ᠠᠭᠤᠷ ᠠᠮᠢᠰᠬᠤᠯ ᠤᠨ ᠮᠠᠭᠤᠵᠢᠷᠠᠯ ᠨᠢ ᠡᠯᠡᠰᠦᠷᠭᠡᠭᠵᠢᠭᠦᠯᠵᠤ ᠲᠠᠴᠢᠷᠳᠠᠭᠤᠯᠵᠤ ᠪᠠᠶᠢᠬᠤ ᠶᠢᠨ ᠨᠢᠭᠡᠨ | ᠨᠦᠭᠦᠴᠡᠯ ᠪᠤᠯᠤᠨ᠎ᠠ᠃ ᠵᠠᠷᠢᠮ ᠡᠷᠳᠡᠮᠳᠡᠳ ᠠᠴᠠ ᠲᠡᠯᠡᠭᠡᠢ ᠶᠢᠨ ᠪᠦᠮᠪᠤᠷᠴᠡᠭ ᠤᠨ ᠬᠤᠪᠢᠷᠠᠯᠳᠠ ᠨᠢ ᠵᠤᠭᠢᠬᠤ | ᠭᠡᠮᠵᠢᠶᠠᠨ ᠳᠤ ᠭᠠᠩ ᠬᠠᠭᠰᠠᠷᠠᠭᠠᠨ ᠢ ᠪᠤᠢ ᠪᠤᠯᠭᠠᠵᠤ ᠪᠠᠶᠢᠨ᠎ᠠ ᠭᠡᠵᠤ ᠦᠵᠡᠵᠤ ᠪᠠᠶᠢᠨ᠎ᠠ᠃ ᠡᠭᠦᠨ ᠢ ᠭᠡᠷᠡᠴᠢᠯᠡᠭᠦ ᠶᠢᠨ | ᠲᠤᠰᠠᠳᠠ ᠬᠤᠶᠠᠷ ᠪᠤᠳᠠᠳᠤ ᠵᠢᠱᠢᠶ᠎ᠠ ᠲᠠᠳᠠᠶ᠎ᠠ᠃ ᠨᠢᠭᠡ ᠳᠤ᠂ ᠦᠪᠤᠷ ᠮᠤᠩᠭᠤᠯ ᠤᠨ ᠭᠦᠯᠦᠨ ᠪᠤᠶᠢᠷ ᠬᠤᠳᠠ᠂ | ᠰᠢᠯᠢ ᠶᠢᠨ ᠭᠤᠤᠯ ᠠᠶᠢᠮᠠᠭ ᠤᠨ ᠵᠡᠭᠦᠨ ᠭᠡᠰᠡᠭ ᠤᠨ ᠭᠠᠵᠠᠷ ᠤᠷᠤᠨ ᠤ ᠨᠤᠳᠤᠭ ᠪᠡᠯᠴᠢᠭᠡᠷ ᠤᠨ ᠲᠡᠴᠢᠷᠳᠡᠯ ᠤᠨ | ᠨᠢᠭᠤᠷᠳᠠᠯ ᠲᠠᠯ᠎ᠠ ᠪᠤᠯᠬᠤ ᠮᠤᠩᠭᠤᠯ ᠤᠯᠤᠰ ᠤᠨ ᠡᠪᠡᠰᠤ ᠪᠡᠯᠴᠢᠭᠡᠷ ᠨᠢ ᠮᠧᠳ᠋ᠷ ᠤᠷᠴᠢᠮ ᠦᠨᠳᠤᠷ ᠤᠷᠭᠤᠵᠤ᠂ | ᠲᠡᠨᠳᠡ ᠭᠡᠳᠦᠨ ᠲᠦᠮᠡᠨ ᠵᠡᠭᠡᠷ᠎ᠡ ᠠᠮᠢᠳᠤᠷᠠᠵᠤ ᠪᠠᠶᠢᠬᠤ ᠳᠤ ᠭᠢᠯᠢ ᠶᠢᠨ ᠨᠠᠭᠠᠳᠤᠭᠢ ᠮᠠᠨ ᠤ ᠠᠳᠡ ᠲᠤᠭ᠎ᠠ ᠲᠠᠢ ᠭᠡᠳᠤ | ᠯᠡ ᠪᠠᠶᠢᠳᠠᠭ᠃ ᠲᠡᠭᠷᠢ ᠭᠠᠨᠭ᠍ᠳᠠᠪᠠᠯ ᠲᠠᠳᠡᠨ ᠤ ᠪᠠᠶᠢᠷᠢᠰᠢᠯ ᠨᠢ ᠮᠠᠨ ᠤ ᠬᠢ ᠠᠴᠠ ᠪᠠᠰᠠ ᠬᠤᠶᠢᠨ᠎ᠠ ᠪᠠᠶᠢᠬᠤ ᠲᠤᠯᠠ | ᠲᠡᠨᠳᠡᠭᠢ ᠶᠢᠨ ᠡᠪᠡᠰᠤ ᠪᠡᠯᠴᠢᠭᠡᠷ ᠨᠢ ᠨᠡᠩ ᠮᠠᠭᠤ ᠪᠠᠶᠢᠬᠤ ᠯᠡ ᠶᠤᠰᠤᠳᠠᠢ᠃ ᠬᠤᠶᠠᠷ ᠲᠤ᠂ ᠲᠤᠮᠳᠠᠳᠤ ᠮᠤᠩᠭᠤᠯ᠂ | ᠲᠤᠮᠳᠠᠳᠤ ᠤᠷᠤᠰ ᠤᠨ 10km ᠦᠷᠭᠡᠨ ᠭᠢᠯᠢ ᠶᠢᠨ ᠱᠤᠭᠤᠮ ᠲᠡᠭᠡᠷ᠎ᠡ ᠲᠠᠯ᠎ᠠ ᠨᠤᠳᠤᠭ ᠤᠨ ᠦᠨᠳᠦᠷᠯᠢᠭ ᠨᠢ | ᠮᠦᠨ ᠭᠦ 20 ᠳ᠋ᠤᠭᠠᠷ ᠵᠠᠭᠤᠨ ᠤ ᠲᠠᠪᠢᠭᠠᠳ ᠤᠨ ᠤ ᠭᠡᠪ ᠢᠶᠠᠷ ᠢᠶᠠᠨ ᠪᠠᠶᠢᠠᠠᠰᠠᠭᠠᠷ᠃ ᠡᠭᠦᠨ ᠠᠴᠠ ᠪᠢᠳᠡ ᠬᠤᠶᠠᠷ | ᠶᠠᠪᠤᠳᠠᠯ ᠢ ᠮᠡᠳᠡᠵᠤ ᠪᠤᠯᠤᠨ᠎ᠠ᠃ ᠨᠢᠭᠡ ᠳᠤ ᠡᠪᠡᠰᠤ ᠪᠡᠯᠴᠢᠭᠡᠷ ᠤᠷᠭᠤᠬᠤ ᠦᠭᠡᠢ ᠨᠢ ᠭᠠᠩ ᠬᠠᠭᠰᠠᠷᠠᠭᠠᠨ ᠠᠴᠠ | ᠪᠤᠯᠵᠠᠢ᠃ ᠬᠤᠶᠠᠷ ᠲᠤ᠂ ᠮᠠᠯ ᠰᠦᠷᠦᠭ ᠡᠪᠡᠰᠤ ᠪᠡᠯᠴᠢᠭᠡᠷ ᠢ ᠢᠳᠡᠭᠦ ᠦᠭᠡᠢ ᠪᠤᠯ ᠡᠪᠡᠰᠤ ᠪᠡᠯᠴᠢᠭᠡᠷ ᠨᠢ | ᠭᠡᠳᠡᠷᠭᠦ ᠪᠠᠨ ᠰᠠᠶᠢᠨ ᠤᠷᠭᠤᠳᠠᠭ ᠦᠭᠡᠢ᠂ ᠤᠴᠢᠷ ᠨᠢ ᠤᠯᠠᠨ ᠤ ᠮᠡᠳᠡᠭᠡᠵᠢ ᠪᠠᠷ ᠭᠢᠯᠢ ᠶᠢᠨ ᠱᠤᠭᠤᠮ ᠲᠡᠭᠡᠷ᠎ᠡ ᠮᠠᠯ | ᠰᠦᠷᠦᠭ ᠤᠨ ᠲᠠᠷᠤᠯᠳᠡ ᠦᠭᠡᠢ ᠪᠠᠶᠢᠳᠠᠭ ᠰᠢᠤ᠃ ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ | ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |