12 ᠳ᠋ᠤᠭᠠᠷ ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠸᠠᠩ ᠯᠢ ᠰᠢᠶᠠ᠂ ᠬᠠᠶᠢᠯᠠᠷ ᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠨᠠᠷᠢᠨ ᠬᠢᠨᠠᠮᠠᠭᠠᠢ ᠬᠠᠨᠳᠤᠵᠤ᠂ ᠴᠢᠩᠭ᠎ᠠ | ᠬᠠᠮᠢᠶᠠᠷᠤᠨ ᠡᠵᠡᠮᠳᠡᠵᠦ᠂ ᠰᠠᠶᠢᠳᠤᠷ ᠬᠠᠯᠠᠮᠵᠢᠯᠠᠨ ᠬᠠᠶᠢᠷᠠᠯᠠᠵᠤ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠢᠯᠠᠯᠳᠡ ᠶᠢ ᠵᠠᠪᠠᠯ ᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠤᠨᠤᠰᠢᠯᠠᠭᠰᠠᠨ | ᠡᠪᠡᠳᠴᠢᠳᠡᠨ ᠢ ᠬᠦᠯᠢᠶᠡᠨ ᠠᠪᠴᠤ᠂ ᠡᠮᠨᠡᠨ ᠵᠠᠰᠠᠵᠤ ᠪᠤᠢ᠃ ᠸᠠᠩ ᠯᠢ ᠰᠢᠶᠠ ᠡᠮᠨᠡᠯᠭᠡ ᠶᠢᠨ ᠬᠤᠷᠢᠶ᠎ᠠ ᠳᠤ ᠬᠦᠷᠴᠦ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠡᠨ ᠢ ᠠᠪᠤᠷᠠᠨ ᠵᠠᠰᠠᠬᠤ ᠠᠵᠢᠯ ᠤᠨ ᠪᠠᠶᠢᠳᠠᠯ ᠢ | ᠨᠠᠷᠢᠨ ᠤᠶᠢᠯᠠᠭᠠᠵᠤ᠂ ᠸᠢᠳᠢᠤ᠋ ᠪᠠᠷ ᠵᠠᠭᠤᠨ ᠨᠠᠰᠤᠳᠠᠢ ᠤᠨᠤᠰᠢᠯᠠᠭᠳᠠᠭᠰᠠᠨ ᠨᠠᠰᠤᠳᠠᠠ ᠢ ᠪᠤᠯᠭᠤᠭᠠᠨ ᠲᠤᠬᠤᠨᠢᠭᠤᠯᠵᠤ᠂ | ᠨᠠᠰᠤᠳᠠᠨ ᠢ ᠰᠠᠨᠠᠭ᠎ᠠ ᠠᠮᠤᠷ ᠡᠮᠨᠡᠭᠦᠯᠦᠨ ᠵᠠᠰᠠᠭᠤᠯᠵᠤ᠂ ᠪᠡᠶ᠎ᠡ ᠪᠠᠨ ᠭᠠᠮᠨᠠᠭᠠᠷᠠᠢ ᠭᠡᠵᠦ ᠵᠤᠷᠢᠭᠵᠢᠭᠤᠯᠵᠤ᠂ | ᠠᠵᠢᠯᠳᠠᠨ ᠢ ᠨᠠᠷᠢᠨ ᠨᠢᠮᠪᠡᠢ ᠡᠮᠨᠡᠨ ᠵᠠᠰᠠᠵᠤ᠂ ᠨᠠᠷᠢᠨ ᠨᠢᠮᠪᠡᠢ ᠬᠠᠷᠠᠭᠠᠯᠵᠠᠬᠤ ᠬᠡᠷᠡᠭᠳᠡᠢ ᠭᠡᠵᠦ ᠱᠠᠭᠠᠷᠳᠠᠪᠠ᠃ | ᠵᠢᠷᠭᠢᠶ᠎ᠡ ᠶᠢᠨ ᠸᠢᠳᠢᠤ᠋ ᠪᠠᠷ ᠰᠠᠶ᠋ᠢ ᠲᠦᠷᠦᠭᠰᠡᠨ ᠨᠢᠯᠬ᠎ᠠ ᠬᠡᠦᠬᠡᠳ ᠢ ᠬᠠᠷᠠᠭᠠᠯᠵᠠᠵᠤ ᠪᠠᠶᠢᠭ᠎ᠠ ᠡᠮᠴᠢ ᠰᠤᠪᠢᠯᠠᠭᠴᠢ ᠲᠠᠢ | ᠬᠤᠯᠪᠤᠭ᠎ᠠ ᠠᠪᠴᠤ᠂ ᠠᠵᠢᠯᠳᠠᠨ ᠢ ᠡᠵᠢ ᠬᠦᠮᠦᠨ ᠰᠢᠭ ᠬᠡᠦᠬᠡᠳ ᠢ ᠨᠠᠷᠢᠨ ᠨᠢᠮᠪᠠᠢ ᠬᠠᠯᠠᠮᠵᠢᠯᠠᠵᠤ᠂ ᠬᠡᠦᠬᠡᠳ ᠢ | ᠡᠷᠡᠭᠦᠯ ᠢᠶᠠᠷ ᠦᠰᠦᠨ ᠪᠤᠶᠢᠵᠢᠭᠤᠯᠬᠤ ᠬᠡᠷᠡᠭᠳᠡᠢ ᠭᠡᠵᠦ ᠱᠠᠭᠠᠷᠳᠠᠪᠠ᠃ | ᠸᠠᠩ ᠯᠢ ᠰᠢᠶᠠ ᠤᠳᠠᠰᠤ ᠪᠠᠷ ᠠᠷᠠᠳ ᠤᠨ ᠴᠠᠭᠳᠠᠭ᠎ᠠ᠂ ᠨᠡᠶᠢᠭᠡᠮ ᠲᠤᠭᠤᠷᠢᠭ ᠤᠨ ᠠᠵᠢᠯᠳᠠᠨ ᠵᠡᠷᠭᠡ | ᠡᠮᠦᠨ᠎ᠡ ᠹᠷᠤᠨᠲ ᠤᠨ ᠠᠵᠢᠯᠳᠠᠨ ᠢ ᠲᠤᠬᠤᠨᠢᠭᠤᠯᠵᠤ᠂ ᠲᠡᠳᠡᠨ ᠳᠤ ᠲᠤᠳᠤᠨᠤ ᠮᠡᠨᠳᠦᠴᠢᠯᠡᠯ ᠬᠦᠷᠭᠡᠵᠦ᠂ ᠲᠡᠳᠡᠨ ᠢ | ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠬᠦ ᠶᠢᠨ ᠬᠠᠮᠳᠤ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠬᠦ | ᠬᠡᠷᠡᠭᠳᠡᠢ ᠭᠡᠵᠦ ᠵᠠᠬᠢᠪᠠ᠃ ᠲᠡᠷᠡ ᠪᠠᠰᠠ ᠲᠤᠰᠬᠠᠢ ᠤᠳᠠᠰᠤ ᠪᠠᠷ ᠡᠮᠦᠨ᠎ᠡ ᠹᠷᠤᠨᠲ ᠤᠨ ᠡᠮᠴᠢᠯᠡᠭᠡᠨ ᠤ ᠠᠵᠢᠯᠳᠠᠨ | ᠪᠤᠯᠤᠨ ᠭᠤᠤᠯᠯᠠᠭᠴᠢ ᠡᠮᠴᠢ ᠲᠠᠢ ᠶᠠᠷᠢᠯᠴᠠᠵᠤ᠂ ᠲᠡᠳᠡᠨ ᠤ ᠰᠢᠷᠭᠠᠭᠤ ᠬᠠᠳᠠᠭᠤᠵᠢᠯᠳᠠᠢ ᠴᠢᠷᠮᠠᠶᠢᠯᠠᠭ᠎ᠠ ᠳᠤ | ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠦᠭᠡᠳ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠦ᠂ ᠪᠦᠬᠦ | ᠬᠦᠴᠦᠨ ᠢᠶᠠᠷ ᠢᠶᠠᠨ ᠡᠪᠡᠳᠴᠢᠳᠡᠨ ᠢ ᠠᠪᠤᠷᠠᠨ ᠵᠠᠰᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠬᠦ | ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ ᠭᠡᠵᠦ ᠵᠤᠷᠢᠭᠵᠢᠭᠤᠯᠪᠠ᠃ | ᠸᠠᠩ ᠯᠢ ᠰᠢᠶᠠ ᠤᠷᠢᠳ ᠬᠤᠵᠢᠳ ᠬᠠᠶᠢᠯᠠᠷ ᠤᠨ ᠵᠢᠶᠠ ᠱᠢ ᠬᠤᠤ ᠵᠤᠴᠢᠳ ᠤᠨ ᠪᠠᠭᠤᠳᠠᠯ᠂ ᠴᠢ ᠱᠢ ᠡᠯ | ᠵᠢᠶᠠ ᠵᠤᠴᠢᠳ ᠤᠨ ᠪᠠᠭᠤᠳᠠᠯ ᠪᠤᠯᠤᠨ ᠳ᠋ᠦ᠋ ᠱᠢ 118 ᠵᠤᠴᠢᠳ ᠤᠨ ᠪᠠᠭᠤᠳᠠᠯ ᠤᠨ ᠲᠤᠰᠠᠭᠠᠠᠷᠯᠠᠬᠤ ᠴᠡᠭ ᠲᠤ | ᠬᠦᠷᠴᠦ᠂ ᠬᠠᠮᠢᠶᠠᠷᠤᠯᠳᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ᠂ ᠲᠤᠰᠠᠭᠠᠷᠯᠠᠭᠳᠠᠵᠤ ᠪᠠᠶᠢᠭ᠎ᠠ | ᠬᠦᠮᠦᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠵᠡᠷᠭᠡ ᠡᠯ᠎ᠡ ᠲᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ | ᠤᠶᠢᠯᠠᠭᠠᠪᠠ᠃ ᠲᠡᠷᠡ ᠲᠤᠰᠠᠭᠠᠷᠯᠠᠬᠤ ᠲᠠᠯᠠᠪᠤᠷ ᠤᠨ ᠪᠠᠷᠢᠮᠵᠢᠶ᠎ᠡ ᠶᠢ ᠴᠢᠩᠭ᠎ᠠ ᠵᠢᠷᠤᠮᠯᠠᠨ᠂ ︽ᠭᠤᠷᠪᠠᠨ ᠲᠤᠭᠤᠷᠢᠭ | ᠬᠤᠶᠠᠷ ᠵᠠᠮ︾ ᠭᠠᠷᠭᠠᠵᠤ᠂ ᠠᠵᠢᠯᠳᠠᠨ ᠪᠤᠯᠤᠨ ᠲᠤᠰᠠᠭᠠᠷᠯᠠᠭᠳᠠᠵᠤ ᠪᠠᠶᠢᠭ᠎ᠠ ᠬᠦᠮᠦᠰ ᠢ ᠲᠤᠭᠤᠷᠢᠭ ᠬᠤᠪᠢᠶᠠᠨ | ᠬᠠᠮᠢᠶᠠᠷᠴᠤ ᠹᠢᠽᠢᠺ ᠤᠨ ᠲᠤᠰᠠᠭᠠᠷᠯᠠᠯ ᠬᠢᠵᠦ᠂ ᠰᠤᠯᠪᠢᠴᠠᠨ ᠬᠠᠯᠳᠠᠪᠤᠷᠢᠯᠠᠬᠤ ᠦᠭᠡᠢ ᠪᠠᠶᠢᠬᠤ ᠶᠢ ᠦᠨᠡᠨᠬᠦ ᠪᠠᠳᠤᠯᠠᠬᠤ | ᠬᠡᠷᠡᠭᠳᠡᠢ᠃ ᠲᠤᠰᠠᠭᠠᠷᠯᠠᠭᠳᠠᠵᠤ ᠪᠠᠶᠢᠭ᠎ᠠ ᠬᠦᠮᠦᠰ ᠤᠨ ᠪᠡᠶ᠎ᠡ ᠶᠢᠨ ᠪᠠᠶᠢᠳᠠᠯ ᠢ ᠴᠢᠩᠭ᠎ᠠ ᠬᠢᠨᠠᠨ ᠬᠡᠮᠵᠢᠵᠦ᠂ | ᠢᠯᠠᠩᠭᠤᠶ᠎ᠡ ᠨᠠᠰᠤᠳᠠᠶᠢᠴᠤᠳ ᠪᠤᠯᠤᠨ ᠬᠡᠦᠬᠡᠳ ᠲᠤ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤ ᠨᠢ ᠲᠡᠭᠡᠭᠰᠢ | ᠮᠡᠳᠡᠭᠦᠯᠵᠦ᠂ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠳᠡᠢ᠃ ᠪᠦᠬᠦ ᠬᠤᠭ ᠨᠤᠪᠰᠢ ᠶᠢ ᠲᠦᠷᠢᠮᠵᠢᠯ ᠶᠤᠰᠤᠭᠠᠷ | ᠴᠢᠩᠭ᠎ᠠ ᠰᠢᠢᠳᠪᠦᠷᠢᠯᠡᠵᠦ᠂ ᠠᠶᠤᠯ ᠲᠦᠭᠰᠢᠭᠦᠷᠢ ᠭᠠᠳᠠᠭᠰᠢ ᠲᠠᠷᠬᠠᠬᠤ ᠶᠢ ᠰᠡᠷᠭᠡᠶᠢᠯᠡᠬᠦ ᠬᠡᠷᠡᠭᠳᠡᠢ᠃ ᠡᠯ᠎ᠡ | ᠲᠡᠯ᠎ᠡ ᠶᠢᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠲᠤᠰᠠᠭᠠᠷᠯᠠᠭᠳᠠᠵᠤ ᠪᠠᠶᠢᠭ᠎ᠠ | ᠬᠦᠮᠦᠰ ᠤᠨ ᠠᠮᠢᠳᠤᠷᠠᠯ ᠢ ᠨᠠᠷᠢᠨ ᠨᠢᠮᠪᠡᠢ ᠰᠠᠶᠢᠳᠤᠷ ᠬᠠᠷᠠᠭᠠᠯᠵᠠᠵᠤ᠂ ᠴᠠᠭ ᠲᠤᠬᠠᠢ ᠳᠤ ᠨᠢ ᠰᠡᠳᠬᠢᠴᠡ ᠶᠢᠨ | ᠵᠢᠯᠤᠭᠤᠳᠤᠯᠭ᠎ᠠ ᠬᠢᠵᠦ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠳᠤᠯᠠᠬᠤ ᠬᠡᠷᠡᠭᠳᠡᠢ ᠭᠡᠵᠦ | ᠴᠢᠬᠤᠯᠠᠴᠢᠯᠠᠪᠠ᠃ |