ᠣᠳᠣᠬᠠᠨ ᠤ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ | ᠪᠠᠶᠢᠬᠤ ᠶᠢ ᠦᠨᠳᠦᠰᠦᠯᠡᠨ᠂ ᠲᠦᠪ ᠬᠤᠲᠠ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠠᠯᠬᠤᠮ ᠴᠢᠨᠠᠭᠰᠢᠳᠠ ᠴᠢᠩᠭᠠᠳᠬᠠᠵᠤ᠂ ᠲᠦᠪ ᠬᠤᠲᠠ ᠶᠢᠨ ᠲᠣᠭᠤᠷᠢᠭ ᠤᠨ ᠬᠢᠵᠢᠭ ᠤᠨ | ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠬᠥᠯᠥᠨ ᠪᠤᠶᠢᠷ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 29 ᠳ᠋ᠤᠭᠡᠷ | ᠲᠣᠭᠠᠲᠤ ᠠᠯᠪᠠᠨ ᠵᠠᠷᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠶᠢᠯᠠᠷ ᠲᠣᠭᠤᠷᠢᠭ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 108 ᠳ᠋ᠤᠭᠠᠷ ᠲᠣᠭᠠᠲᠤ᠂ 109 ᠳ᠋ᠤᠭᠡᠷ ᠲᠣᠭᠠᠲᠤ | ᠠᠯᠪᠠᠨ ᠵᠠᠷᠯᠠᠯ ᠤᠨ ᠰᠠᠭᠤᠷᠢᠨ ᠳᠡᠭᠡᠷ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠯ ᠢ ᠴᠢᠩᠭᠠᠳᠬᠠᠨ᠎ᠠ᠃ ᠰᠢᠨ᠎ᠡ ᠪᠠᠷᠭᠤ | ᠪᠠᠷᠠᠭᠤᠨ ᠬᠤᠰᠢᠭᠤᠨ ᠳᠤ ᠬᠦᠷᠴᠦ ᠬᠠᠶᠢᠯᠠᠷ ᠲᠣᠭᠤᠷᠢᠭ ᠲᠤ ᠪᠤᠴᠠᠵᠤ ᠢᠷᠡᠭᠰᠡᠳ ᠵᠢᠴᠢ 14 ᠡᠳᠦᠷ ᠤᠨ | ᠳᠣᠲᠣᠷ᠎ᠠ ᠰᠢᠨ᠎ᠡ ᠪᠠᠷᠭᠤ ᠪᠠᠷᠠᠭᠤᠨ ᠬᠤᠰᠢᠭᠤᠨ ᠳᠤ ᠵᠢᠭᠤᠯᠴᠢᠯᠠᠭᠰᠠᠨ ᠲᠡᠦᠬᠡ ᠲᠠᠢ ᠬᠥᠮᠦᠰ ᠲᠤ ︽14 ᠡᠳᠦᠷ | ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭ᠎ᠠ ᠶᠢ ᠰᠢᠨ᠎ᠡ ᠪᠠᠷᠭᠤ ᠪᠠᠷᠠᠭᠤᠨ | ᠬᠤᠰᠢᠭᠤᠨ ᠠᠴᠠ ᠭᠠᠷᠤᠭᠰᠠᠨ ᠡᠳᠦᠷ ᠠᠴᠠ ᠡᠬᠢᠯᠡᠵᠦ ᠪᠤᠳᠤᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠳᠤ | ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠢ᠂ ᠨᠡᠶᠢᠭᠡᠮ | ᠲᠣᠭᠤᠷᠢᠭ ︵ᠲᠣᠰᠬᠤᠨ︶᠂ ᠲᠣᠮᠢᠯᠠᠭᠰᠠᠨ ᠰᠠᠯᠪᠤᠷᠢ᠂ ᠪᠠᠭᠤᠳᠠᠯ ᠳᠤ ᠣᠷᠣᠵᠤ ᠰᠠᠭᠤᠭᠰᠠᠨ ᠮᠡᠳᠡᠭᠦᠯᠦᠯᠲᠡ ᠬᠢᠵᠦ᠂ | ᠵᠤᠬᠢᠴᠠᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠨᠠᠶᠢᠳᠠᠪᠤᠷᠢᠵᠢᠭᠤᠯᠵᠤ᠂ | ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ ᠬᠥᠮᠦᠰ ᠵᠢᠴᠢ | ᠨᠢᠭᠡᠴᠢ ᠠᠴᠠ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠬᠤᠶᠠᠷ᠂ ᠬᠤᠲᠠ ᠶᠢᠨ ᠲᠣᠭᠤᠷᠢᠭ ᠠᠴᠠ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠨ᠎ᠠ᠃ ᠴᠢᠬᠤᠯᠠ | ᠦᠬᠡᠢ ᠪᠤᠯ ᠬᠡᠷ ᠠᠴᠠ ᠪᠠᠨ ᠭᠠᠷᠬᠤ ᠥᠬᠡᠶ᠂ ᠴᠢᠬᠤᠯᠠ ᠦᠭᠡᠢ ᠪᠤᠯ ᠬᠠᠶᠢᠯᠠᠷ ᠠᠴᠠ ᠭᠠᠷᠬᠤ ᠥᠬᠡᠶ ᠪᠠᠶᠢᠬᠤ ᠶᠢ | ᠪᠠᠷᠢᠮᠲᠠᠯᠠᠵᠤ᠂ ᠬᠥᠮᠦᠰ ᠤᠨ ᠶᠠᠪᠤᠵᠤ ᠰᠠᠭᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠬᠤᠭᠤᠴᠠᠭᠠᠨ ᠳᠠᠬᠢ ᠮᠠᠰᠢᠨᠲᠤ ᠲᠡᠷᠭᠡ | ᠂ ᠠᠵᠢᠯ ᠳᠤ ᠭᠠᠷᠬᠤ ᠬᠥᠮᠦᠰ ᠤᠨ ᠲᠦᠷ ᠴᠠᠭ ᠤᠨ ᠨᠡᠪᠲᠡᠷᠡᠬᠦ ᠦᠨᠡᠮᠯᠡᠯ ᠢ ᠪᠥᠬᠦ ᠲᠠᠯ᠎ᠠ ᠪᠠᠷ ᠬᠦᠴᠦᠨ ᠥᠬᠡᠶ | ᠪᠣᠯᠭᠠᠨ᠎ᠠ᠃ ᠣᠨᠴᠠᠭᠠᠢ ᠪᠠᠶᠢᠳᠠᠯ ᠠᠴᠠ ᠪᠤᠯᠵᠤ ᠭᠤᠣᠯ ᠬᠤᠳᠠ ᠶᠢᠨ ᠲᠣᠭᠤᠷᠢᠭ ᠢᠶᠠᠷ ᠣᠷᠣᠵᠤ ᠭᠠᠷᠬᠤ ᠴᠢᠬᠤᠯᠠᠲᠠᠢ | ᠬᠥᠮᠦᠰ ᠡᠷᠬᠡᠪᠰᠢ ᠳᠣᠣᠷᠠᠬᠢ ᠵᠢᠷᠤᠮ ᠢ ᠭᠦᠢᠴᠡᠳᠬᠡᠨ᠎ᠡ᠄ | ᠬᠤᠲᠠ ᠶᠢᠨ ᠬᠡᠪᠴᠢᠶᠡᠨ ᠳᠠᠬᠢ ᠪᠤᠰᠤᠳ ᠬᠤᠰᠢᠭᠤ ᠬᠤᠲᠠ ᠲᠣᠭᠤᠷᠢᠭ ᠤᠨ ᠬᠠᠶᠢᠯᠠᠷ ᠲᠣᠭᠤᠷᠢᠭ ᠲᠤ | ᠣᠷᠣᠬᠤ ᠪᠠᠷ ᠪᠠᠶᠢᠭ᠎ᠠ ᠬᠥᠮᠦᠰ ᠢ ᠪᠠᠶᠢᠭ᠎ᠠ ᠬᠤᠰᠢᠭᠤ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠠᠴᠠ ᠤᠷᠢᠳᠴᠢᠯᠠᠨ ᠬᠠᠶᠢᠯᠠᠷ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠲᠤ ᠵᠠᠬᠢᠳᠠᠯ ᠢᠯᠡᠭᠡᠬᠦ ᠶᠢᠨ ᠬᠠᠮᠲᠤ ᠵᠥᠪᠰᠢᠶᠡᠷᠡᠯ ᠣᠯᠤᠭᠰᠠᠨ ᠤ ᠳᠠᠷᠠᠭ᠎ᠠ᠂ 48 | ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠷ ᠰᠠᠶ᠋ᠢ | ᠣᠷᠣᠵᠤ ᠪᠣᠯᠤᠨ᠎ᠠ᠃ ᠬᠠᠶᠢᠯᠠᠷ ᠲᠣᠭᠤᠷᠢᠭ ᠤᠨ ᠳᠣᠲᠣᠷᠠᠬᠢ ᠭᠠᠳᠠᠭᠰᠢ ᠭᠠᠷᠬᠤ ᠪᠠᠷ ᠲᠥᠯᠥᠪᠯᠡᠵᠦ ᠪᠠᠶᠢᠭ᠎ᠠ ᠬᠥᠮᠦᠰ | ᠂ ᠠᠵᠢᠯᠯᠠᠵᠤ ᠪᠠᠶᠢᠭ᠎ᠠ ᠨᠢᠭᠡᠴᠢ ᠵᠢᠴᠢ ᠪᠠᠶᠢᠭ᠎ᠠ ᠪᠠᠯᠭᠠᠰᠤ ︵ᠠᠯᠪᠠᠨ ᠬᠡᠷ︶ ᠶᠢᠨ ᠵᠥᠪᠰᠢᠶᠡᠷᠡᠯ ᠢᠶᠠᠷ᠂ ᠬᠠᠶᠢᠯᠠᠷ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ | ᠪᠢᠯᠢᠭ ᠴᠢᠨᠠᠷ ᠤᠨ ᠭᠡᠷᠡᠴᠢ ᠲᠠᠢ ᠪᠣᠯ ᠰᠠᠶ᠋ᠢ ᠭᠠᠳᠠᠭᠰᠢ ᠭᠠᠷᠴᠤ ᠪᠣᠯᠤᠨ᠎ᠠ᠃ ᠬᠡᠷᠪᠡ ᠠᠯᠪᠠᠨ ᠵᠠᠷᠯᠠᠯ ᠳᠤ | ᠲᠣᠭᠲᠠᠭᠠᠭᠰᠠᠨ ᠶᠣᠰᠣᠭᠠᠷ ᠭᠤᠤᠯ ᠬᠤᠲᠠ ᠶᠢᠨ ᠲᠣᠭᠤᠷᠢᠭ ᠢᠶᠠᠷ ᠣᠷᠣᠵᠤ ᠭᠠᠷᠤᠭᠰᠠᠨ ᠥᠬᠡᠶ ᠪᠣᠯ ᠬᠢᠵᠢᠭ | ᠰᠡᠷᠭᠡᠶᠢᠯᠡᠬᠦ ᠪᠠᠶᠢᠴᠠᠭᠠᠯᠲᠠ ᠠᠴᠠ ᠵᠠᠶᠢᠯᠠᠭᠰᠠᠨ ᠢᠶᠠᠷ ᠦᠵᠡᠵᠦ᠂ ᠣᠯᠵᠤ ᠮᠡᠳᠡᠪᠡᠯ᠂ ᠬᠠᠮᠢᠶ᠎ᠠ ᠪᠥᠬᠦᠶ ᠬᠥᠮᠦᠰ ᠤᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶ᠎ᠠ ᠣᠷᠣᠨ ᠤ ᠠᠵᠤ ᠠᠬᠤᠶᠢᠯᠠᠯ ᠢ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠶ᠎ᠠ | ᠭᠠᠵᠠᠷ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠬᠤᠪᠢ ᠬᠥᠮᠦᠨ | ᠭᠤᠤᠯ ᠬᠤᠲᠠ ᠶᠢᠨ ᠲᠣᠭᠤᠷᠢᠭ ᠲᠤ ᠣᠴᠢᠵᠤ ᠪᠤᠴᠠᠪᠠᠯ᠂ ᠡᠷᠬᠡᠪᠰᠢ 48 ᠴᠠᠭ ᠤᠨ ᠳᠣᠲᠣᠷᠠᠬᠢ ᠪᠥᠭᠡᠮ | ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ ᠰᠠᠶ᠋ᠢ ᠨᠡᠪᠲᠡᠷᠡᠵᠦ ᠪᠣᠯᠤᠨ᠎ᠠ︔ | ᠠᠵᠢᠯ ᠳᠤ ᠭᠠᠷᠬᠤ ᠲᠡᠷᠭᠡ ᠬᠥᠰᠬᠡ ᠪᠠᠷ ᠠᠵᠢᠯ ᠳᠤ ᠭᠠᠷᠬᠤ ᠬᠥᠮᠦᠰ ᠢ ᠲᠥᠪᠯᠡᠷᠡᠭᠦᠯᠦᠨ ᠲᠡᠭᠡᠭᠡᠪᠦᠷᠢᠯᠡᠨ | ᠬᠦᠷᠭᠡᠬᠦ ᠳᠤ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠣᠭᠲᠠᠭᠰᠠᠨ ᠤ | ᠳᠠᠷᠠᠭ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠣᠯᠭᠤᠭᠰᠠᠨ ᠨᠡᠪᠲᠡᠷᠡᠬᠦ ᠦᠨᠡᠮᠯᠡᠯ ᠢᠶᠠᠷ | ᠨᠡᠪᠲᠡᠷᠡᠨ᠎ᠡ᠃ | ᠬᠠᠶᠢᠯᠠᠷ ᠤᠨ ᠭᠤᠤᠯ ᠬᠤᠲᠠ ᠶᠢᠨ ᠲᠣᠭᠤᠷᠢᠭ ᠤᠨ ᠭᠠᠳᠠᠨᠠᠬᠢ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠬᠤᠪᠢ ᠬᠥᠮᠦᠨ ᠭᠤᠤᠯ ᠬᠤᠲᠠ ᠶᠢᠨ ᠲᠣᠭᠤᠷᠢᠭ ᠲᠤ ᠣᠴᠢᠵᠤ ᠪᠤᠴᠠᠬᠤ ᠴᠢᠬᠤᠯᠠᠲᠠᠶ ᠪᠠᠶᠢᠪᠠᠯ᠂ 48 | ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ | ᠰᠠᠶ᠋ᠢ ᠨᠡᠪᠲᠡᠷᠡᠵᠦ ᠪᠣᠯᠤᠨ᠎ᠠ︔ ᠠᠵᠢᠯ ᠳᠤ ᠶᠠᠪᠤᠬᠤ ᠲᠡᠷᠭᠡ ᠬᠥᠰᠬᠡ ᠪᠠᠷ ᠠᠵᠢᠯ ᠳᠤ ᠶᠠᠪᠤᠬᠤ ᠬᠥᠮᠦᠰ ᠢ | ᠲᠥᠪᠯᠡᠷᠡᠭᠦᠯᠦᠨ ᠲᠡᠭᠡᠭᠡᠪᠦᠷᠢᠯᠡᠨ ᠬᠦᠷᠭᠡᠬᠦ ᠳᠤ᠂ ᠪᠠᠶᠢᠭ᠎ᠠ ᠨᠢᠭᠡᠴᠢ ᠨᠢ ᠵᠢᠩᠬᠢᠨᠢ ᠭᠡᠷᠡᠴᠢᠯᠡᠬᠦ ᠪᠢᠴᠢᠭ ᠮᠠᠲ᠋ᠧᠷᠢᠶᠠᠯ | ᠭᠠᠷᠭᠠᠬᠤ ᠶᠢᠨ ᠬᠠᠮᠲᠤ ᠪᠠᠶᠢᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠢ ᠭᠠᠷ ᠤᠨ ᠥᠰᠥᠭ ᠵᠢᠷᠤᠵᠤ ᠠᠯᠪᠠᠨ | ᠲᠠᠮᠠᠭ᠎ᠠ ᠳᠠᠷᠤᠭᠰᠠᠨ ᠤ ᠳᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠠᠶ᠋ᠢ ᠨᠡᠪᠲᠡᠷᠡᠵᠦ ᠪᠣᠯᠤᠨ᠎ᠠ᠃ | ᠭᠤᠷᠪᠠ᠂ ᠭᠠᠳᠠᠨ᠎ᠠ ᠠᠴᠠ ᠢᠷᠡᠭᠰᠡᠨ ᠪᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠡᠮᠴᠢᠯᠡᠭᠡᠨ ᠤ ᠡᠳ᠋ ᠪᠣᠳᠠᠰ ᠤᠨ ᠲᠥᠬᠦᠭᠡᠷᠦᠮᠵᠢ᠂ ᠠᠮᠢᠳᠤᠷᠠᠯ ᠤᠨ ᠬᠡᠷᠡᠭᠰᠡᠯ᠂ ᠲᠠᠷᠢᠶᠠᠯᠠᠩ ᠤᠨ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠵᠡᠷᠭᠡ ᠶᠢ ᠲᠡᠭᠡᠭᠡᠪᠦᠷᠢᠯᠡᠨ ᠬᠦᠷᠭᠡᠬᠦ ᠳᠤ ᠦᠨᠡᠨ ᠬᠦ ᠬᠠᠶᠢᠯᠠᠷ ᠲᠣᠭᠤᠷᠢᠭ ᠲᠤ ᠣᠷᠣᠬᠤ | ᠴᠢᠬᠤᠯᠠᠲᠠᠶ ᠪᠠᠷᠠᠭᠠᠨ ᠤ ᠲᠡᠷᠭᠡ ᠬᠥᠰᠬᠡ ᠵᠠᠰᠠᠮᠠᠯ ᠵᠠᠮ ᠤᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ | ᠥᠷᠲᠡᠭᠡ ᠠᠴᠠ ᠺᠣᠳ᠋ ᠰᠢᠯᠭᠠᠨ᠂ ᠪᠡᠶ᠎ᠡ ᠶᠢᠨ ᠬᠠᠯᠠᠭᠤᠨ ᠢ ᠬᠡᠮᠵᠢᠭᠰᠡᠨ ᠤ ᠳᠠᠷᠠᠭ᠎ᠠ᠂ 48 ᠴᠠᠭ ᠤᠨ ᠳᠣᠲᠣᠷᠠᠬᠢ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠠᠷ ᠨᠡᠪᠲᠡᠷᠡᠨ᠎ᠡ᠃ ᠭᠤᠤᠯ ᠬᠤᠲᠠ ᠳᠤ | ᠣᠷᠣᠭᠰᠠᠨ ᠤ ᠳᠠᠷᠠᠭ᠎ᠠ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠷᠠᠭ᠎ᠠ | ᠲᠡᠭᠡᠭᠡᠵᠦ ᠪᠠᠭᠤᠯᠭᠠᠭᠰᠠᠨ ᠤ ᠳᠠᠷᠠᠭ᠎ᠠ ᠳᠠᠷᠤᠶ ᠲᠦᠷᠭᠡᠨ ᠬᠤᠲᠠ ᠶᠢᠨ ᠲᠣᠭᠤᠷᠢᠭ ᠠᠴᠠ ᠰᠠᠯᠵᠤ᠂ ᠰᠠᠭᠠᠲᠠᠬᠤ ᠶᠢ | ᠴᠢᠩᠭ᠎ᠠ ᠴᠠᠭᠠᠵᠠᠯᠠᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠭᠠᠳᠠᠨ᠎ᠠ ᠠᠴᠠ ᠢᠷᠡᠭᠰᠡᠨ ᠪᠠᠷᠠᠭ᠎ᠠ ᠶᠢᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠤᠯᠠᠮ ᠴᠢᠨᠠᠭᠰᠢᠳᠠ | ᠴᠢᠩᠭᠠᠳᠬᠠᠵᠤ᠂ ᠰᠢᠯᠭᠠᠨ ᠪᠠᠶᠢᠴᠠᠭᠠᠬᠤ ᠤᠳᠠᠭ᠎ᠠ ᠳᠠᠷᠠᠭ᠎ᠠ ᠶᠢ ᠨᠢᠭᠲᠠ ᠪᠣᠯᠭᠠᠨ᠂ ᠪᠠᠷᠠᠭ᠎ᠠ ᠪᠠᠷ ᠳᠠᠮᠵᠢᠨ | ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠎ᠡ᠃ | ᠳᠥᠷᠪᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠤᠨ ᠡᠵᠡᠮᠳᠡᠨ᠎ᠡ᠃ ᠪᠤᠢ ᠪᠦᠬᠦᠢ | ᠢᠳᠡᠭᠡᠨ ᠤᠮᠳᠠᠭᠠᠨ ᠤ ᠭᠠᠵᠠᠷ ᠬᠤᠭᠤᠯᠠᠨ ᠭᠡᠷ ᠬᠤᠭᠤᠯᠠ ᠬᠠᠩᠭᠠᠵᠤ ᠪᠣᠯᠬᠤ ᠦᠭᠡᠢ᠂ ᠵᠥᠪᠬᠡᠨ ᠬᠦᠷᠭᠡᠳᠡᠭ᠂ | ᠲᠦᠷᠭᠡᠨ ᠬᠤᠭᠤᠯᠠ ᠶᠢᠨ ᠠᠵᠢᠯ ᠬᠠᠩᠭᠠᠵᠤ ᠪᠣᠯᠤᠨ᠎ᠠ᠃ ᠪᠤᠢ ᠪᠦᠬᠦᠢ ᠬᠤᠪᠢ ᠶᠢᠨ ᠡᠵᠡᠩᠨᠡᠯᠲᠡ ᠶᠢᠨ ᠡᠮᠴᠢᠯᠡᠭᠡᠨ ᠤ | ᠪᠠᠶᠢᠭᠤᠯᠤᠮᠵᠢ᠂ ᠬᠤᠪᠢ ᠶᠢᠨ ᠡᠮᠴᠢᠯᠡᠭᠡᠨ ᠤ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠡᠷᠡᠭᠦᠯ | ᠮᠡᠨᠳᠦ ᠶᠢᠨ ᠲᠠᠶᠢᠯᠤᠮᠵᠢ᠂ ᠬᠤᠷᠠᠯ ᠤᠨ ᠪᠣᠯᠪᠠᠰᠤᠷᠠᠭᠤᠯᠤᠯ᠂ ᠴᠤᠭᠯᠠᠭᠠᠨ ᠦᠵᠡᠰᠬᠦᠯᠡᠩ ᠪᠠᠶᠠᠷ ᠤᠨ ᠶᠣᠰᠣᠯᠠᠯ᠂ | ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠭ᠎ᠠ᠂ ᠱᠠᠰᠢᠨ ᠰᠤᠷᠲᠠᠬᠤᠨ ᠤ ᠠᠵᠢᠯᠯᠠᠭ᠎ᠠ ᠵᠡᠷᠭᠡ ᠡᠯ᠎ᠡ | ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠴᠢᠩᠭ᠎ᠠ ᠴᠠᠭᠠᠵᠠᠯᠠᠨ᠎ᠠ᠃ | ᠲᠠᠪᠤ᠂ ᠰᠤᠷᠭᠠᠭᠤᠯᠢ ᠶᠢᠨ ᠬᠦᠷᠢᠶᠡᠨ ᠳᠤ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ | ᠰᠡᠷᠭᠡᠶᠢᠯᠡᠨ᠎ᠡ᠃ ᠬᠠᠶᠢᠯᠠᠷ ᠲᠣᠭᠤᠷᠢᠭ ᠤᠨ ᠡᠯ᠎ᠡ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ | ᠪᠦᠬᠦᠨ ᠢᠶᠠᠷ ᠢᠶᠠᠨ ᠬᠢᠴᠢᠶᠡᠯ ᠵᠣᠭᠰᠣᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠪᠠ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠠᠵᠢᠯᠲᠠᠨ ᠠᠵᠢᠯᠴᠢᠨ᠂ | ᠰᠣᠷᠣᠭᠴᠢ ᠵᠢᠴᠢ ᠬᠠᠮᠲᠤ ᠰᠠᠭᠤᠵᠤ ᠪᠠᠶᠢᠭ᠎ᠠ ᠬᠡᠷ ᠪᠦᠯᠢ ᠶᠢᠨ ᠬᠢᠨ ᠢ ᠨᠠᠷᠢᠨ ᠵᠢᠭᠰᠠᠭᠠᠨ ᠪᠠᠶᠢᠴᠠᠭᠠᠬᠤ ᠶᠢᠨ ᠬᠠᠮᠲᠤ | ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ | ᠲᠤᠰᠠᠭᠠᠷᠯᠠᠵᠤ ᠪᠠᠶᠢᠭ᠎ᠠ ᠪᠤᠶᠤ ᠬᠡᠷ ᠲᠡᠭᠡᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠪᠠᠶᠢᠭ᠎ᠠ ᠰᠤᠷᠤᠭᠴᠢᠳ ᠲᠤ᠂ ᠡᠯ᠎ᠡ ᠰᠤᠷᠭᠠᠭᠤᠯᠢ ᠠᠴᠠ ᠰᠦᠯᠵᠢᠶᠡᠨ ᠳᠡᠭᠡᠷ᠎ᠡ ᠵᠢᠭᠠᠨ | ᠰᠤᠷᠭᠠᠯᠲᠠ ᠬᠢᠬᠦ ᠶᠢ ᠨᠢᠭᠡᠳᠦᠯᠲᠡᠶ ᠲᠦᠯᠦᠪᠯᠡᠨ ᠲᠤᠬᠢᠷᠠᠭᠤᠯᠤᠨ᠎ᠠ᠃ | ᠵᠢᠷᠭᠤᠭ᠎ᠠ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠡᠯ᠎ᠡ | ᠪᠠᠯᠭᠠᠰᠤ᠂ ᠵᠡᠭᠡᠯᠢ ᠭᠤᠳᠤᠮᠵᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠷᠢᠶ᠎ᠠ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠎ᠠ᠃ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠲᠦᠷᠭᠡᠨ | ᠪᠥᠭᠡᠳ ᠯᠠᠪᠳᠠᠭᠤᠨ ᠪᠠᠲᠤᠳᠠᠢ ᠰᠢᠢᠳᠪᠦᠷᠢᠯᠡᠨ᠎ᠡ᠃ ᠢᠯᠠᠩᠭᠤᠶ᠎ᠠ ᠬᠢᠵᠢᠭ ᠤᠨ ᠪᠠᠶᠢᠳᠠᠯ ᠢ ᠬᠤᠷᠠᠮᠳᠤᠭᠤᠯᠤᠨ ᠳᠠᠷᠤᠵᠤ | ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠲᠦᠷᠬᠢᠬᠦᠯᠦᠨ ᠥᠰᠬᠡᠬᠦ᠂ ᠴᠤᠤᠷᠬᠠᠯ ᠲᠠᠯᠪᠢᠨ ᠬᠡᠷᠡᠭ ᠥᠳᠥᠭᠡᠬᠦ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠵᠥᠷᠢᠴᠡᠭᠰᠡᠨ ᠬᠥᠮᠦᠰ ᠢ ᠴᠢᠩᠭ᠎ᠠ ᠪᠥᠭᠡᠳ | ᠲᠦᠷᠭᠡᠨ ᠰᠢᠢᠳᠪᠦᠷᠢᠯᠡᠬᠦ ᠶᠢᠨ ᠬᠠᠮᠲᠤ ᠨᠡᠶᠢᠭᠡᠮ ᠨᠡᠶᠢᠲᠡ ᠳᠤ ᠮᠡᠳᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠨ᠎ᠠ᠃ | ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠣᠰ ᠠᠯᠪᠠᠨ ᠵᠠᠷᠯᠠᠯ ᠤᠨ | ᠱᠠᠭᠠᠷᠳᠠᠯᠭ᠎ᠠ ᠠᠴᠠ ᠵᠥᠷᠢᠴᠡᠨ ᠬᠢᠵᠢᠭ ᠬᠠᠯᠳᠠᠪᠤᠷᠢᠯᠠᠨ ᠣᠷᠣᠵᠤ ᠢᠷᠡᠭᠰᠡᠨ ᠪᠠ ᠨᠢᠭᠤᠨ ᠲᠠᠷᠬᠠᠭᠰᠠᠨ ᠪᠠᠶᠢᠪᠠᠯ᠂ | ᠬᠤᠯᠪᠣᠭᠳᠠᠯ ᠪᠥᠬᠦᠶ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ | ᠃ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2021 ᠣᠨ ᠤ 12 ᠰᠠᠷ᠎ᠠ ᠶᠢᠨ 1 ᠤ ᠡᠳᠦᠷ |