1. ᠵᠣᠬᠢᠰᠲᠠᠢ ᠪᠠᠷᠢᠯᠠᠭᠤᠯᠬᠤ᠃ ᠲᠠᠷᠢᠮᠠᠯ ᠢ ᠵᠣᠬᠢᠰᠲᠠᠢ ᠪᠠᠶᠢᠷᠢᠯᠠᠭᠤᠯᠬᠤ ᠨᠢ ᠲᠠᠷᠢᠮᠠᠯ ᠤᠨ ᠤᠨᠠᠯᠲᠠ ᠶᠢ | ᠨᠡᠮᠡᠭᠳᠡᠭᠦᠯᠬᠦ ᠳᠤ ᠠᠰᠢᠭᠲᠠᠢ ᠪᠠᠷ ᠪᠠᠷᠠᠬᠤ ᠦᠭᠡᠢ ᠬᠦᠨᠦᠭᠡᠯᠲᠦ ᠠᠮᠢᠳᠤ ᠪᠤᠳᠠᠰ ᠤᠨ ᠡᠭᠦᠰᠬᠦ ᠪᠠ ᠳᠡᠯᠭᠡᠷᠡᠬᠦ ᠶᠢ | ᠬᠢᠵᠠᠭᠠᠷᠯᠠᠬᠤ ᠳᠤ ᠠᠰᠢᠭᠲᠠᠢ ᠪᠠᠶᠢᠳᠠᠭ᠃ ᠬᠦᠨᠦᠭᠡᠯᠲᠦ ᠠᠮᠢᠳᠤ ᠪᠤᠳᠠᠰ ᠢ ᠵᠠᠰᠠᠬᠤ ᠲᠠᠯ᠎ᠠ ᠠᠴᠠ ᠦᠵᠡᠪᠡᠯ ᠳᠤᠤᠷᠠᠬᠢ | ᠬᠡᠳᠦᠨ ᠵᠦᠢᠯ ᠢ ᠪᠠᠷᠢᠮᠲᠠᠯᠠᠬᠤ ᠬᠡᠷᠡᠭᠲᠡᠢ᠃ ⑴ ᠠᠳᠠᠯᠢ ᠨᠢᠭᠡ ᠲᠦᠷᠦᠯ ᠤᠨ ᠬᠦᠨᠦᠭᠡᠯᠲᠦ ᠠᠮᠢᠳᠤ ᠪᠤᠳᠠᠰ ᠲᠠᠢ | ᠠᠳᠠᠯᠢ ᠪᠤᠰᠤ ᠲᠠᠷᠢᠮᠠᠯ ᠪᠣᠶᠣ ᠬᠦᠨᠦᠭᠡᠭᠳᠡᠬᠦ ᠰᠤᠷᠭᠤᠭ ᠬᠤᠭᠤᠴᠠᠭ᠎ᠠ ᠨᠢ ᠠᠳᠠᠯᠢ ᠪᠤᠰᠤ ᠪᠣᠯᠬᠤ ᠠᠳᠠᠯᠢ ᠵᠦᠢᠯ ᠤᠨ | ᠲᠠᠷᠢᠮᠠᠯ ᠢ ᠬᠡᠰᠡᠭ ᠬᠡᠰᠡᠭ ᠢᠶᠠᠷ ᠲᠠᠷᠢᠵᠤ ᠪᠣᠯᠬᠤ ᠦᠭᠡᠢ᠃ ᠴᠢᠨᠠᠭᠰᠢᠯᠠᠨ ᠬᠦᠨᠦᠭᠡᠯᠲᠦ ᠠᠮᠢᠳᠤ ᠪᠤᠳᠠᠰ ᠤᠨ | ᠠᠰᠢᠭᠲᠠᠢ ᠲᠠᠷᠬᠠᠬᠤ ᠪᠣᠶᠣ ᠨᠡᠭᠦᠳᠡᠯᠯᠡᠨ ᠲᠠᠷᠬᠠᠬᠤ ᠬᠡᠪᠴᠢᠶᠡᠨ ᠳᠤᠲᠤᠷ᠎ᠠ ᠪᠠᠶᠢᠷᠢᠯᠠᠭᠤᠯᠤᠨ᠎ᠠ᠃ ⑵ ᠠᠳᠠᠯᠢ ᠪᠤᠰᠤ | ᠬᠦᠨᠦᠭᠡᠯᠲᠦ ᠠᠮᠢᠳᠤ ᠪᠤᠳᠠᠰ ᠤᠨ ᠲᠦᠷᠦᠯ ᠵᠦᠢᠯ ᠲᠠᠢ ᠪᠣᠯᠪᠠᠴᠤ ᠬᠦᠨᠦᠭᠡᠯᠲᠦ ᠠᠮᠢᠳᠤ ᠪᠤᠳᠠᠰ ᠨᠢ ᠠᠳᠠᠯᠢᠬᠠᠨ | ᠳᠠᠷᠤᠯᠭ᠎ᠠ ᠲᠠᠢ ᠲᠠᠷᠢᠮᠠᠯ ᠤᠨ ᠵᠦᠢᠯ ᠢ ᠬᠡᠰᠡᠭ ᠬᠡᠰᠡᠭ ᠢᠶᠠᠷ ᠲᠠᠷᠢᠬᠤ ᠪᠤᠶᠤ ᠠᠯᠠᠭᠯᠠᠨ ᠲᠠᠷᠢᠪᠠᠯ ᠬᠦᠨᠦᠭᠡᠯᠲᠦ ᠠᠮᠢᠳᠤ | ᠪᠤᠳᠠᠰ ᠢ ᠬᠢᠵᠠᠭᠠᠷᠯᠠᠬᠤ ᠳᠤ ᠠᠰᠢᠭᠲᠠᠢ᠂ ᠵᠢᠱᠢᠶᠡᠯᠡᠪᠡᠯ ᠪᠤᠭᠤᠳᠠᠢ᠂ ᠰᠢᠯᠢᠮᠳᠡᠭ ᠵᠡᠷᠭᠡ ᠨᠢ ᠠᠳᠠᠯᠢ ᠪᠤᠰᠤ | ᠲᠦᠷᠦᠯ ᠤᠨ ᠪᠠᠭᠠᠷᠠᠩ ᠬᠤᠷᠤᠬᠠᠢ ᠲᠠᠢ ᠪᠠᠶᠢᠭᠰᠠᠨ ᠴᠤ ᠪᠠᠭᠠᠷᠠᠩ ᠬᠤᠷᠤᠬᠠᠢ ᠨᠢ ᠬᠠᠮᠲᠤ ᠶᠢᠨ ᠳᠠᠷᠤᠯᠭ᠎ᠠ ᠲᠠᠢ᠃ 2. | ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠨ᠎ᠠ᠃ ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ | ᠲᠠᠷᠢᠬᠤ ᠨᠢ ᠬᠦᠷᠦᠰᠦᠨ ᠤ ᠰᠢᠮ᠎ᠡ ᠲᠡᠵᠢᠭᠡᠯ ᠪᠠ ᠭᠡᠷᠡᠯ ᠤᠨ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ | ᠤᠨᠠᠯᠲᠠ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠬᠦᠨᠦᠭᠡᠯᠲᠦ ᠠᠮᠢᠳᠤ ᠪᠤᠳᠠᠰ ᠤᠨ ᠢᠳᠡᠰᠢ ᠪᠣᠶᠣ | ᠮᠦᠯᠵᠢᠭᠳᠡᠭᠴᠢ ᠶᠢᠨ ᠬᠠᠩᠭᠠᠯᠭ᠎ᠠ ᠶᠢᠨ ᠭᠢᠨᠵᠢ ᠶᠢ ᠲᠠᠰᠣᠯᠵᠣ᠂ ᠬᠦᠨᠦᠭᠡᠯᠲᠦ ᠠᠮᠢᠳᠤ ᠪᠤᠳᠠᠰ ᠤᠨ ᠲᠤᠭᠠᠨ ᠤ | ᠨᠡᠮᠡᠭᠳᠡᠯ ᠢ ᠬᠢᠵᠠᠭᠠᠷᠯᠠᠬᠤ ᠶᠢᠨ ᠬᠠᠮᠲᠤ ᠲᠠᠷᠢᠮᠠᠯ ᠤᠨ ᠬᠤᠭᠤᠷᠤᠨᠳᠤᠬᠢ ᠳᠠᠷᠣᠯᠭ᠎ᠠ ᠶᠢᠨ ᠳᠦᠷᠰᠦ ᠶᠢᠨ ᠰᠦᠷᠦᠭ ᠤᠨ | ᠬᠠᠷᠢᠯᠴᠠᠨ ᠰᠢᠯᠵᠢᠬᠦ ᠳᠤ ᠠᠰᠢᠭᠲᠠᠢ ᠪᠠᠶᠢᠵᠤ᠂ ᠠᠮᠢ ᠠᠬᠤᠢ ᠶᠢᠨ ᠰᠢᠰᠲ᠋ᠧᠮ ᠤᠨ ᠬᠦᠨᠦᠭᠡᠯᠲᠦ ᠠᠮᠢᠳᠤ | ᠪᠤᠳᠠᠰ ᠲᠠᠬᠢ ᠠᠶᠠᠨᠳᠠᠭᠠᠨ ᠤ ᠬᠢᠵᠠᠭᠠᠷᠯᠠᠬᠤ ᠴᠢᠳᠠᠪᠤᠷᠢ ᠶᠢ ᠴᠢᠩᠭᠠᠳᠬᠠᠨ᠎ᠠ᠃ ᠡᠶᠢᠮᠦ ᠠᠴᠠ ᠠᠯᠠᠭᠯᠠᠨ ᠲᠠᠷᠢᠬᠤ ᠨᠢ | ᠨᠢᠭᠡ ᠲᠦᠷᠦᠯ ᠤᠨ ᠮᠠᠰᠢ ᠠᠰᠢᠭᠲᠠᠢ ᠰᠢᠪᠡᠵᠢ ᠰᠡᠷᠭᠡᠶᠢᠯᠡᠬᠦ ᠮᠡᠷᠭᠡᠵᠢᠯ ᠪᠣᠯᠬᠤ ᠪᠣᠯᠣᠮᠵᠢᠲᠠᠢ᠃ ᠪᠤᠭᠤᠳᠠᠢ ᠪᠣᠶᠣ | ᠡᠪᠦᠯᠵᠢᠬᠦ ᠨᠤᠭᠤᠭᠠᠨ ᠪᠤᠷᠳᠤᠭᠤᠷ ᠬᠢᠭᠡᠳ ᠬᠦᠪᠦᠩ ᠢ ᠠᠯᠠᠭᠯᠠᠨ ᠲᠠᠷᠢᠪᠠᠯ ᠬᠦᠪᠦᠩ ᠤᠨ ᠴᠢᠬᠢᠯᠡᠬᠦ | ᠬᠤᠭᠤᠴᠠᠭᠠᠨ ᠳᠠᠬᠢ ᠪᠠᠭᠠᠷᠠᠩ ᠬᠤᠷᠤᠬᠠᠢ ᠶᠢᠨ ᠬᠦᠨᠦᠭᠡᠯ ᠢ ᠨᠡᠯᠢᠶᠡᠳ ᠰᠠᠶᠢᠨ ᠬᠢᠵᠠᠭᠠᠷᠯᠠᠵᠤ ᠴᠢᠳᠠᠨ᠎ᠠ᠃ ︵ | ᠢᠷᠡᠯᠲᠡ᠄ ᠰᠢ ᠶᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ | ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ | |