12 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠵᠠᠯᠠᠶᠢᠨᠠᠭᠤᠷ ᠲᠣᠭᠤᠷᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ | ᠰᠢᠭᠤᠳ ᠵᠠᠯᠠᠶᠢᠨᠠᠭᠤᠷ ᠲᠣᠭᠤᠷᠢᠭ ᠲᠤ ᠭᠦᠨᠵᠡᠭᠡᠶᠢᠷᠡᠨ᠂ ᠤᠤᠯ ᠤᠨ ᠠᠵᠢᠯ ᠤᠨ ᠪᠠᠶᠢᠭᠤᠯᠤᠮᠵᠢ ᠶᠢ ᠡᠮᠬᠢᠯᠡᠨ | ᠨᠡᠶᠢᠯᠡᠭᠦᠯᠵᠦ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠬᠠᠶ ᠶᠠᠨ᠂ ᠪᠠᠶ ᠬᠠᠶ ᠯᠢᠨ᠂ ᠰᠢᠨ | ᠱᠤ᠋ ᠭᠤᠸᠠᠩ᠂ ᠮᠠ ᠶᠤᠸᠠᠢ ᠳ᠋ᠦᠩ ᠣᠷᠣᠯᠴᠠᠵᠠᠶ᠃ | ᠢᠦᠶ ᠯᠢ ᠰᠢᠨ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠢᠯᠠᠩᠭᠤᠶ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠭᠠᠵᠠᠷ ᠣᠷᠣᠨ ᠤ ᠠᠵᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠲᠤᠬᠠᠶ ᠶᠢᠨ ᠡᠳᠦᠷ ᠤᠨ | ᠦᠳᠡ ᠶᠢᠨ ᠡᠮᠦᠨ᠎ᠡ᠂ ᠢᠦᠶ ᠯᠢ ᠰᠢᠨ ᠵᠠᠯᠠᠶᠢᠨᠠᠭᠤᠷ ᠲᠣᠭᠤᠷᠢᠭ ᠲᠤ ᠬᠦᠷᠦᠮᠡᠭᠴᠡ ᠪᠠᠨ ᠬᠠᠪᠲᠠᠭᠠᠢᠢᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠷ ᠶᠡᠷᠦᠩᠬᠡᠶ ᠵᠢᠯᠣᠭᠤᠳᠣᠭᠴᠢ᠂ | ᠬᠠᠮᠢᠶ᠎ᠠ ᠪᠥᠬᠦᠶ ᠬᠤᠲᠠ ᠶᠢᠨ ᠤᠳᠤᠷᠢᠳᠤᠯᠭ᠎ᠠ ᠪᠠᠷ ᠳᠡᠳ᠋ ᠶᠡᠷᠦᠩᠬᠡᠶ ᠵᠢᠯᠣᠭᠤᠳᠣᠭᠴᠢ ᠪᠣᠯᠭᠠᠭᠰᠠᠨ ᠵᠠᠯᠠᠶᠢᠨᠠᠭᠤᠷ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠠᠩᠭᠢ ᠶᠢ ᠦᠳᠲᠡᠷ ᠲᠦᠷᠭᠡᠨ | ᠪᠠᠶᠢᠭᠤᠯᠵᠤ᠂ ᠤᠤᠯ ᠤᠨ ᠪᠠᠶᠢᠭᠰᠠᠨ ᠠᠵᠢᠯ ᠤᠨ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠪᠡ᠃ ᠵᠠᠯᠠᠶᠢᠨᠠᠭᠤᠷ | ᠲᠣᠭᠤᠷᠢᠭ ᠢ 140 ᠭᠠᠷᠤᠶ ᠬᠡᠰᠡᠭ ᠲᠣᠭᠤᠷᠢᠭ ᠪᠣᠯᠭᠠᠨ ᠨᠠᠷᠢᠯᠢᠭ ᠬᠤᠪᠢᠶᠠᠵᠤ᠂ ᠬᠡᠰᠡᠭ ᠲᠣᠭᠤᠷᠢᠭ ᠨᠢᠭᠡᠪᠦᠷᠢ ᠶᠢᠨ | ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ 700 ᠭᠠᠷᠤᠶ ᠴᠠᠭᠳᠠᠭ᠎ᠠ ᠶᠢ ᠰᠢᠯᠵᠢᠭᠦᠯᠵᠦ᠂ ᠲᠤᠬᠠᠶ ᠶᠢᠨ | ᠭᠠᠵᠠᠷ ᠤᠨ ᠺᠠᠳ᠋ᠷᠴᠤᠳ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠡᠷᠦᠬᠡ ᠳᠠᠷᠠᠭᠠᠯᠠᠨ ᠵᠢᠭᠰᠠᠭᠠᠨ | ᠪᠠᠶᠢᠴᠠᠭᠠᠬᠤ᠂ ᠬᠦᠮᠦᠰ ᠤᠨ ᠪᠠᠶᠢᠳᠠᠯ ᠢ ᠣᠶᠢᠯᠠᠭᠠᠬᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠨᠢᠭᠲᠠ | ᠣᠶᠢᠷᠠᠲᠤᠭᠰᠠᠳ ᠢ ᠬᠠᠮᠢᠶᠠᠷᠤᠨ ᠡᠵᠡᠮᠳᠡᠬᠦ᠂ ︽ᠰᠠᠭᠤᠷᠢ ᠲᠤᠭ᠎ᠠ ᠶᠢ ᠲᠣᠳᠣᠷᠬᠠᠶᠢᠯᠠᠬᠤ᠂ ᠪᠥᠭᠡᠮ ᠬᠦᠴᠢᠯ ᠢ | ᠲᠤᠳᠤᠷᠬᠠᠶᠢᠯᠠᠬᠤ᠂ ᠨᠢᠭᠲᠠ ᠣᠶᠢᠷᠠᠲᠤᠭᠰᠠᠳ ᠢ ᠲᠣᠳᠣᠷᠬᠠᠶᠢᠯᠠᠬᠤ︾ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ | ᠪᠠᠶᠢᠨ᠎ᠠ᠃ | ᠢᠦᠢ ᠯᠢ ᠰᠢᠨ ᠱᠠᠭᠠᠷᠳᠠᠭᠰᠠᠨ ᠨᠢ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠤᠯᠠᠨ ᠤ ᠡᠷᠡᠭᠦᠯ ᠮᠡᠨᠳᠤ ᠪᠠ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ | ᠬᠦ ᠰᠠᠶᠢᠲᠤᠷ ᠬᠠᠮᠠᠭᠠᠯᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠤᠯᠤᠰ ᠤᠨ ᠵᠢᠯᠣᠭᠤᠳᠬᠤ ᠳᠤᠭᠤᠶᠢᠯᠠᠩ ᠪᠠ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ᠂ ᠠᠵᠢᠯ ᠤᠨ ᠲᠤᠰᠬᠠᠶ ᠠᠩᠭᠢ ᠶᠢᠨ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠨᠢᠮᠪᠠᠢ ᠬᠠᠷᠭᠤᠭᠤᠯᠤᠨ᠂ ᠰᠡᠷᠭᠡᠶᠢᠯᠡᠨ ᠡᠵᠡᠮᠳᠡᠬᠦ | ᠵᠠᠩᠭᠢᠯᠠᠭ᠎ᠠ ᠶᠢ ᠴᠢᠩᠭ᠎ᠠ ᠠᠳᠬᠤᠵᠤ᠂ ᠨᠠᠩ ᠲᠦᠷᠭᠡᠨ ᠬᠤᠷᠳᠤᠴᠠ᠂ ᠨᠠᠩ ᠴᠢᠩᠭ᠎ᠠ ᠪᠠᠷᠢᠮᠵᠢᠶ᠎ᠠ᠂ ᠨᠠᠩ ᠨᠠᠷᠢᠯᠢᠭ | ᠠᠷᠭ᠎ᠠ ᠬᠡᠮᠵᠢᠶ᠎ᠡ᠂ ᠨᠠᠩ ᠪᠣᠳᠠᠲᠠᠶ ᠠᠵᠢᠯᠯᠠᠭ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦ ᠡᠭᠦᠰᠦᠯ ᠢ ᠰᠠᠶᠢᠲᠤᠷ ᠡᠷᠢᠵᠦ᠂ ᠨᠢᠭᠡ ᠠᠴᠠ ᠵᠦᠢᠴᠢᠯᠠᠨ | ᠨᠥᠭᠦᠭᠡ ᠶᠢ ᠮᠡᠳᠡᠵᠦ᠂ ᠶᠠᠮᠠᠷᠴᠤ ᠦ ᠰᠡᠪ ᠭᠠᠷᠭᠠᠬᠤ ᠥᠬᠡᠶ᠂ ᠶᠠᠮᠠᠷᠴᠤ ᠳᠠᠯᠳᠠ ᠬᠡᠮ ᠦᠯᠡᠳᠡᠭᠡᠬᠦ ᠥᠬᠡᠶ ᠪᠠᠶᠢᠬᠤ | ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠣᠨᠴᠠᠭᠠᠶᠢᠯᠠᠨ ᠪᠠᠲᠤᠲᠠᠢ ᠪᠠ ᠤᠨᠤᠴᠠᠲᠠᠢ ᠪᠠᠶᠢᠬᠤ ᠶᠢ ᠠᠩᠬᠠᠷᠴᠤ᠂ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠡᠩ ᠪᠠᠲᠤᠲᠠᠢ ᠨᠠᠶᠢᠳᠠᠪᠤᠷᠢᠵᠢᠭᠤᠯᠵᠤ᠂ ᠡᠷᠦᠬᠡ ᠨᠢᠭᠡᠪᠦᠷᠢ᠂ ᠤᠯᠠᠨ ᠲᠦᠮᠡᠨ ᠨᠢᠭᠡᠪᠦᠷᠢ ᠳᠤ | ᠪᠦᠭᠡᠮ ᠬᠦᠴᠢᠯ ᠤᠨ ᠪᠠᠶᠢᠴᠠᠭᠠᠯᠲᠠ᠂ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠶᠢᠨ ᠠᠵᠢᠯ ᠢ ᠤᠨᠤᠪᠴᠢᠲᠠᠢ ᠪᠠᠷ | ᠪᠦᠷᠢᠨ ᠪᠦᠷᠬᠦᠭᠦᠯᠵᠦ᠂ ᠪᠦᠬᠦᠨ ᠢ ᠬᠠᠮᠤᠷᠤᠭᠤᠯᠬᠤ ᠬᠡᠷᠡᠭᠲᠡᠢ︔ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ | ᠪᠠ ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠰᠠᠭᠠᠷᠯᠠᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠣᠣᠷᠠᠬᠢ ᠬᠦᠴᠢᠷᠳᠡᠯᠲᠡᠢ ᠬᠠᠮᠲᠤᠯᠢᠭ ᠢ ᠠᠩᠬᠠᠷᠴᠤ᠂ ᠥᠷᠭᠡᠨ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ | ᠦᠨᠡᠨ ᠬᠦ ᠪᠠᠲᠤᠯᠠᠬᠤ ᠬᠡᠷᠡᠭᠲᠡᠢ︔ ᠤᠬᠠᠭᠤᠯᠵᠤ ᠬᠥᠲᠥᠯᠥᠨ ᠵᠢᠯᠣᠭᠤᠳᠬᠤ ᠪᠠ ᠵᠣᠬᠢᠶᠠᠨ ᠪᠠᠶᠢᠭᠤᠯᠵᠤ | ᠳᠠᠶᠢᠴᠢᠯᠠᠬᠤ ᠶᠢ ᠦᠨᠡᠨ ᠬᠦ ᠴᠢᠩᠭᠠᠳᠬᠠᠵᠤ᠂ ᠤᠯᠠᠨ ᠲᠦᠮᠡᠨ ᠢ ᠤᠷᠢᠶᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠤᠬᠠᠮᠰᠠᠷ ᠠᠴᠠ ᠪᠠᠨ ᠣᠶᠢᠯᠠᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠣᠷᠣᠯᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠡᠮᠵᠢᠬᠦ ᠬᠡᠷᠡᠭᠲᠡᠶ︔ ᠪᠦᠬᠦ ᠬᠤᠳᠠ ᠪᠠᠷ ᠢᠶᠠᠨ | ᠨᠢᠭᠡ ᠬᠥᠯᠭᠡ ᠰᠢᠳᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠨᠢᠭᠡ ᠲᠠᠯ᠎ᠠ ᠨᠢ ᠬᠦᠴᠢᠷᠳᠡᠯ ᠲᠤᠯᠭᠠᠷᠠᠪᠠᠯ ᠵᠦᠭ | ᠪᠦᠷᠢ ᠠᠴᠠ ᠲᠤᠰᠠᠯᠠᠵᠤ᠂ ᠪᠦᠬᠦ ᠬᠤᠳᠠ ᠶᠢᠨ ᠬᠥᠮᠦᠨ ᠪᠡᠯᠡ ᠡᠳ᠋ ᠪᠣᠳᠠᠰ ᠢ ᠲᠥᠪᠯᠡᠷᠡᠭᠦᠯᠦᠨ ᠭᠤᠣᠯᠳᠠᠯᠭ᠎ᠠ ᠲᠠᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠵᠠᠷ ᠣᠷᠣᠨ ᠤ ᠠᠵᠢᠯ ᠢ ᠳᠡᠮᠵᠢᠵᠦ᠂ ᠪᠡᠷᠬᠡ ᠴᠠᠭ ᠢ ᠬᠠᠮᠲᠤᠪᠠᠷ | ᠲᠤᠭᠤᠯᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ | ᠠᠵᠢᠯ ᠤᠨ ᠰᠠᠨᠠᠭᠠᠴᠢᠯᠠᠭᠠᠲᠤ ᠡᠷᠬᠡ ᠶᠢ ᠲᠦᠷᠭᠡᠬᠡᠨ ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠯᠲᠠ ᠶᠢᠨ ᠳᠠᠶᠢᠯᠠᠯᠳᠤᠭᠠᠨ᠂ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠡᠢ᠃ |