ᠬᠠᠶ ᠯᠢᠶᠠᠨ ᠪᠠᠭ᠎ᠠ ᠰᠤᠷᠭᠠᠭᠤᠯᠢ ᠠᠮᠠᠷᠠᠯᠲᠠ ᠶᠢᠨ ᠬᠤᠭᠤᠴᠠᠭ᠎ᠠ ᠠᠴᠠ ᠡᠮᠦᠨᠡᠬᠢ ᠠᠮᠤᠷ ᠲᠦᠪᠰᠢᠨ ᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
ᠨᠡᠶᠢᠲᠡᠯᠡᠭᠰᠡᠨ ᠴᠠᠭ᠄
2021/1/8
        ᠠᠮᠠᠷᠠᠯᠲᠠ ᠶᠢᠨ ᠬᠤᠭᠤᠴᠠᠭ᠎ᠠ ᠪᠣᠯ ᠰᠤᠷᠤᠭᠴᠢᠳ ᠤᠨ ᠠᠮᠤᠷ ᠲᠦᠪᠰᠢᠨ ᠤ ᠠᠳᠡᠯ ᠣᠯᠠᠨ ᠭᠠᠷᠳᠠᠭ ᠴᠠᠭ ᠦᠶ᠎ᠡ ᠪᠣᠯᠤᠨ᠎ᠠ᠂ ᠰᠤᠷᠤᠭᠴᠢᠳ ᠤᠨ ᠡᠪᠦᠯ ᠤᠨ ᠠᠮᠠᠷᠠᠯᠲᠠ ᠶᠢ ᠲᠠᠭᠠᠯᠠᠮᠵᠢᠲᠠᠶ᠂ ᠠᠮᠤᠷ ᠲᠦᠪᠰᠢᠨ ᠪᠠᠶᠢᠯᠭᠠᠬᠤ ᠶᠢᠨ ᠲᠥᠯᠥᠭᠡ᠂ ᠵᠠᠯᠠᠶᠢᠨᠠᠭᠤᠷ ᠲᠣᠭᠤᠷᠢᠭ ᠤᠨ ᠬᠠᠶ ᠯᠢᠶᠠᠨ ᠪᠠᠭ᠎ᠠ ᠰᠤᠷᠭᠠᠭᠤᠯᠢ ︽ᠬᠡᠷ ᠤᠨ ᠠᠬᠠᠮᠠᠳ ᠲᠤ ᠥᠭᠭᠦᠭᠰᠡᠨ ᠵᠠᠬᠢᠳᠠᠯ︾᠂ ᠰᠤᠷᠤᠭᠴᠢᠳ ᠤᠨ ᠡᠪᠦᠯ ᠤᠨ ᠠᠮᠠᠷᠠᠯᠲᠠ ᠲᠠᠯᠪᠢᠬᠤ ᠠᠴᠠ ᠡᠮᠦᠨᠡᠬᠢ ᠠᠮᠤᠷ ᠲᠦᠪᠰᠢᠨ ᠤ ᠭᠤᠤᠯ ᠰᠡᠳᠦᠪᠲᠦ ᠠᠩᠭᠢ ᠶᠢᠨ ᠬᠢᠴᠢᠶᠡᠯ ᠵᠡᠷᠭᠡ ᠬᠡᠯᠪᠡᠷᠢ ᠪᠠᠷ ᠰᠤᠷᠤᠭᠴᠢᠳ ᠲᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠭᠤᠤᠯ ᠰᠡᠳᠦᠪᠲᠦ ᠬᠥᠮᠦᠵᠢᠯ ᠬᠢᠪᠠ᠃     ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠡᠴᠡᠭᠦᠳᠡᠭᠰᠡᠨ ᠠᠴᠠ ᠪᠤᠯᠵᠤ᠂ ᠰᠤᠷᠭᠠᠭᠤᠯᠢ ᠠᠴᠠ ᠪᠠᠭᠰᠢ ᠰᠤᠷᠤᠭᠴᠢᠳ ᠢ ᠴᠢᠩᠭ᠎ᠠ ᠰᠡᠷᠭᠡᠶᠢᠯᠡᠵᠦ ᠴᠢᠩᠭ᠎ᠠ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠲᠤᠷ ᠬᠢᠬᠦ ᠶᠢᠨ ᠬᠠᠮᠲᠤ᠂ ᠪᠠᠭᠰᠢ ᠰᠤᠷᠤᠭᠴᠢᠳ ᠲᠤ ᠣᠨᠴᠠᠭᠠᠶ ᠪᠠᠶᠢᠳᠠᠯ ᠥᠬᠡᠶ᠂ ᠠᠮᠠᠷᠠᠯᠲᠠ ᠶᠢᠨ ᠬᠤᠭᠤᠴᠠᠭᠠᠨ ᠳᠤ ᠭᠠᠳᠠᠷ ᠣᠷᠣᠨ ᠳᠤ ᠣᠴᠢᠵᠤ ᠪᠣᠯᠬᠤ ᠥᠬᠡᠶ᠃ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠪᠠᠭᠰᠢ ᠰᠣᠷᠣᠭᠴᠢ᠂ ᠬᠡᠷ ᠤᠨ ᠠᠬᠠᠮᠠᠳ ᠡᠪᠦᠯ ᠤᠨ ᠠᠮᠠᠷᠠᠯᠲᠠ ᠲᠠᠯᠪᠢᠬᠤ ᠠᠴᠠ ᠡᠮᠦᠨᠡᠬᠢ ᠠᠮᠤᠷ ᠲᠦᠪᠰᠢᠨ ᠤ ᠰᠦᠯᠵᠢᠶᠡᠨ ᠤ ᠠᠩᠭᠢ ᠶᠢᠨ ᠬᠢᠴᠢᠶᠡᠯ ᠣᠷᠣᠵᠤ᠂ ᠵᠠᠮ ᠬᠠᠷᠢᠯᠴᠠᠭ᠎ᠠ᠂ ᠤᠰᠤᠨ ᠳᠤ ᠵᠢᠪᠬᠦ᠂ ᠭᠠᠯ ᠤᠨᠲᠠᠷᠠᠭᠠᠬᠤ᠂ ᠴᠠᠬᠢᠯᠭᠠᠨ ᠬᠡᠷᠡᠭᠯᠡᠬᠦ᠂ ᠬᠤᠤᠷᠳᠠᠬᠤ᠂ ᠰᠦᠯᠵᠢᠶᠡᠨ ᠤ ᠠᠮᠤᠷ ᠲᠦᠪᠰᠢᠨ᠂ ᠰᠡᠳᠬᠢᠴᠡ ᠶᠢᠨ ᠲᠣᠬᠢᠷᠠᠭᠤᠯᠤᠯ ᠡᠵᠡᠮᠳᠡᠯ ᠵᠡᠷᠭᠡ ᠠᠮᠠᠷᠬᠠᠨ ᠡᠭᠦᠰᠬᠦ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠰᠡᠷᠭᠡᠶᠢᠯᠡᠬᠦ ᠠᠷᠭ᠎ᠠ ᠬᠡᠮᠵᠢᠶ᠎ᠡ ᠪᠠ ᠠᠷᠭᠠᠴᠠᠬᠤ ᠠᠷᠭ᠎ᠠ ᠳᠤᠷᠠᠳᠴᠤ᠂ ᠰᠤᠷᠤᠭᠴᠢᠳ ᠲᠤ ᠯᠠᠪᠯᠠᠯᠲᠠ ᠪᠣᠯᠭᠠᠵᠤ᠂ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠪᠤᠰᠤ ᠳᠠᠯᠳᠠ ᠬᠡᠮ ᠡᠭᠦᠰᠬᠦ ᠶᠢ ᠪᠠᠭᠠᠰᠬᠠᠵᠠᠶ᠃  ᠰᠤᠷᠤᠭᠴᠢ ᠨᠢᠭᠡᠪᠦᠷᠢ ᠶᠢᠨ ᠠᠮᠤᠷ ᠲᠦᠪᠰᠢᠨ ᠨᠢ ᠲᠠ ᠪᠢᠳᠡᠨ ᠲᠠᠢ  ᠨᠢᠭᠲᠠ   ᠬᠤᠯᠪᠤᠭᠳᠠᠨ  ᠂  ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠠᠮᠤᠷ ᠲᠦᠪᠰᠢᠨ ᠢ ᠪᠠᠲᠤ ᠴᠡᠭᠡᠵᠢᠯᠡᠵᠦ᠂ ᠪᠠᠶᠠᠷ ᠪᠠᠶᠠᠰᠬᠤᠯᠠᠩ ᠲᠠᠢ ᠪᠥᠭᠡᠳ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ᠃
 
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号