ᠢᠦᠶ ᠯᠢ ᠰᠢᠨ ᠮᠠᠨᠵᠤᠤᠷ ᠬᠤᠲᠠ ᠪᠣᠯᠤᠨ ᠵᠠᠯᠠᠶᠢᠨᠠᠭᠤᠷ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ᠄ ᠳᠡᠭᠡᠳᠦ ᠬᠡᠮᠵᠢᠶ᠎ᠡ ᠪᠠᠷ ᠰᠡᠷᠡᠮᠵᠢᠯᠡᠵᠦ ᠰᠢᠨᠵᠢᠯᠡᠬᠦ ᠤᠬᠠᠭᠠᠨᠴᠢ ᠤᠨᠤᠴᠠᠲᠠᠢ ᠪᠠᠷ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2021/12/22
      11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠮᠠᠨᠵᠤᠤᠷ ᠬᠤᠲᠠ ᠪᠣᠯᠤᠨ ᠵᠠᠯᠠᠶᠢᠨᠠᠭᠤᠷ ᠲᠣᠭᠤᠷᠢᠭ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠮᠠ ᠴᠢᠶᠠᠩ᠂ ᠵᠠᠩ ᠴᠤᠸᠠᠨ ᠬᠤᠸᠠ ᠨᠠᠷ ᠪᠠᠷ᠎ᠠ ᠪᠣᠯᠪᠠ᠃       ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠤᠯᠬᠤ ᠶᠢ ᠢᠦᠶ ᠯᠢ ᠰᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠡᠷᠡ ᠤᠷᠢᠳ ᠬᠤᠵᠢᠳ ᠮᠠᠨᠵᠤᠤᠷ ᠬᠤᠲᠠ ᠶᠢᠨ ᠲᠡᠮᠦᠷ ᠵᠠᠮ ᠤᠨ ᠲᠠᠯᠠᠪᠠᠶ᠂ ᠡᠯᠧᠺᠳ᠋ᠷᠣᠨ ᠪᠣᠭᠤᠮᠲᠠ ᠶᠢᠨ ᠬᠢᠨᠠᠨ ᠡᠵᠡᠮᠳᠡᠵᠦ ᠵᠤᠬᠢᠴᠠᠭᠤᠯᠬᠤ ᠲᠥᠪ᠂ ᠰᠧᠨ ᠹᠦ᠋ ᠪᠠᠷᠠᠭᠠᠨ ᠤ ᠭᠦᠢᠯᠭᠡᠭᠡ ᠵᠡᠷᠭᠡ ᠭᠠᠵᠠᠷ ᠲᠤ ᠬᠦᠷᠴᠦ᠂ ᠲᠠᠨᠢᠯᠴᠠᠭᠤᠯᠭ᠎ᠠ ᠶᠢ ᠰᠣᠨᠣᠰᠴᠤ᠂ ᠬᠢᠨᠠᠨ ᠡᠵᠡᠮᠳᠡᠯ ᠢ ᠦᠵᠡᠵᠦ᠂ ᠠᠶᠤᠯ ᠲᠦᠭᠰᠢᠭᠦᠷᠢ ᠶᠢ ᠠᠰᠠᠭᠤᠬᠤ᠂ ᠨᠠᠷᠢᠨ ᠵᠦᠢᠯᠡᠰ ᠢ ᠪᠠᠶᠢᠴᠠᠭᠠᠬᠤ᠂ ᠬᠢᠯᠢ ᠶᠢᠨ ᠭᠠᠳᠠᠨᠠᠬᠢ ᠫᠢᠶᠣᠣ ᠪᠠᠷᠢᠮᠲᠠ ᠶᠢ ᠭᠥᠯᠢᠶᠡᠨ ᠠᠪᠴᠤ ᠠᠷᠢᠭᠤᠳᠬᠠᠬᠤ᠂ ᠬᠢᠯᠢ ᠪᠠᠷ ᠥᠩᠭᠡᠷᠡᠬᠦ ᠡᠳ᠋ ᠪᠣᠳᠠᠰ ᠢ ᠠᠷᠢᠭᠤᠳᠬᠠᠬᠤ᠂ ᠪᠣᠭᠤᠮᠲᠠ ᠶᠢᠨ ᠡᠯᠭᠦᠭᠦᠷ ᠲᠡᠷᠭᠡ ᠲᠡᠭᠡᠭᠡᠪᠦᠷᠢᠯᠡᠬᠦ ᠠᠵᠢᠯ ᠤᠨ ᠶᠠᠪᠤᠴᠠ ᠵᠡᠷᠭᠡ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠴᠢᠪᠬᠠᠳᠠᠰᠤ ᠶᠢ ᠴᠠᠭ ᠢᠮᠠᠭᠲᠠ ᠴᠢᠩᠭᠠᠯᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠪᠠᠶᠢᠴᠠᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠤᠳᠠᠳᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠭᠤᠭᠴᠤᠭ᠎ᠠ ᠶᠢ ᠣᠨᠣᠪᠴᠢᠲᠠᠢ ᠠᠩᠬᠠᠷᠴᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠠᠵᠢᠯ ᠤᠨ ᠶᠠᠪᠤᠴᠠ ᠶᠢ ᠪᠣᠳᠠᠲᠠᠢ ᠠᠴᠠ ᠪᠣᠳᠠᠲᠠᠢ ᠲᠣᠭᠲᠠᠭᠠᠵᠤ᠂ ᠪᠠᠶᠢᠴᠠᠭᠠᠨ ᠰᠢᠯᠭᠠᠬᠤ ᠠᠵᠢᠯ ᠢ ᠨᠠᠷᠢᠯᠢᠭ ᠠᠴᠠ ᠨᠠᠷᠢᠯᠢᠭ ᠰᠠᠶᠢᠲᠤᠷ ᠬᠢᠵᠦ᠂ ᠠᠷᠢᠭᠤᠳᠬᠠᠨ ᠴᠡᠪᠡᠷᠯᠡᠬᠦ ᠪᠠ ᠰᠢᠭᠰᠢᠨ ᠪᠠᠶᠢᠴᠠᠭᠠᠬᠤ ᠶᠢ ᠴᠢᠩᠭ᠎ᠠ ᠠᠴᠠ ᠴᠢᠩᠭ᠎ᠠ ᠬᠢᠵᠦ᠂ ᠶᠠᠮᠠᠷᠪᠠ ᠠᠶᠤᠯ ᠲᠦᠭᠰᠢᠭᠦᠷᠢ ᠶᠢᠨ ᠴᠡᠭ ᠢ ᠴᠦ ᠲᠠᠯᠪᠢᠵᠤ ᠭᠠᠷᠭᠠᠬᠤ ᠦᠭᠡᠢ ᠪᠠᠶᠢᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠢᠮᠠᠭᠲᠠ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠢᠦᠢ ᠯᠢ ᠰᠢᠨ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠪᠠᠶᠢᠳᠠᠯ ᠢ ᠮᠠᠰᠢ ᠠᠩᠬᠠᠷᠴᠤ ᠪᠠᠶᠢᠪᠠ᠃ ᠬᠥᠯᠥᠨ ᠨᠠᠭᠤᠷ ᠤᠨ ᠰᠠᠪᠠ ᠭᠠᠵᠠᠷ ᠤᠨ ᠵᠢᠭᠠᠰᠤᠨ ᠤ ᠦᠢᠯᠡᠰ ᠤᠨ ᠡᠬᠢ ᠪᠠᠶᠠᠯᠢᠭ ᠢ ᠰᠡᠷᠭᠦᠭᠡᠬᠦ ᠵᠢᠴᠢ ᠤᠰᠤᠨ ᠤ ᠠᠮᠢ ᠠᠬᠤᠶ ᠶᠢᠨ ᠵᠠᠰᠠᠯᠲᠠ ᠶᠢᠨ ᠲᠥᠪ ᠤᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠ ᠬᠠᠮᠲᠤᠷᠠᠯᠴᠠᠭ᠎ᠠ ᠰᠣᠯᠢᠯᠴᠠᠭᠠᠨ ᠤ ᠲᠥᠪ ᠵᠡᠷᠭᠡ ᠭᠠᠵᠠᠷ ᠲᠤ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠷᠴᠢᠮ ᠢᠶᠠᠨ ᠰᠤᠯᠠᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠪᠠᠲᠤᠲᠠᠶ ᠰᠠᠶᠢᠲᠤᠷ ᠠᠳᠬᠤᠬᠤ ᠬᠡᠷᠡᠭᠲᠡᠶ︔ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠬᠤ ᠳᠤ ᠨᠠᠩ ᠡᠷᠴᠢᠮᠳᠡᠢ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠵᠡᠭᠡᠯᠢ ᠭᠤᠳᠤᠮᠵᠢ ᠶᠢᠨ ᠲᠢᠶᠠᠨ ᠾᠧ ᠨᠡᠶᠢᠭᠡᠮ ᠲᠣᠭᠤᠷᠢᠭ ᠲᠤ ᠂ ᠢᠦᠶ ᠯᠢ ᠰᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠰᠤᠷᠤᠯᠴᠠᠬᠤ ᠮᠠᠲ᠋ᠧᠷᠢᠶᠠᠯ ᠢ ᠨᠠᠷᠢᠨ ᠦᠵᠡᠵᠦ᠂ ᠨᠠᠮ ᠤᠨ ᠭᠡᠰᠢᠭᠦᠳ ᠲᠠᠢ ᠳᠣᠲᠣᠨᠣ ᠪᠠᠷ ᠶᠠᠷᠢᠯᠴᠠᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠤᠨ ᠨᠠᠶᠢᠳᠠᠪᠤᠷᠢᠵᠢᠭᠤᠯᠤᠯᠲᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠠᠷᠠᠳ ᠲᠤ ᠪᠤᠳᠠᠳᠠᠢ ᠶᠠᠪᠤᠳᠠᠯ ᠬᠢᠵᠦ ᠥᠭᠬᠦ︾ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠶᠢ ᠡᠭᠦᠳᠦᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠠᠨ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠪᠣᠳᠠᠲᠠᠢ ᠪᠠᠲᠤᠲᠠᠢ ᠠᠵᠢᠯᠯᠠᠬᠤ ᠪᠠᠷ ᠳᠠᠮᠵᠢᠨ ᠤᠯᠠᠨ ᠲᠦᠮᠡᠨ ᠳᠤ ᠢᠯᠡᠭᠦᠬᠡᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ︔ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠨᠢᠭᠡᠨ ᠰᠠᠯᠠᠭ᠎ᠠ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠠᠵᠢᠯᠴᠢ ᠬᠢᠴᠢᠶᠡᠩᠭᠦᠶ᠂ ᠠᠷᠠᠳ ᠤᠨ ᠲᠥᠯᠥᠭᠡ ᠵᠢᠳᠬᠦᠬᠦ ᠨᠡᠶᠢᠭᠡᠮ ᠲᠣᠭᠤᠷᠢᠭ ᠤᠨ ᠺᠠᠳ᠋ᠷ ᠤᠨ ᠡᠩᠨᠡᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ ᠭᠡᠵᠡᠢ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号