ᠬᠦᠯᠦᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠢᠯᠡᠴᠢᠯᠡᠭᠡᠨ ᠤ ᠬᠠᠯᠠᠮᠰᠢᠯ ᠤᠳᠠᠰᠤ ᠶᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/12/22
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠥ᠂ ᠮᠡᠳᠡᠭᠡ ᠵᠠᠩᠬᠢ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠥ᠂ ᠣᠯᠠᠨ ᠲᠥᠮᠡᠨ ᠤ ᠵᠥᠪᠯᠡᠯᠭᠡ ᠠᠪᠬᠤ᠂ ᠲᠤᠰᠠᠯᠠᠮᠵᠢ ᠭᠤᠶᠤᠴᠢᠯᠠᠬᠤ ᠪᠠ ᠠᠰᠠᠭᠤᠳᠠᠯ ᠢ ᠲᠤᠰᠬᠠᠬᠤ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠭᠦᠮ ᠥᠵᠡᠭᠦᠯᠵᠥ᠂ ᠨᠡᠶᠢᠭᠡᠮ ᠤᠨ ᠠᠩᠬᠠᠷᠤᠯ ᠲᠠᠯᠪᠢᠵᠥ ᠪᠠᠶᠢᠭ᠎ᠠ ᠪᠤᠳᠠᠲᠠᠢ ᠬᠥᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢᠨ ᠲᠥᠯᠥᠭᠡ᠂ ᠬᠥᠯᠥᠨ ᠪᠤᠶᠢᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠢᠯᠡᠴᠢᠯᠡᠭᠡᠨ ᠤ ᠬᠠᠯᠠᠮᠰᠢᠯ ᠤᠳᠠᠰᠤ ᠶᠢ ᠨᠡᠪᠲᠡᠷᠡᠭᠦᠯᠪᠡ᠃ ᠥᠢᠯᠡᠴᠢᠯᠡᠭᠡᠨ ᠤ ᠬᠠᠯᠠᠮᠰᠢᠯ ᠤᠳᠠᠰᠤ ᠨᠢ ᠠᠷᠠᠳ ᠤᠯᠠᠨ ᠤ ᠠᠮᠢ ᠨᠠᠰᠤᠨ ᠤ ᠠᠮᠤᠷ ᠲᠥᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠥ ᠶᠢ ᠪᠠᠳᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠥ᠂ ᠨᠡᠶᠢᠭᠡᠮ ᠳᠤ ᠥᠢᠯᠡᠴᠢᠯᠡᠬᠦ᠂ ᠠᠷᠠᠳ ᠤᠨ ᠰᠠᠨᠠᠭ᠎ᠠ ᠶᠢ ᠰᠤᠨᠤᠰᠴᠥ ᠬᠠᠷᠢᠭᠤᠴᠠᠯᠭ᠎ᠠ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠥ᠂ ᠠᠷᠠᠳ ᠣᠯᠠᠨ ᠤ ᠬᠠᠷᠢᠭᠤ ᠲᠤᠰᠬᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠰᠢᠯᠵᠢᠭᠦᠯᠥᠨ ᠭᠥᠢᠴᠡᠳᠭᠡᠵᠥ᠂ ᠨᠡᠶᠢᠭᠡᠮ ᠤᠨ ᠲᠡᠮᠵᠢᠯᠭᠡ ᠶᠢᠨ ᠡᠬᠢ ᠪᠠᠶᠠᠯᠢᠭ ᠢ ᠡᠷᠢᠬᠦ ᠪᠠ ᠠᠰᠢᠭᠯᠠᠵᠥ᠂ ᠣᠯᠠᠨ ᠲᠥᠮᠡᠨ ᠢ ᠬᠠᠪᠰᠤᠷᠤᠨ ᠬᠢᠵᠢᠭ ᠤᠨ ᠪᠠᠶᠢᠳᠠᠯ ᠠᠴᠠ ᠪᠤᠯᠤᠭᠰᠠᠨ ᠰᠡᠳᠬᠢᠴᠡ ᠶᠢᠨ ᠠᠰᠠᠭᠤᠳᠠᠯ ᠪᠠ ᠠᠮᠢᠳᠤᠷᠠᠯ ᠤᠨ ᠬᠥᠴᠢᠷᠳᠡᠯ ᠢ ᠨᠢ ᠤᠷᠢᠳᠴᠢᠯᠠᠨ ᠰᠡᠷᠭᠡᠶᠢᠯᠡᠬᠦ ᠪᠠ ᠬᠥᠩᠭᠡᠷᠡᠭᠦᠯᠬᠦ ᠪᠤᠯᠤᠨ᠎ᠠ᠃       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠡᠷᠪᠡ ᠬᠠᠮᠢᠶ᠎ᠠ ᠪᠥᠬᠦᠢ ᠬᠥᠴᠢᠷᠳᠡᠯ ᠪᠠ ᠬᠥᠰᠡᠯ ᠱᠠᠭᠠᠷᠳᠠᠯᠭ᠎ᠠ ᠲᠠᠢ ᠪᠤᠯ ᠥᠢᠯᠡᠴᠢᠯᠡᠭᠡᠨ ᠤ ᠬᠠᠯᠠᠮᠰᠢᠯ ᠤᠳᠠᠰᠤ ᠶᠢ ᠵᠠᠯᠭᠠᠵᠥ ᠪᠢᠳᠡᠨ ᠲᠠᠢ ᠬᠠᠷᠢᠴᠠᠭᠠᠷᠠᠢ᠃ ᠪᠢᠳᠡ ᠲᠤᠰᠬᠠᠢ ᠬᠥᠮᠥᠨ ᠲᠤᠬᠢᠷᠠᠭᠤᠯᠵᠥ ᠲᠤᠰᠬᠠᠭᠰᠠᠨ ᠠᠰᠠᠭᠤᠳᠠᠯ ᠢ ᠲᠡᠮᠳᠡᠭᠯᠡᠵᠥ᠂ ᠲᠠᠷᠤᠢ ᠲᠤᠤᠷ᠎ᠠ ᠪᠠᠨ ᠬᠠᠷᠢᠭᠤ ᠥᠭᠭᠦᠨ᠎ᠡ᠃ ᠭᠡᠬᠦ ᠳᠡᠭᠡᠨ ᠬᠠᠯᠠᠮᠰᠢᠯ ᠤᠳᠠᠰᠤ 24 ᠴᠠᠭ ᠲᠤ ᠪᠥᠷ ᠨᠡᠪᠲᠡᠷᠡᠵᠥ ᠥᠢᠯᠡᠴᠢᠯᠡᠭᠡ ᠬᠠᠩᠭᠠᠨ᠎ᠠ᠃ ᠲᠤᠤᠷ᠎ᠠ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠥᠢᠯᠡᠴᠢᠯᠡᠭᠡᠨ  ᠤ ᠬᠠᠯᠠᠮᠰᠢᠯ ᠤᠳᠠᠰᠤ ᠶᠢ ᠨᠡᠶᠢᠲᠡᠯᠡᠶ᠎ᠠ᠄    19847294035  19847294036    19847294037  19847294039    19847294043  19847294045    19847294046  19847294047    19847294048  19847294049    ᠥᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠮᠠᠨᠵᠤᠤᠷ ᠬᠤᠳᠠ ᠳᠤ ᠰᠠᠭᠤᠭ᠎ᠠ ᠲᠤᠬᠠᠢ ᠶᠢᠨ ᠲᠠᠯᠠᠪᠠᠢ ᠳᠤ ᠰᠢᠢᠳᠪᠤᠷᠢᠯᠡᠬᠦ ᠠᠵᠢᠯ ᠤᠨ ᠲᠤᠰᠬᠠᠢ ᠠᠩᠬᠢ                          2021 ᠣᠨ ᠤ 12 ᠰᠠᠷ᠎ᠠ ᠶᠢᠨ 7 ᠤ ᠡᠳᠤᠷ  
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号