12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨᠵᠤᠤᠷ | ᠬᠤᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠲᠤᠬᠠᠶ ᠶᠢᠨ ᠲᠠᠯᠠᠪᠤᠷ ᠲᠤ ᠨᠢ | ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠤᠷᠢᠭᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠡᠷᠡᠰ ᠰᠢᠭᠤᠷᠬᠠᠶ | ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠬᠤᠷᠢᠭᠯᠠᠬᠤ ᠠᠵᠢᠯ ᠤᠨ ᠠᠯᠳᠠᠰᠢ ᠭᠠᠷᠬᠤ ᠶᠢ ᠲᠦᠷᠭᠡᠨ᠂ | ᠴᠢᠩᠭ᠎ᠠ ᠪᠥᠭᠡᠳ ᠪᠣᠳᠠᠲᠠᠶ ᠪᠠᠷ ᠬᠤᠷᠢᠭᠯᠠᠵᠤ᠂ ᠬᠢᠵᠢᠭ ᠲᠠᠷᠬᠠᠬᠤ ᠶᠢ ᠪᠦᠬᠦ ᠬᠦᠴᠦ ᠪᠠᠷ ᠢᠶᠠᠨ ᠬᠤᠷᠢᠭᠯᠠᠬᠤ | ᠬᠡᠷᠡᠭᠲᠡᠶ ᠭᠡᠵᠡᠶ᠃ | 12 ᠰᠠᠷ᠎ᠠ ᠶᠢᠨ 1 ᠤ ᠤᠷᠤᠢ᠂ ᠬᠤᠸᠠᠩ ᡁᠢ ᠴᠢᠶᠠᠩ ᠮᠠᠨᠵᠤᠤᠷ ᠬᠤᠳᠠ ᠳᠤ ᠬᠦᠷᠦᠭᠰᠡᠨ ᠤ ᠲᠠᠷᠠᠭ᠎ᠠ᠂ | ᠲᠡᠷᠡ ᠳᠠᠷᠤᠢ ᠳᠤ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠬᠤᠷᠠᠯ ᠳᠤ | ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠭᠡ ᠲᠠᠯ᠎ᠠ ᠶᠢᠨ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ | ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ 12 ᠳ᠋ᠤᠭᠠᠷ | ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠠᠬᠤᠯ ᠡᠪᠡᠳᠴᠢᠨ ᠢ ᠪᠠᠶᠢᠴᠠᠭᠠᠨ ᠵᠢᠯᠣᠭᠤᠳᠬᠤ ᠲᠥᠪ᠂ | ᠬᠤᠸᠠ ᠺᠠᠶ ᠬᠤᠷᠢᠶᠠᠯᠠᠯ ᠤᠨ ᠲᠥᠪᠯᠡᠷᠡᠭᠦᠯᠦᠨ ᠲᠤᠰᠠᠭᠠᠷᠯᠠᠬᠤ ᠴᠡᠭ᠂ ᠳᠥᠷᠪᠡᠯᠵᠢᠨ ᠥᠷᠥᠭᠡ ᠶᠢᠨ ᠪᠠᠶᠢᠴᠠᠭᠠᠨ | ᠰᠢᠯᠭᠠᠬᠤ ᠲᠤᠷᠰᠢᠯᠲᠠ ᠶᠢᠨ ᠲᠠᠰᠤᠭ ᠵᠡᠷᠭᠡ ᠶᠢ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠪᠸᠢ ᠳᠦᠨ | ᠲᠣᠰᠬᠤᠨ ᠤ ᠫᠢᠩ ᠹᠠᠩ ᠬᠤᠷᠢᠶᠠᠯᠠᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠠᠰᠢᠷᠠᠮ ᠢᠶᠠᠷ ᠪᠠᠶᠢᠴᠠᠭᠠᠪᠠ᠃ ᠬᠤᠸᠠᠩ ᡁᠢ ᠴᠢᠶᠠᠩ ᠨᠡᠶᠢᠭᠡᠮ ᠲᠣᠭᠤᠷᠢᠭ ᠤᠨ ᠬᠠᠮᠢᠶᠠᠷᠤᠨ | ᠬᠤᠷᠢᠭᠯᠠᠬᠤ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠠᠭᠠᠷᠯᠠᠬᠤ᠂ ᠲᠠᠬᠤᠯ ᠡᠪᠡᠳᠴᠢᠨ ᠢ | ᠵᠢᠭᠰᠠᠭᠠᠨ ᠪᠠᠶᠢᠴᠠᠭᠠᠬᠤ᠂ ᠡᠪᠡᠳᠴᠢᠲᠡᠨ ᠢ ᠠᠪᠤᠷᠠᠨ ᠡᠮᠨᠡᠬᠦ᠂ ᠡᠳ᠋ ᠪᠣᠳᠠᠰ ᠢ ᠪᠠᠲᠤᠯᠠᠬᠤ ᠵᠡᠷᠭᠡ ᠪᠠᠶᠢᠳᠠᠯ ᠢ ᠨᠠᠷᠢᠨ | ᠬᠢᠨᠠᠮᠠᠭᠠᠶ ᠣᠶᠢᠯᠠᠭᠠᠵᠤ᠂ ᠨᠡᠶᠢᠭᠡᠮ ᠲᠣᠭᠤᠷᠢᠭ ᠤᠨ ᠺᠠᠳ᠋ᠷ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ | ᠰᠣᠨᠢᠨ ᠮᠡᠳᠡᠭᠡᠨ ᠤ ᠠᠵᠢᠯᠲᠠᠨ ᠵᠡᠷᠭᠡ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠲᠡᠷᠡ | ᠵᠢᠭᠠᠵᠤ ᠭᠠᠷᠭᠠᠭᠰᠠᠨ ᠨᠢ᠂ ᠬᠢᠵᠢᠭ ᠲᠠᠷᠬᠠᠬᠤ ᠶᠢ ᠡᠷᠡᠰ ᠰᠡᠷᠭᠡᠶᠢᠯᠡᠬᠦ ᠪᠣᠯ ᠴᠢᠬᠤᠯᠠ ᠠᠴᠠ ᠴᠢᠬᠤᠯᠠ᠂ ᠪᠠᠴᠢᠮ ᠠᠴᠠ | ᠪᠠᠴᠢᠮ ᠶᠠᠪᠤᠳᠠᠯ ᠮᠥᠨ᠂ ᠡᠷᠬᠡᠪᠰᠢ ︽ᠲᠦᠷᠭᠡᠨ︾ ᠳᠤ ᠰᠠᠭᠤᠷᠢᠯᠠᠵᠤ᠂ ᠬᠠᠮᠤᠭ ᠤᠨ ᠪᠦᠲᠦᠮᠵᠢᠲᠡᠢ ᠠᠷᠭ᠎ᠠ | ᠬᠡᠮᠵᠢᠶ᠎ᠡ ᠪᠠᠷ ᠴᠠᠭ ᠮᠥᠴᠡ ᠶᠢ ᠠᠯᠳᠠᠯ ᠦᠭᠡᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠶ ᠭᠡᠵᠡᠢ᠃ ᠲᠡᠷᠡ | ᠴᠢᠬᠤᠯᠠᠴᠢᠯᠠᠭᠰᠠᠨ ᠨᠢ᠂ ᠰᠡᠷᠭᠡᠶᠢᠯᠡᠨ ᠬᠤᠷᠢᠭᠯᠠᠬᠤ ᠠᠵᠢᠯ ᠤᠨ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ ᠡᠭᠦᠨ ᠤ | ᠵᠠᠩᠭᠢᠯᠠᠭ᠎ᠠ ᠨᠢ ᠰᠢᠨᠵᠢᠯᠡᠬᠦ ᠤᠬᠠᠭᠠᠨᠴᠢ ᠪᠥᠭᠡᠳ ᠪᠣᠳᠠᠲᠠᠶ ᠶᠢ ᠡᠷᠬᠢᠮᠯᠡᠬᠦ ᠣᠪᠣᠷ ᠪᠠ ᠡᠷᠡᠰ ᠰᠢᠭᠤᠷᠬᠠᠶ ᠠᠷᠭ᠎ᠠ | ᠬᠡᠮᠵᠢᠶ᠎ᠡ ᠪᠠᠷ ᠳᠠᠮᠵᠢᠭᠤᠯᠤᠨ ᠬᠢᠵᠢᠭ ᠲᠠᠷᠬᠠᠬᠤ ᠠᠷᠭ᠎ᠠ ᠵᠠᠮ ᠢ ᠲᠡᠰᠦᠯᠵᠦ᠂ ᠰᠡᠷᠭᠡᠶᠢᠯᠡᠨ ᠬᠤᠷᠢᠭᠯᠠᠬᠤ ᠠᠵᠢᠯ ᠤᠨ | ᠠᠯᠳᠠᠰᠢ ᠭᠠᠷᠬᠤ ᠶᠢ ᠬᠤᠷᠢᠭᠯᠠᠬᠤ ᠶᠠᠪᠤᠳᠠᠯ ᠪᠣᠯᠤᠨ᠎ᠠ᠃ ᠴᠤᠪᠤᠷᠠᠯ ᠢ ᠰᠢᠯᠢᠳᠡᠭᠵᠢᠭᠦᠯᠵᠦ᠂ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠰᠠᠭᠤᠷᠢ ᠲᠤᠭ᠎ᠠ ᠶᠢ | ᠲᠣᠳᠣᠷᠬᠠᠶ ᠣᠶᠢᠯᠠᠭᠠᠬᠤ ᠬᠡᠷᠡᠭᠲᠡᠶ᠃ ᠴᠢᠩᠭ᠎ᠠ ᠬᠠᠮᠢᠶᠠᠷᠤᠨ ᠬᠤᠷᠢᠭᠯᠠᠵᠤ᠂ ᠠᠷᠭ᠎ᠠ ᠪᠦᠬᠦᠨ ᠢ ᠰᠦᠪᠡᠭᠴᠢᠯᠡᠨ | ᠲᠤᠰᠠᠭᠠᠷᠯᠠᠬᠤ ᠲᠠᠯᠠᠪᠤᠷ ᠭᠠᠵᠠᠷ ᠪᠠ ᠲᠤᠰᠠᠭᠠᠷᠯᠠᠬᠤ ᠥᠷᠥᠭᠡ ᠶᠢ ᠨᠡᠮᠡᠭᠳᠡᠭᠦᠯᠵᠦ᠂ ᠡᠷᠬᠡᠪᠰᠢ ᠨᠢᠭᠲᠠ | ᠣᠶᠢᠷᠠᠲᠤᠭᠰᠠᠳ ᠢ ᠰᠢᠯᠵᠢᠭᠦᠯᠬᠦ ᠪᠠ ᠲᠥᠪᠯᠡᠷᠡᠭᠦᠯᠦᠨ ᠲᠤᠰᠠᠭᠠᠷᠯᠠᠬᠤ ᠶᠢ ᠲᠣᠭᠲᠠᠭᠰᠠᠨ ᠴᠠᠭ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ᠃ ᠬᠠᠮᠢᠶᠠᠷᠤᠯᠲᠠ ᠪᠠᠨ ᠵᠢᠷᠤᠮᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠬᠢᠵᠦ᠂ ᠳᠣᠲᠣᠭᠠᠳᠤ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ | ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ | ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠬᠡᠷᠡᠭᠴᠡᠭᠡ ᠶᠢ ᠦᠨᠡᠨ ᠰᠡᠳᠬᠢᠯ ᠠᠴᠠ ᠪᠠᠨ | ᠰᠠᠶᠢᠲᠤᠷ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠬᠤᠷᠳᠤᠴᠠ ᠲᠠᠢ᠂ | ᠡᠷᠴᠢᠮ ᠲᠠᠢ᠂ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ ᠭᠡᠵᠡᠢ᠃ |