ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠮᠤᠷ ᠲᠦᠪᠰᠢᠨ ᠤ ᠠᠵᠢᠯᠯᠠᠭ᠎ᠠ ᠶᠢᠨ ᠶᠡᠭᠡ ᠪᠠᠶᠢᠴᠠᠭᠠᠯᠲᠠ ᠥᠷᠨᠢᠭᠦᠯᠪᠡ᠃
ᠨᠡᠶᠢᠲᠡᠯᠡᠭᠰᠡᠨ ᠴᠠᠭ᠄
2021/1/8
    2021 ᠣᠨ ᠤ 1 ᠳ᠋ᠦᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ︽ᠵᠠᠯᠠᠶᠢᠨᠠᠭᠤᠷ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠡ ᠬᠦᠷᠢᠶᠡᠨ ᠤ ᠠᠶᠤᠯ ᠥᠬᠡᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠤᠨ ᠲᠥᠰᠦᠯ︾ ︵ ᠵᠥᠪᠯᠡᠯ ᠠᠯᠪᠠᠨ ᠥᠰᠥᠭ 202028 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠶᠤᠯ ᠥᠬᠡᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠤᠨ ᠲᠥᠰᠦᠯ︾ ᠢ ᠲᠣᠭᠲᠠᠭᠠᠬᠤ ᠶᠢᠨ ᠬᠠᠮᠲᠤ ᠲᠣᠪᠴᠢᠶᠠᠨ ᠳᠠᠷᠤᠭ᠎ᠠ ᠶᠢᠨ ᠳᠠᠭᠠᠭᠤᠯᠤᠭᠰᠠᠨ ᠭᠤᠷᠪᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠡᠯ᠎ᠡ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠣᠰ ᠲᠣᠰ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠮᠤᠷ ᠲᠦᠪᠰᠢᠨ ᠤ ᠠᠵᠢᠯᠯᠠᠭ᠎ᠠ ᠶᠢᠨ ᠶᠡᠭᠡ ᠪᠠᠶᠢᠴᠠᠭᠠᠯᠲᠠ ᠥᠷᠨᠢᠭᠦᠯᠪᠡ᠃
 
   
   
     ᠯᠢ ᠲᠣᠪᠴᠢᠶᠠᠨ ᠳᠠᠷᠤᠭ᠎ᠠ ᠡᠯ᠎ᠡ ᠰᠤᠷᠭᠠᠭᠤᠯᠢ ᠶᠢᠨ ᠪᠠᠷᠢᠯᠭ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠬᠢᠵᠢᠭ ᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠥᠪᠯᠡᠷᠡᠩᠭᠦᠶ ᠴᠡᠭᠴᠡᠯᠡᠨ ᠵᠠᠰᠠᠯᠲᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ︽ᠥᠴᠦᠬᠡᠨ ᠴᠦ ᠢᠯᠳᠠᠷ ᠬᠠᠶᠠᠬᠤ ᠥᠬᠡᠶ︾ ᠣᠪᠣᠷ ᠢᠶᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠡᠯ᠎ᠡ ᠰᠤᠷᠭᠠᠭᠤᠯᠢ ᠶᠢᠨ ᠠᠮᠤᠷ ᠲᠦᠪᠰᠢᠨ ᠤ ᠬᠡᠮ ᠰᠣᠭᠤᠭ ᠪᠠ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠪᠠ᠃     ᠪᠠᠶᠢᠴᠠᠭᠠᠯᠲᠠ ᠶᠢᠨ ᠳᠤᠮᠳᠠ ᠲᠣᠪᠴᠢᠶᠠᠨ ᠳᠠᠷᠤᠭ᠎ᠠ ᠯᠢ ᠹᠦ᠋ ᠵᠢᠶᠠ ᠠᠮᠠᠷᠠᠯᠲᠠ ᠶᠢᠨ ᠬᠤᠭᠤᠴᠠᠭᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠢᠵᠢᠭᠦᠷᠯᠡᠨ ᠰᠠᠬᠢᠬᠤ ᠠᠵᠢᠯ ᠢ ᠴᠢᠬᠤᠯᠠᠴᠢᠯᠠᠭᠰᠠᠨ ᠪᠥᠭᠡᠳ ᠰᠠᠨᠠᠭᠤᠯᠭ᠎ᠠ ᠪᠠ ᠰᠠᠨᠠᠯ ᠳᠤᠷᠠᠳᠴᠤ᠂ ᠡᠯ᠎ᠡ ᠰᠤᠷᠭᠠᠭᠤᠯᠢ ᠶᠢᠨ ᠬᠢᠵᠢᠭ ᠤᠨ ᠪᠠᠶᠢᠳᠠᠯ ᠪᠠᠰᠠ ᠥᠩᠭᠡᠷᠡᠭᠡᠳᠦᠶ ᠪᠠᠶᠢᠭᠰᠠᠭᠠᠷ᠂ ᠡᠷᠬᠡᠪᠰᠢ ᠴᠠᠭ ᠢᠮᠠᠭᠲᠠ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠶᠠᠮᠠᠷ ᠴᠤ ᠬᠢᠵᠢᠭ ᠤᠨ ᠳᠠᠯᠳᠠ ᠬᠡᠮ ᠦᠯᠡᠳᠡᠭᠡᠬᠦ ᠥᠬᠡᠶ ᠪᠠᠶᠢᠬᠤ ᠬᠡᠷᠡᠭᠲᠡᠶ ᠭᠡᠵᠦ ᠵᠠᠬᠢᠪᠠ᠃ ᠠᠮᠤᠷ ᠲᠦᠪᠰᠢᠨ ᠢ ᠵᠠᠪᠠᠯ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠬᠤ ᠬᠡᠷᠡᠭᠲᠡᠢ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠮᠢᠨᠴᠦᠭᠦᠷᠡᠨ ᠲᠠᠶᠢᠪᠤᠰᠢᠷᠠᠬᠤ ᠬᠡᠷᠡᠭᠲᠡᠢ᠃ ᠡᠯ᠎ᠡ ᠰᠤᠷᠭᠠᠭᠤᠯᠢ ᠶᠢᠨ ᠤᠳᠤᠷᠢᠳᠤᠯᠭ᠎ᠠ ᠨᠠᠷ ︽ᠪᠠᠭᠰᠢ ᠰᠤᠷᠤᠭᠴᠢᠳ ᠤᠨ ᠠᠮᠤᠷ ᠲᠦᠪᠰᠢᠨ ᠪᠠᠶᠢᠬᠤ ᠨᠢ ᠲᠠᠶᠢᠱᠠᠨ ᠠᠭᠤᠯᠠᠨ ᠠᠴᠠ ᠬᠦᠨᠳᠦ ᠪᠠᠶᠢᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠥᠬᠡᠶ ᠪᠠᠶᠢᠩᠭᠤ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号