ᠣᠶᠢᠷ᠎ᠠ ᠳᠤ᠂ ᠯᠥᠸᠧ ᠣᠪᠣᠭ ᠲᠠᠢ ᠨᠢᠭᠡᠨ ᠡᠷᠡᠭᠲᠡᠶ ᠪᠡᠭᠡᠵᠢᠩ ᠤᠨ ᠭᠠᠯᠲᠤ ᠲᠡᠷᠭᠡᠨ ᠥᠷᠲᠡᠭᠡᠨ ᠳᠤ | ᠣᠷᠣᠬᠤ ᠭᠡᠰᠡᠨ ᠴᠢᠨᠢ ᠭᠠᠷ ᠤᠲᠠᠰᠤ ᠨᠢ ᠡᠷᠡᠭᠦᠯ ᠮᠡᠨᠳᠦ ᠶᠢᠨ ᠺᠣᠳ᠋ ᠢᠶᠠᠨ ᠳᠡᠯᠭᠡᠨ ᠦᠵᠡᠭᠦᠯᠬᠦ ᠶᠢᠨ ᠠᠷᠭ᠎ᠠ ᠥᠬᠡᠶ | ᠪᠣᠯᠣᠭᠠᠳ᠂ ᠥᠷᠲᠡᠭᠡᠨ ᠤ ᠠᠵᠢᠯᠲᠠᠳ ᠠᠴᠠ ᠲᠡᠭᠦᠨ ᠢ ᠥᠷᠲᠡᠭᠡᠨ ᠳᠤ ᠣᠷᠤᠭᠤᠯᠤᠭᠰᠠᠨ ᠦᠭᠡᠢ᠃ ᠲᠡᠭᠡᠬᠦ ᠪᠠᠷ ᠨᠢ | ᠯᠥᠸᠧ ᠣᠪᠣᠭᠲᠤ ᠤᠷᠢᠳ ᠢᠶᠠᠷ ᠬᠢᠨᠠᠨ ᠰᠢᠯᠭᠠᠬᠤ ᠭᠠᠵᠠᠷ ᠤᠨ ᠬᠡᠷᠡᠰᠬᠡ ᠶᠢ ᠲᠦᠯᠬᠢᠵᠦ ᠤᠨᠠᠭᠠᠭᠠᠳ 110 ᠳᠤ | ᠤᠲᠠᠰᠤᠳᠠᠨ ᠴᠠᠭᠳᠠᠭ᠎ᠠ ᠳᠤ ᠮᠡᠳᠡᠭᠦᠯᠵᠦ᠂ ᠠᠷᠠᠳ ᠤᠨ ᠴᠠᠭᠳᠠᠭ᠎ᠠ ᠶᠢ ᠲᠡᠭᠦᠨ ᠢ ᠬᠠᠪᠰᠤᠷᠤᠨ ᠥᠷᠲᠡᠭᠡᠨ ᠳᠤ | ᠣᠷᠣᠭᠤᠯᠬᠤ ᠶᠢ ᠱᠠᠭᠠᠷᠳᠠᠪᠠ᠃ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠢ ᠳᠤ ᠬᠦᠷᠦᠭᠰᠡᠨ ᠤ ᠳᠠᠷᠠᠭ᠎ᠠ᠂ | ᠯᠥᠸᠧ ᠣᠪᠣᠭᠲᠤ ᠪᠠᠰᠠ 119 ᠳᠤ ᠤᠲᠠᠰᠤᠳᠠᠭᠰᠠᠨ ᠢ ᠣᠯᠵᠤ ᠮᠡᠳᠡᠵᠡᠢ᠃ ᠲᠤᠬᠠᠢ ᠶᠢᠨ ᠲᠠᠯᠠᠪᠠᠢ ᠳᠤ᠂ ︽ | ᠬᠠᠮᠢᠭ᠎ᠠ ᠭᠠᠯ ᠭᠠᠷᠤᠭᠰᠠᠨ ᠪᠤᠢ︾ ᠭᠡᠵᠦ ᠠᠰᠠᠭᠤᠭᠰᠠᠨ ᠳᠤ ᠯᠦᠸᠧ ᠣᠪᠣᠭᠲᠤ ︽ᠠᠭᠤᠷ ᠬᠦᠷᠦᠭᠡᠳ ᠭᠠᠯ | ᠪᠤᠲᠠᠷᠠᠭᠰᠠᠨ︾ ᠭᠡᠪᠡ᠃ ᠲᠠᠷᠠᠭ᠎ᠠ ᠨᠢ᠂ ᠪᠡᠭᠡᠵᠢᠩ ᠥᠷᠲᠡᠭᠡᠨ ᠤ ᠲᠣᠮᠢᠯᠠᠭᠰᠠᠨ ᠰᠠᠯᠪᠤᠷᠢ᠂ ᠠᠷᠠᠳ ᠤᠨ ᠴᠠᠭᠳᠠᠭ᠎ᠠ | ᠪᠣᠯᠤᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠯᠥᠸᠧ ᠣᠪᠣᠭᠲᠤ ᠳᠤ ᠪᠠᠶᠢᠴᠠᠭᠠᠯᠲᠠ ᠬᠢᠪᠡ᠃ ᠯᠦᠸᠧ | ᠣᠪᠣᠭᠲᠤ ᠶᠢᠨ ᠬᠡᠯᠡᠬᠦ ᠪᠠᠷ᠂ ᠭᠠᠷ ᠤᠲᠠᠰᠤᠨ ᠤ ᠡᠷᠡᠭᠦᠯ ᠮᠡᠨᠳᠦ ᠶᠢᠨ ᠺᠣᠳ᠋ ᠨᠢ ᠬᠡᠪ ᠤᠨ ᠪᠤᠰᠤ ᠪᠣᠯᠵᠤ᠂ | ᠥᠷᠲᠡᠭᠡᠨ ᠳᠤ ᠣᠷᠣᠵᠤ ᠲᠡᠷᠭᠡᠨ ᠳᠤ ᠰᠠᠭᠤᠵᠤ ᠪᠣᠯᠬᠤ ᠦᠭᠡᠶ ᠪᠣᠯᠤᠭᠰᠠᠨ ᠳᠤ ᠲᠡᠷᠡ ᠮᠠᠰᠢ ᠠᠭᠤᠷᠯᠠᠵᠤ᠂ | ᠬᠠᠨᠤᠮᠵᠢ ᠦᠭᠡᠶ ᠪᠠᠶᠢᠬᠤ ᠪᠠᠨ ᠢᠯᠡᠳᠬᠡᠬᠦ ᠶᠢᠨ ᠲᠥᠯᠥᠭᠡ ᠤᠷᠢᠳ ᠬᠤᠵᠢᠳ ᠴᠠᠭᠳᠠᠭ᠎ᠠ ᠳᠤ ᠮᠡᠳᠡᠭᠦᠯᠵᠦ᠂ | 119 ᠳᠤ ᠤᠲᠠᠰᠤ ᠠᠪᠤᠭᠰᠠᠨ ᠭᠡᠨ᠎ᠡ᠃ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ | ᠲᠠᠨᠢᠯᠴᠠᠭᠤᠯᠤᠭᠰᠠᠨ ᠢᠶᠠᠷ᠂ ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ ᠭᠠᠯ ᠤᠨᠲᠠᠷᠠᠭᠠᠬᠤ ᠠᠩᠭᠢ ᠶᠢᠨ | ᠠᠵᠢᠯᠲᠠᠨ ᠪᠠᠶᠢᠳᠠᠯ ᠢ ᠣᠶᠢᠯᠠᠭᠠᠬᠤ ᠶᠢᠨ ᠲᠥᠯᠥᠭᠡ ᠯᠦᠸᠧ ᠣᠪᠣᠭᠲᠤ ᠳᠤ ᠵᠠᠯᠭᠠᠭ᠎ᠠ ᠪᠠᠷ ᠠᠷᠪᠠᠨ ᠬᠡᠳᠦᠨ ᠤᠲᠠᠰᠤ | ᠠᠪᠤᠭᠰᠠᠨ ᠪᠣᠯᠪᠠᠴᠤ ᠶᠡᠷᠦ ᠨᠢ ᠨᠡᠪᠲᠡᠷᠡᠭᠰᠡᠨ ᠦᠭᠡᠶ᠃ ᠯᠦᠸᠧ ᠣᠪᠣᠭᠲᠤ ᠶᠢᠨ ᠭᠠᠯ ᠤᠨ ᠠᠶᠤᠯ ᠢ ᠬᠤᠳᠠᠯ ᠢᠶᠠᠷ | ᠮᠡᠳᠡᠭᠦᠯᠦᠭᠰᠡᠨ ᠤ ᠤᠷᠰᠢᠭ ᠢᠶᠠᠷ᠂ ᠭᠠᠯ ᠤᠨᠲᠠᠷᠠᠭᠠᠬᠤ ᠰᠠᠯᠠᠭ᠎ᠠ ᠮᠥᠴᠢᠷ᠂ 6 ᠮᠠᠰᠢᠨ ᠲᠡᠷᠭᠡ᠂ 35 ᠭᠠᠯ | ᠤᠨᠲᠠᠷᠠᠭᠠᠭᠴᠢ ᠲᠣᠮᠢᠯᠠᠵᠠᠶ᠃ ᠣᠳᠣᠬᠠᠨ ᠳᠤ᠂ ᠯᠥᠸᠧ ᠣᠪᠣᠭᠲᠤ ᠶᠢ ᠪᠡᠭᠡᠵᠢᠩ ᠤᠨ ᠲᠡᠮᠦᠷ ᠵᠠᠮ ᠤᠨ | ᠴᠠᠭᠳᠠᠭᠠᠨ ᠤ ᠲᠠᠯ᠎ᠠ ᠶᠢᠨ ᠬᠢᠨ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ︕ | |