ᠶᠧᠦ ᠸᠠ ᠸᠠ ᠬᠡᠤᠬᠡᠳ ᠤᠨ ᠴᠡᠴᠡᠷᠯᠢᠭ ᠤᠨ ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ  ᠦᠷᠨᠢᠭᠦᠯᠪᠡ ᠃
ᠨᠡᠶᠢᠲᠡᠯᠡᠭᠰᠡᠨ ᠴᠠᠭ᠄
2021/1/8
   ᠠᠮᠤᠷ ᠲᠦᠪᠰᠢᠨ ᠪᠣᠯ ᠪᠠᠶᠠᠷ ᠬᠥᠷ ᠲᠠᠢ ᠠᠮᠢᠳᠤᠷᠠᠯ ᠤᠨ ᠰᠠᠭᠤᠷᠢ᠂ ᠡᠪᠦᠯ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠢᠨ᠎ᠠ᠂ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠬᠡᠤᠬᠡᠳ ᠢ ᠠᠮᠤᠷ ᠲᠦᠪᠰᠢᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠡᠪᠦᠯ ᠤᠨ ᠠᠮᠠᠷᠠᠯᠲᠠ ᠶᠢ ᠥᠩᠭᠡᠷᠡᠭᠦᠯᠬᠦ ᠶᠢᠨ ᠲᠥᠯᠥᠭᠡ  ᠂ 1 ᠳ᠋ᠦᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠵᠠᠯᠠᠶᠢᠨᠠᠭᠤᠷ ᠲᠣᠭᠤᠷᠢᠭ ᠤᠨ ᠶᠢᠦ  ᠸᠠ ᠸᠠ ᠬᠡᠤᠬᠡᠳ ᠤᠨ ᠴᠡᠴᠡᠷᠯᠢᠭ ᠤᠨ ᠡᠯ᠎ᠡ ᠠᠩᠭᠢ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠯᠢ ᠣᠯᠠᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠠᠭᠤᠯᠭ᠎ᠠ ᠳᠤ ᠣᠯᠠᠨ ᠲᠠᠯ᠎ᠠ ᠶᠢ ᠬᠠᠮᠤᠷᠴᠠᠶ᠂ ᠵᠢᠱᠢᠶᠡᠯᠡᠪᠡᠯ ᠰᠠᠨᠠᠭᠠᠨ ᠳᠤ ᠥᠬᠡᠶ ᠭᠡᠮᠲᠦᠯ ᠠᠴᠠ ᠰᠡᠷᠭᠡᠶᠢᠯᠡᠬᠦ᠂ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠤᠰᠤᠨ ᠳᠤ ᠵᠢᠪᠬᠦ ᠶᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ  ᠬᠢᠪᠡ᠃ ᠦᠯᠢᠭᠡᠷ ᠶᠠᠷᠢᠬᠤ᠂ ᠬᠠᠷᠠᠭᠠᠨ ᠳᠠᠪᠲᠠᠮᠵᠢ ᠦᠵᠡᠬᠦ᠂ ᠦᠵᠡᠭᠳᠡᠯᠲᠦ ᠲᠣᠭᠯᠠᠯᠲᠠ ᠭᠠᠷᠭᠠᠬᠤ᠂ ᠠᠮᠤᠷ ᠲᠦᠪᠰᠢᠨ ᠤ ᠵᠢᠷᠤᠭᠲᠤ ᠲᠡᠮᠳᠡᠭ ᠢ ᠲᠠᠨᠢᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠵᠢᠯᠯᠠᠭ᠎ᠠ ᠶᠢᠨ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠢᠴᠢ ᠥᠪᠡᠷ ᠢ ᠪᠠᠨ ᠬᠠᠮᠠᠭᠠᠯᠠᠬᠤ ᠵᠡᠷᠭᠡ ᠡᠯ᠎ᠡ  ᠵᠦᠢᠯ ᠤᠨ ᠠᠮᠤᠷ ᠲᠦᠪᠰᠢᠨ ᠤ ᠬᠥᠮᠦᠵᠢᠯ ᠢ ᠡᠭᠦᠨ ᠳᠤ ᠠᠭᠤᠰᠬᠠᠨ ᠣᠷᠣᠭᠤᠯᠵᠤ᠂ ᠬᠡᠤᠬᠡᠳ ᠤᠨ ᠰᠣᠨᠢᠷᠬᠠᠯᠲᠠᠶ ᠠᠵᠢᠯᠯᠠᠭ᠎ᠠ ᠶᠢᠨ ᠳᠤᠮᠳᠠ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃
   
       ᠡᠭᠦᠨ ᠤ ᠬᠠᠮᠲᠤ᠂ ︽ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠢᠶᠠᠷ ᠳᠠᠮᠵᠢᠭᠤᠯᠤᠨ ᠬᠡᠷ ᠤᠨ ᠠᠬᠠᠮᠠᠳ ᠲᠤ ︽ᠡᠪᠦᠯ ᠤᠨ ᠠᠮᠠᠷᠠᠯᠲᠠ ᠳᠤ ᠬᠡᠷ ᠤᠨ ᠠᠬᠠᠮᠠᠳ ᠲᠤ ᠥᠭᠭᠦᠭᠰᠡᠨ ᠵᠠᠬᠢᠳᠠᠯ︾ ᠢ ᠲᠠᠷᠬᠠᠭᠠᠵᠤ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠬᠢᠵᠦ᠂ ᠬᠡᠷ ᠤᠨ ᠠᠬᠠᠮᠠᠳ ᠢ ᠬᠡᠤᠬᠡᠳ ᠤᠨ ᠴᠡᠴᠡᠷᠯᠢᠭ ᠲᠠᠢ ᠬᠠᠮᠵᠢᠯᠴᠠᠨ ᠬᠡᠤᠬᠡᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠶ ᠭᠡᠵᠡᠶ᠃ ᠢᠯᠠᠩᠭᠤᠶ᠎ᠠ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ  ᠬᠡᠦᠬᠡᠳ ᠲᠤ ᠬᠢᠨᠠᠯᠲᠠ ᠲᠠᠯᠪᠢᠬᠤ ᠡᠷᠴᠢᠮ ᠢᠶᠠᠨ ᠨᠡᠮᠡᠭᠳᠡᠭᠦᠯᠵᠦ᠂ ᠴᠢᠩᠭ᠎ᠠ ᠰᠡᠷᠭᠡᠶᠢᠯᠡᠨ᠂ ᠠᠮᠤᠷ ᠲᠦᠪᠰᠢᠨ ᠤ ᠬᠥᠮᠦᠵᠢᠯ ᠬᠢᠭᠡᠳ ᠰᠡᠷᠭᠡᠶᠢᠯᠡᠬᠦ ᠠᠵᠢᠯ ᠢ ᠬᠠᠮᠲᠤᠪᠠᠷ ᠰᠠᠶᠢᠲᠤᠷ ᠬᠢᠵᠦ᠂  ᠬᠡᠦᠬᠡᠳ ᠤᠨ ᠠᠮᠤᠷ ᠲᠦᠪᠰᠢᠨ᠂ ᠡᠷᠡᠭᠦᠯ ᠮᠡᠨᠳᠦ᠂ ᠤᠳᠬ᠎ᠠ ᠠᠭᠤᠯᠭ᠎ᠠ ᠲᠠᠢ ᠡᠪᠦᠯ ᠤᠨ ᠠᠮᠠᠷᠠᠯᠲᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠲᠤᠰ ᠤᠳᠠᠭᠠᠨ ᠤ ᠠᠵᠢᠯᠯᠠᠭ᠎ᠠ ᠥᠷᠨᠢᠭᠦᠯᠵᠦ ᠬᠡᠤᠬᠡᠳ ᠢ ᠬᠠᠪᠰᠤᠷᠤᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠨᠢ ᠪᠠᠶᠠᠯᠢᠭᠵᠢᠭᠤᠯᠬᠤ ᠶᠢᠨ ᠬᠠᠮᠲᠤ ᠬᠡᠷ ᠤᠨ ᠠᠬᠠᠮᠠᠳ ᠪᠣᠯᠤᠨ ᠬᠡᠤᠬᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠨᠢ ᠪᠦᠲᠦᠮᠵᠢᠲᠡᠶ ᠳᠡᠭᠡᠭᠰᠢᠯᠡᠭᠦᠯᠵᠦ᠂ ᠠᠮᠤᠷ ᠲᠦᠪᠰᠢᠨ ᠪᠣᠯᠪᠠᠰᠤᠨ ᠠᠮᠠᠷᠠᠯᠲᠠ ᠶᠢᠨ ᠬᠤᠭᠤᠴᠠᠭᠠᠨ ᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号