠷᠳᠣᠨ ᠤ ᠠᠷᠤ  ᠲᠠᠯ᠎ᠠ  ︶︔ ᠵᠡᠭᠦᠨᠰᠢ  ᠭᠤᠸᠠᠩ ᠠᠨ ᠵᠡᠭᠡᠯᠢ᠂ ᠰᠢᠨ  ᠬᠡᠦ  ᠵᠠᠮ ᠠᠴᠠ ᠯᠠᠶ ᠱᠧᠩ ᠵᠡᠭᠦᠨ ᠵᠡᠭᠡᠯᠢ ᠶᠢᠨ ᠠᠭᠤᠯᠵᠠᠭᠤᠷ ᠬᠦᠷᠴᠦ᠂ ᠯᠠᠢ ᠱᠧᠩ ᠵᠡᠭᠦᠨ ᠵᠡᠭᠡᠯᠢ  ᠠᠴᠠ ᠵᠡᠭᠦᠨᠰᠢ ᠪᠠᠨ  ᠱᠦ  ᠭᠤᠸᠠᠩ ᠶᠡᠭᠡ ᠵᠠᠮ ᠤᠨ ᠠᠭᠤᠯᠵᠠᠷ  ᠲᠤ  ᠬᠦᠷᠲᠡᠯ᠎ᠡ︔ ᠡᠮᠦᠨᠡᠰᠢ  ᠱᠦ ᠭᠤᠸᠠᠩ ᠶᠡᠭᠡ ᠵᠠᠮ ᠳᠠᠭᠠᠤ ᠳ᠋ᠦᠩ  ᠹᠧᠩ ᠵᠡᠭᠡᠯᠢ ︵ ᠶᠢᠰᠦᠳᠦᠭᠡᠷ  ᠰᠤᠷᠭᠠᠭᠤᠯᠢ  ᠶᠢᠨ  ᠵᠠᠮ ᠤᠨ ᠠᠭᠤᠯᠵᠠᠷ︶ ᠬᠦᠷᠲᠡᠯ᠎ᠡ ᠪᠠᠷᠠᠭᠤᠨᠰᠢ ᠪᠠᠨ  ᠳ᠋ᠦᠩ  ᠹᠧᠩ ᠵᠡᠭᠡᠯᠢ᠂ ᠰᠢᠨ ᠬᠡᠦ ᠵᠠᠮ᠂ ᠰᠢᠨ ᠵᠧᠩ ᠵᠡᠭᠡᠯᠢ ᠶᠢ ᠳᠠᠭᠠᠵᠤ ᠰᠢᠨ᠎ᠡ ᠲᠣᠭᠤᠷᠢᠭ ᠤᠨ ᠵᠠᠮ ᠤᠨ ᠠᠭᠤᠯᠵᠠᠷ ᠲᠤ ᠬᠦᠷᠦᠨ᠎ᠡ᠃  ᠬᠤᠶᠠᠷ᠂ ᠲᠣᠰ ᠵᠠᠷᠯᠠᠯ ᠠᠴᠠ ᠵᠥᠷᠢᠴᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠢ ᠦᠨᠳᠦᠰᠦᠯᠡᠨ ᠰᠢᠢᠳᠬᠡᠨ ᠲᠣᠷᠭᠠᠨ᠎ᠠ᠃  ᠭᠤᠷᠪᠠ᠂ ᠬᠤᠯᠪᠣᠭᠳᠠᠯ ᠪᠦᠬᠦᠢ ᠲᠡᠷᠭᠡᠨ ᠤ ᠡᠵᠡᠨ ᠣᠶᠢᠯᠠᠭᠠᠵᠤ ᠬᠠᠮᠵᠢᠯᠴᠠᠬᠤ ᠬᠡᠷᠡᠭᠲᠡᠶ᠂ ᠲᠡᠷᠭᠡ ᠬᠥᠰᠬᠡ ᠶᠢᠨ ᠶᠠᠪᠤᠵᠤ ᠰᠠᠭᠤᠬᠤ ᠵᠠᠮ ᠱᠤᠭᠤᠮ ᠢ ᠵᠦᠶ ᠵᠣᠬᠢᠰᠲᠠᠶ ᠲᠣᠬᠢᠷᠠᠭᠤᠯᠵᠤ᠂ ᠤᠯᠤᠰ ‍ᠤᠨ‌ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢ ᠢᠳᠡᠪᠬᠢᠲᠡᠶ ᠪᠠᠷ ᠰᠢᠭᠰᠢᠭᠳᠡᠭᠦᠯᠬᠦ ᠬᠡᠷᠡᠭᠲᠡᠶ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃ 2020 ᠣᠨ ᠤ 7 ᠰᠠᠷ᠎ᠠ ᠶᠢᠨ 13 ᠤ ᠡᠳᠦᠷ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠠᠯᠪᠠᠨ ᠬᠡᠷ 2020 ᠣᠨ ᠤ 7 ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号