ᠮᠠᠨᠵᠤᠤᠷ ᠬᠤᠳᠠ ᠳᠤ ᠨᠢᠭᠡᠨᠲᠡ ᠲᠠᠪᠤᠨ ᠰᠠᠯᠠᠭ᠎ᠠ ᠵᠠᠭᠤ ᠳᠦᠴᠢᠨ ᠲᠠᠪᠤᠨ ᠬᠦᠮᠦᠨ ᠤ ᠡᠮᠨᠡᠯᠭᠡ ᠶᠢᠨ ᠠᠩᠭᠢ ᠬᠥᠷᠥᠯᠴᠡᠨ ᠢᠷᠡᠵᠥ ᠲᠤᠰᠠᠯᠠᠨ ᠲᠡᠮᠵᠢᠵᠥ ᠪᠠᠶᠢᠨ᠎ᠠ
ᠨᠡᠶᠢᠲᠡᠯᠡᠭᠰᠡᠨ ᠴᠠᠭ᠄
2021/12/22
      ᠠᠷᠪᠠᠨ ᠬᠤᠶᠠᠳᠤᠭᠠᠷ ᠰᠠᠷ᠎ᠠ ᠶᠢᠨ ᠨᠢᠭᠡᠨ ᠤ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠮᠠᠨᠵᠤᠤᠷ ᠬᠤᠲᠠ ᠶᠢᠨ ᠬᠤᠷᠠᠯᠳᠤᠭᠤᠯᠤᠭᠰᠠᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠳᠤᠭᠠᠷ ᠤᠳᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠠᠷᠪᠠᠨ ᠨᠢᠭᠡᠳᠦᠭᠡᠷ ᠰᠠᠷ᠎ᠠ ᠶᠢᠨ ᠬᠤᠷᠢ ᠶᠢᠰᠦᠨ ᠳᠤ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠨ ᠡᠵᠡᠮᠳᠡᠬᠦ ᠲᠤᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠦᠪᠤᠷ ᠮᠤᠩᠭᠤᠯ ᠳᠤ ᠠᠵᠢᠯ ᠵᠢᠯᠤᠭᠤᠳᠬᠤ ᠳᠤᠭᠤᠶᠢᠯᠠᠩ ᠤᠨ ᠠᠷᠪᠠᠨ ᠵᠢᠷᠭᠤᠭᠠᠨ ᠬᠦᠮᠦᠨ ᠮᠠᠨᠵᠤᠤᠷ ᠬᠤᠲᠠ ᠳᠤ ᠬᠦᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠤᠪᠠ᠃ ᠤᠯᠤᠰ ᠤᠨ ᠲᠤᠲᠤᠭᠠᠳᠤ ᠶᠢᠨ ᠡᠯ᠎ᠡ ᠭᠠᠵᠠᠷ ᠤᠨ ᠲᠤᠰᠠᠯᠠᠨ ᠳᠡᠮᠵᠢᠬᠦ ᠪᠦᠯᠬᠦᠮ ᠮᠠᠨᠵᠤᠤᠷ ᠬᠤᠲᠠ ᠳᠤ ᠢᠷᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠨ ᠳᠡᠮᠵᠢᠵᠦ ᠪᠠᠶᠢᠨ᠎ᠠ᠃       ᠡᠮᠨᠡᠯᠭᠡ ᠶᠢᠨ ᠠᠪᠤᠷᠠᠨ ᠲᠤᠰᠠᠯᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠡᠮᠨᠡᠯᠭᠡ ᠶᠢᠨ ᠠᠪᠤᠷᠠᠨ ᠲᠤᠰᠠᠯᠠᠬᠤ ᠲᠤᠰᠬᠠᠢ ᠠᠩᠭᠢ ᠵᠤᠬᠢᠶᠠᠨ ᠪᠠᠶᠢᠭᠤᠯᠵᠦ᠂ ᠦᠨᠳᠦᠷ ᠬᠢᠷᠢ ᠲᠦᠪᠰᠢᠨ ᠲᠠᠢ ᠡᠮᠨᠡᠯᠭᠡ ᠶᠢᠨ ᠠᠪᠤᠷᠠᠨ ᠲᠤᠰᠠᠯᠠᠬᠤ ᠪᠦᠯᠬᠦᠮ ᠢ ᠵᠤᠬᠢᠶᠠᠨ ᠪᠠᠶᠢᠭᠤᠯᠤᠨ ᠮᠠᠨᠵᠤᠤᠷ ᠬᠤᠲᠠ ᠶᠢ ᠳᠡᠮᠵᠢᠨ ᠲᠤᠰᠠᠯᠠᠵᠦ ᠪᠠᠶᠢᠨ᠎ᠠ᠃ ᠠᠷᠪᠠᠨ ᠬᠤᠶᠠᠳᠤᠭᠠᠷ ᠰᠠᠷ᠎ᠠ ᠶᠢᠨ ᠨᠢᠭᠡᠨ ᠤ ᠠᠷᠪᠠᠨ ᠬᠤᠶᠠᠷ ᠴᠠᠭ ᠪᠤᠯᠲᠠᠯ᠎ᠠ᠂ ᠤᠯᠠᠭᠠᠨᠴᠠᠪ᠂ ᠤᠯᠠᠭᠠᠨᠬᠠᠳᠠ᠂ ᠲᠦᠩᠯᠢᠶᠤᠤ ᠵᠡᠷᠭᠡ ᠭᠠᠵᠠᠷ ᠲᠠᠪᠤᠨ ᠰᠠᠯᠠᠭ᠎ᠠ ᠵᠠᠭᠤ ᠳᠦᠴᠢᠨ ᠲᠠᠪᠤᠨ ᠬᠦᠮᠦᠨ ᠤ ᠡᠮᠨᠡᠯᠭᠡ ᠶᠢᠨ ᠠᠩᠭᠢ ᠲᠤᠮᠢᠯᠠᠪᠠ᠃       ᠪᠦᠬᠡᠮ ᠬᠦᠴᠢᠯ ᠤᠨ ᠪᠠᠶᠢᠴᠠᠭᠠᠯᠲᠠ ᠶᠢᠨ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠠᠴᠠ ᠨᠢᠭᠡ ᠰᠠᠤᠷᠢ ᠪᠠᠶᠢᠴᠠᠭᠠᠯᠲᠠ ᠶᠢᠨ ᠮᠠᠰᠢᠨ᠂ ᠨᠢᠭᠡ ᠰᠠᠤᠷᠢ ᠰᠢᠯᠵᠢᠮᠡᠯ ᠪᠠᠶᠢᠴᠠᠭᠠᠯᠲᠠ ᠶᠢᠨ ᠮᠠᠰᠢᠨ ᠵᠢᠴᠢ ᠭᠤᠴᠢᠨ ᠨᠠᠢᠮᠡᠨ ᠬᠦᠮᠦᠨ ᠢᠶᠠᠷ ᠪᠦᠷᠢᠯᠳᠦᠭᠰᠡᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠩᠭᠢ ᠲᠤᠮᠢᠯᠠᠨ ᠮᠠᠨᠵᠤᠤᠷ ᠬᠤᠲᠠ ᠶᠢᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠳᠡᠮᠵᠢᠵᠦ ᠪᠠᠶᠢᠨ᠎ᠠ᠃ ᠬᠦᠯᠦᠨ ᠪᠤᠶᠢᠷ ᠬᠤᠲᠠ ᠬᠤᠷᠢᠨ ᠳᠤᠯᠤᠭᠠᠨ ᠬᠦᠮᠦᠨ ᠤ ᠪᠦᠬᠡᠮ ᠬᠦᠴᠢᠯ ᠤᠨ ᠪᠠᠶᠢᠴᠠᠭᠠᠯᠲᠠ ᠶᠢᠨ ᠠᠩᠭᠢ ᠲᠤᠮᠢᠯᠠᠪᠠ᠃ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠠᠴᠠ ᠵᠤᠬᠢᠴᠠᠭᠤᠯᠤᠭᠰᠠᠨ ᠬᠠᠮᠢᠶᠠᠲᠠᠢ ᠲᠤᠨᠤᠭ ᠲᠦᠭᠦᠭᠡᠷᠦᠮᠵᠢ ᠪᠤᠯᠤᠨ ᠮᠡᠷᠭᠡᠵᠢᠯᠳᠡᠨ ᠨᠢᠭᠡᠨᠲᠡ ᠮᠠᠨᠵᠤᠤᠷ ᠬᠤᠲᠠ ᠳᠤ ᠬᠦᠷᠪᠡ᠃       ᠬᠠᠯᠳᠠᠪᠤᠷᠢᠲᠤ ᠡᠪᠡᠳᠴᠢᠨ ᠤ ᠢᠷᠡᠯᠲᠡ ᠶᠢ ᠪᠠᠶᠢᠴᠠᠭᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠠᠴᠠ ᠦᠪᠡᠷᠲᠡᠭᠡᠨ ᠵᠠᠰᠠᠬᠤ ᠤᠷᠤᠨ᠂ ᠲᠦᠩᠯᠢᠶᠤᠤ ᠬᠤᠲᠠ᠂ ᠬᠢᠩᠭᠠᠨ ᠠᠶᠢᠮᠠᠭ᠂ ᠬᠦᠯᠦᠨ ᠪᠤᠶᠢᠷ ᠬᠤᠲᠠ ᠵᠡᠷᠭᠡ ᠭᠠᠵᠠᠷ ᠤᠨ ᠬᠠᠯᠳᠠᠪᠤᠷᠢᠲᠤ ᠡᠪᠡᠳᠴᠢᠨ ᠤ ᠢᠷᠡᠯᠲᠡ ᠶᠢ ᠪᠠᠶᠢᠴᠠᠭᠠᠬᠤ ᠡᠩᠨᠡᠭᠡ ᠶᠢ ᠵᠤᠬᠢᠶᠠᠨ ᠪᠠᠶᠢᠭᠤᠯᠤᠨ ᠮᠠᠨᠵᠤᠤᠷ ᠬᠤᠲᠠ ᠶᠢ ᠳᠡᠮᠵᠢᠵᠦ᠂ ᠨᠡᠶᠢᠲᠡ ᠳᠦᠷᠪᠡᠨ ᠡᠩᠨᠡᠭᠡ ᠵᠠᠭᠤ ᠵᠢᠷᠠ ᠭᠠᠷᠤᠢ ᠬᠦᠮᠦᠨ ᠲᠤᠰᠠᠯᠠᠨ ᠳᠡᠮᠵᠢᠵᠦ ᠪᠠᠶᠢᠨ᠎ᠠ᠃       ᠨᠡᠶᠢᠭᠡᠮ ᠢ ᠬᠠᠮᠢᠶᠠᠷᠤᠨ ᠡᠵᠡᠮᠳᠡᠬᠦ ᠲᠠᠯ᠎ᠠ ᠪᠠᠷ᠂ ᠬᠦᠯᠦᠨ ᠪᠤᠶᠢᠷ ᠬᠤᠲᠠ ᠶᠢᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠡ ᠪᠤᠯᠤᠨ ᠡᠯ᠎ᠡ ᠬᠤᠰᠢᠭᠤ ᠬᠤᠲᠠ ᠲᠤᠭᠤᠷᠢᠭ ᠤᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠡ ᠨᠠᠢᠮᠡᠨ ᠵᠠᠭᠤ ᠨᠠᠶᠠ ᠶᠢᠰᠦᠨ ᠴᠠᠭᠳᠠᠭ᠎ᠠ ᠶᠢ ᠮᠠᠨᠵᠤᠤᠷ ᠬᠤᠲᠠ ᠳᠤ ᠲᠤᠮᠢᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠨ ᠳᠡᠮᠵᠢᠵᠦ ᠪᠠᠶᠢᠨ᠎ᠠ᠃       ᠡᠳ᠋ ᠪᠤᠳᠠᠰ ᠲᠤᠰᠠᠯᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠠᠴᠠ ᠠᠷᠪᠠᠨ ᠭᠤᠷᠪᠠᠨ ᠰᠠᠤᠷᠢ ᠰᠦᠷᠬᠡᠦ ᠳᠠᠷᠤᠯᠲᠠ ᠶᠢᠨ ᠲᠦᠷᠭᠡᠨ ᠲᠤᠰᠠᠯᠠᠮᠵᠢ ᠶᠢᠨ ᠲᠡᠷᠭᠡ ᠲᠤᠮᠢᠯᠠᠵᠦ᠂ ᠠᠯᠠᠱᠠ ᠠᠶᠢᠮᠠᠭ᠂ ᠡᠷᠢᠶᠡᠨ ᠬᠤᠲᠠ ᠵᠡᠷᠭᠡ ᠭᠠᠵᠠᠷ ᠤᠨ ᠵᠠᠰᠠᠭ ᠤᠨ ᠤᠷᠳᠤᠨ ᠪᠤᠯᠤᠨ ᠬᠠᠮᠢᠶᠠᠲᠠᠢ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠵᠤᠭᠤᠰ ᠮᠦᠩᠭᠦ ᠡᠳ᠋ ᠪᠤᠳᠠᠰ ᠬᠠᠨᠳᠢᠪᠯᠠᠵᠦ᠂ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠤᠰᠠᠯᠠᠨ ᠳᠡᠮᠵᠢᠵᠦ ᠪᠠᠶᠢᠨ᠎ᠠ᠃       ᠤᠯᠤᠰ ᠤᠨ ᠲᠤᠲᠤᠭᠠᠳᠤ ᠶᠢᠨ ᠡᠯ᠎ᠡ ᠭᠠᠵᠠᠷ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠭᠰᠠᠨ ᠪᠠᠶᠢᠳᠠᠯ ᠢ ᠮᠠᠨᠵᠤᠤᠷ ᠬᠤᠲᠠ ᠶᠢᠨ ᠬᠠᠮᠢᠶᠠᠲᠠᠢ ᠰᠠᠯᠠᠭ᠎ᠠ ᠮᠦᠴᠢᠷ ᠳᠦᠷᠢᠮ ᠲᠤᠭᠲᠠᠭᠠᠯ ᠢ ᠦᠨᠳᠦᠰᠦᠯᠡᠨ ᠨᠡᠶᠢᠭᠡᠮ ᠳᠤ ᠢᠯᠡ ᠪᠠᠷ ᠨᠡᠶᠢᠳᠡᠯᠡᠬᠦ ᠪᠤᠯᠤᠨ᠎ᠠ᠃  
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号