ᠪᠦᠯᠬᠦᠮᠳᠡᠨ ᠨᠢᠭᠡᠳᠴᠦ ᠬᠢᠵᠢᠭ ᠲᠠᠢ ᠲᠡᠮᠡᠴᠡᠬᠦ ᠣᠨᠴᠠᠭᠠᠶ ᠣᠷᠴᠢᠨ ᠳᠤ᠂ 2020 ᠣᠨ ᠤ ᠡᠪᠦᠯ ᠤᠨ | ᠠᠮᠠᠷᠠᠯᠲᠠ ᠶᠢᠨ ᠠᠮᠢᠳᠤᠷᠠᠯ ᠤᠳᠠᠯ ᠥᠬᠡᠶ ᠡᠬᠢᠯᠡᠬᠦ ᠪᠣᠯᠤᠯ᠎ᠠ᠂ ᠮᠢᠩ ᠳ᠋ᠧ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠥᠮᠦᠵᠢᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠰᠠᠨᠠᠭᠠᠨ ᠳᠤ ᠥᠬᠡᠶ ᠠᠳᠡᠯ | ᠭᠠᠷᠬᠤ ᠶᠢ ᠡᠷᠡᠰ ᠰᠡᠷᠭᠡᠶᠢᠯᠡᠬᠦ ᠶᠢᠨ ᠲᠥᠯᠥᠭᠡ᠂ 2021 ᠣᠨ ᠤ 1 ᠰᠠᠷ᠎ᠠ ᠶᠢᠨ 8 ᠤ ᠡᠳᠦᠷ ᠤᠨ ᠦᠳᠡ ᠶᠢᠨ | ᠡᠮᠦᠨ᠎ᠡ᠂ ᠮᠢᠩ ᠳ᠋ᠧ ᠪᠠᠭ᠎ᠠ ᠰᠤᠷᠭᠠᠭᠤᠯᠢ ᠶᠢᠨ ᠡᠯ᠎ᠡ ᠠᠩᠭᠢ ᠨᠢ ᠪᠥᠬᠦ ᠰᠤᠷᠤᠭᠴᠢᠳ ᠪᠣᠯᠤᠨ ᠬᠡᠰᠡᠭ ᠬᠡᠷ ᠤᠨ | ᠠᠬᠠᠮᠠᠳ ᠤᠨ ᠬᠠᠮᠲᠤ ᠪᠠᠷ ᠣᠷᠣᠯᠴᠠᠭᠰᠠᠨ ᠰᠦᠯᠵᠢᠶᠡᠨ ᠳᠡᠭᠡᠷᠡᠬᠢ ︽ᠪᠠᠶᠠᠷ ᠬᠥᠷ ᠲᠠᠢ ᠪᠠᠷ ᠡᠪᠦᠯ ᠤᠨ | ᠠᠮᠠᠷᠠᠯᠲᠠ ᠪᠠᠨ ᠥᠩᠭᠡᠷᠡᠭᠦᠯᠬᠦ︾ ᠭᠤᠤᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠶᠢ ᠬᠤᠷᠠᠯᠳᠤᠭᠤᠯᠪᠠ᠃ | | | | ᠠᠩᠭᠢ ᠶᠢᠨ ᠡᠷᠬᠢᠯᠡᠭᠴᠢ ᠪᠠᠭᠰᠢ ᠣᠯᠠᠨ ᠢ ᠳᠠᠭᠠᠭᠤᠯᠤᠨ ᠬᠠᠮᠲᠤ ᠪᠠᠷ ︽ᠮᠢᠩ ᠳ᠋ᠧ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠭᠡᠷ ᠤᠨ ᠠᠬᠠᠮᠠᠳ ᠲᠤ ᠥᠭᠭᠦᠭᠰᠡᠨ ᠵᠠᠬᠢᠳᠠᠯ︾ ᠢ ᠤᠩᠰᠢᠪᠠ᠃ ᠳᠠᠷᠠᠭ᠎ᠠ ᠨᠢ ᠠᠩᠭᠢ ᠶᠢᠨ | ᠡᠷᠬᠢᠯᠡᠭᠴᠢ ᠪᠠᠭᠰᠢ ᠰᠤᠷᠤᠭᠴᠢᠳ ᠲᠤ ᠣᠯᠠᠨ ᠲᠠᠯ᠎ᠠ ᠶᠢᠨ ᠠᠮᠤᠷ ᠲᠦᠪᠰᠢᠨ ᠤ ᠬᠥᠮᠦᠵᠢᠯ ᠬᠢᠪᠡ᠃ ᠰᠤᠷᠭᠠᠨ | ᠬᠥᠮᠦᠵᠢᠯ ᠤᠨ ᠠᠭᠤᠯᠭ᠎ᠠ ᠳᠤ᠄ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ | ᠂ ᠡᠪᠦᠯ ᠤᠨ ᠤᠯᠠᠷᠢᠯ ᠤᠨ ᠭᠠᠯ ᠢ ᠰᠡᠷᠭᠡᠶᠢᠯᠡᠬᠦ᠂ ᠬᠥᠯᠳᠡᠬᠦ ᠭᠠᠮᠰᠢᠭ ᠢ ᠰᠡᠷᠭᠡᠶᠢᠯᠡᠬᠦ᠂ ᠮᠡᠬᠡᠯᠡᠯ ᠢ ᠰᠡᠷᠭᠡᠶᠢᠯᠡᠬᠦ᠂ | ᠨᠡᠭᠦᠷᠡᠰᠦᠨ ᠤᠳᠤᠭ᠎ᠠ ᠨᠡᠭᠦᠷᠡᠰᠦᠨ ᠬᠡᠢ ᠳᠤ ᠬᠤᠣᠷᠳᠠᠭᠳᠠᠬᠤ ᠠᠴᠠ ᠰᠡᠷᠭᠡᠶᠢᠯᠡᠬᠦ ᠵᠡᠷᠭᠡ ᠶᠢ ᠪᠠᠭᠲᠠᠭᠠᠵᠤ᠂ | ᠣᠨᠴᠠᠭᠠᠶᠢᠯᠠᠨ ︽ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠳᠡᠯᠭᠡᠷᠡᠬᠦ ᠶᠢ ᠰᠡᠷᠭᠡᠶᠢᠯᠡᠵᠦ᠂ ᠬᠥᠮᠦᠨ ᠬᠠᠷ᠎ᠠ | ᠤᠯᠠᠨ ᠭᠠᠵᠠᠷ ᠲᠤ ᠣᠴᠢᠬᠤ ᠶᠢ ᠪᠠᠭᠠᠰᠬᠠᠵᠤ᠂ ᠭᠠᠳᠠᠭᠰᠢ ᠭᠠᠷᠬᠤ ᠳᠤ ᠰᠠᠶᠢᠲᠤᠷ ᠬᠢᠬᠦ ᠬᠠᠮᠠᠭᠠᠯᠠᠯᠲᠠ ᠶᠢ | ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠡᠭᠦᠨ ᠤ ᠳᠤ ᠳᠠᠭᠠᠤ ᠬᠡᠤᠬᠡᠳ ᠤᠳ ᠠᠮᠠᠷᠠᠬᠤ ᠴᠠᠭ ᠢᠶᠠᠨ | ᠵᠣᠬᠢᠰᠲᠠᠶ ᠲᠣᠬᠢᠷᠠᠭᠤᠯᠬᠤ ᠶᠢ ᠬᠦᠰᠡᠵᠦ ᠪᠠᠢᠨ᠎ᠠ᠃ ᠡᠳᠦᠷ ᠪᠦᠷᠢ ᠵᠣᠬᠢᠬᠤ ᠴᠠᠭ ᠲᠣᠬᠢᠷᠠᠭᠤᠯᠵᠤ ᠪᠠᠶᠢᠭᠠᠳ ᠡᠷᠡᠭᠦᠯ | ᠰᠠᠷᠠᠭᠤᠯ ᠬᠢᠴᠢᠶᠡᠯ ᠤᠨ ᠭᠠᠳᠠᠨᠠᠬᠢ ᠨᠣᠮ ᠪᠢᠴᠢᠭ ᠢ ᠤᠩᠰᠢᠭᠤᠯᠵᠤ᠂ ᠡᠷᠲᠡ ᠤᠨᠲᠠᠵᠤ ᠡᠷᠲᠡ ᠪᠣᠰᠬᠤ᠂ ᠪᠡᠶ᠎ᠡ ᠶᠢᠨ | ᠲᠠᠮᠢᠷ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠬᠤ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠶ᠃ ᠪᠠᠰᠠ | ᠬᠡᠦᠬᠡᠳ ᠢᠶᠠᠨ ᠴᠢᠳᠠᠯ ᠤᠨ ᠬᠢᠷᠢ ᠪᠠᠷ ᠢᠶᠠᠨ ᠭᠡᠷ ᠤᠨ ᠠᠵᠢᠯ ᠬᠢᠵᠦ᠂ ᠪᠡᠶ᠎ᠡ ᠪᠠᠨ ᠳᠠᠭᠠᠭᠠᠵᠤ ᠠᠮᠢᠳᠤᠷᠠᠬᠤ ᠴᠢᠳᠠᠪᠤᠷᠢ | ᠪᠠ ᠪᠡᠶ᠎ᠡ ᠪᠠᠨ ᠳᠠᠭᠠᠭᠠᠬᠤ ᠤᠬᠠᠮᠰᠠᠷ ᠲᠠᠢ ᠪᠣᠯᠬᠤ ᠶᠢ ᠤᠷᠢᠶᠠᠯᠠᠨ᠎ᠠ᠃ | ᠬᠠᠮᠤᠭ ᠰᠡᠭᠦᠯ ᠳᠤ᠂ ᠪᠠᠭᠰᠢ ᠨᠠᠷ ᠡᠨᠡ ᠤᠳᠠᠭᠠᠨ ᠤ ᠠᠩᠭᠢ ᠶᠢᠨ ᠬᠤᠷᠠᠯ ᠢᠶᠠᠷ ᠮᠢᠩ ᠳ᠋ᠧ ᠪᠠᠭ᠎ᠠ | ᠰᠤᠷᠭᠠᠭᠤᠯᠢ ᠶᠢᠨ ᠪᠦᠬᠦ ᠪᠠᠭᠰᠢ ᠨᠠᠷ ᠲᠤ ᠰᠠᠷ᠎ᠠ ᠰᠢᠨ᠎ᠡ ᠶᠢᠨ ᠵᠥᠩᠨᠡᠯ ᠳᠡᠪᠰᠢᠭᠦᠯᠵᠡᠶ᠃ ᠬᠡᠤᠬᠡᠳ ᠤᠳ ᠪᠠᠰᠠ | ᠪᠠᠭᠰᠢ ᠨᠠᠷ ᠲᠤ ᠥᠪᠡᠷ ᠤᠨ ᠰᠢᠨ᠎ᠡ ᠵᠢᠯ ᠤᠨ ᠵᠥᠩᠨᠡᠯ ᠢᠶᠠᠨ ᠳᠡᠪᠰᠢᠭᠦᠯᠪᠡ᠃ |