ᠮᠡᠳᠡᠯᠭᠡ ᠶᠢᠨ ᠰᠠᠩ᠄ ᠭᠦᠮᠦᠨ ᠠᠮᠠ ᠶᠢᠨ ᠨᠡᠮᠡᠭᠳᠡᠯ ᠭᠢᠭᠡᠳ ᠨᠤᠳᠤᠭ ᠪᠡᠯᠴᠢᠭᠡᠷ ᠤᠨ ᠲᠠᠴᠢᠷᠳᠡᠯ ᠤᠨ ᠵᠦᠷᠢᠴᠡᠯ ᠢ ᠭᠡᠷᠭᠢᠨ ᠰᠢᠢᠳᠪᠤᠷᠢᠯᠡᠭᠦ ᠪᠤᠢ︖
ᠨᠡᠶᠢᠲᠡᠯᠡᠭᠰᠡᠨ ᠴᠠᠭ᠄
2021/12/22
      ᠭᠦᠮᠦᠨ ᠠᠮᠠ ᠶᠢᠨ ᠨᠡᠮᠡᠭᠳᠡᠯ ᠪᠤᠯ ᠨᠤᠳᠤᠭ ᠪᠡᠯᠴᠢᠭᠡᠷ ᠢ ᠲᠠᠴᠢᠷᠳᠠᠭᠤᠯᠵᠤ ᠪᠠᠶᠢᠬᠤ ᠶᠢᠨ ᠴᠢᠬᠤᠯᠠ ᠭᠦᠴᠤᠨ ᠵᠦᠢᠯ ᠪᠤᠯᠤᠨ᠎ᠠ᠃ ᠡᠶᠢᠮᠤ ᠠᠴᠠ ᠠᠮᠢ ᠠᠬᠤᠢ ᠶᠢᠨ ᠰᠢᠰᠲ᠋ᠧᠮ ᠤᠨ ᠲᠠᠴᠢᠷᠳᠡᠯ ᠢ ᠵᠠᠰᠠᠶ᠎ᠠ ᠭᠡᠪᠡᠯ ᠡᠷᠭᠡᠪᠰᠢ ᠭᠦᠮᠦᠨ ᠤ ᠭᠦᠴᠤᠨ ᠵᠦᠢᠯ ᠢ ᠰᠢᠢᠳᠪᠤᠷᠢᠯᠡᠭᠦ ᠠᠴᠠ ᠭᠠᠷᠳᠠᠬᠤ ᠭᠡᠷᠡᠭᠳᠡᠢ᠃ ᠭᠦᠮᠦᠰ ᠤᠨ ᠤᠷᠤᠰᠢᠨ ᠲᠤᠠᠠᠳᠠᠨᠢᠯ ᠢ ᠰᠢᠢᠳᠪᠤᠷᠢᠯᠡᠭᠦ ᠪᠤᠯ ᠦᠨᠳᠤᠰᠤ ᠠᠴᠠ ᠨᠢ ᠵᠠᠰᠠᠬᠤ ᠶᠠᠪᠤᠳᠠᠯ ᠪᠤᠯᠤᠨ᠎ᠠ᠃ ᠲᠡᠳᠡᠭᠡᠷ ᠵᠠᠰᠠᠬᠤ ᠳᠤ ᠮᠠᠰᠢ ᠪᠡᠷᠭᠡᠳᠡᠢ ᠪᠠᠶᠢᠭ᠎ᠠ ᠭᠠᠵᠠᠷ ᠤᠷᠤᠨ ᠳᠤ ᠪᠤᠯ ᠬᠠᠮᠤᠭ ᠤᠨ ᠰᠠᠶᠢᠨ ᠠᠷᠭ᠎ᠠ ᠨᠢ ᠭᠦᠮᠦᠰ ᠢ ᠨᠡᠭᠦᠯᠭᠡᠵᠤ᠂ ᠭᠦᠮᠦᠨ ᠤ ᠲᠠᠷᠤᠯᠳᠠ ᠶᠢ ᠭᠦᠡᠭᠭᠡᠯᠡᠵᠤ᠂ ᠪᠠᠶᠢᠭᠠᠯᠢ ᠠᠬᠤᠢ ᠶᠢ ᠠᠶᠠᠠᠳᠠᠭᠠᠨ ᠰᠡᠷᠭᠦᠭᠡᠭᠦ ᠭᠡᠷᠡᠭᠳᠡᠢ᠃ ᠡᠳᠡᠭᠡᠷ ᠭᠠᠵᠠᠷ ᠤᠷᠤᠨ ᠤ ᠭᠤᠪᠢ ᠭᠠᠵᠠᠷ ᠲᠡᠭᠡᠷ᠎ᠡ ᠨᠢᠭᠡᠨ ᠲᠠᠪᠬᠤᠷᠭ᠎ᠠ ᠪᠠᠶᠢᠭᠠᠯᠢ ᠶᠢᠨ ᠬᠠᠳᠠᠭᠤ ᠬᠠᠯᠢᠰᠤ ᠪᠠᠶᠢᠬᠤ ᠪᠦᠭᠡᠳ ᠤᠤᠯ ᠤᠨ ᠡᠯᠡᠰᠤ ᠮᠠᠩᠬᠠᠨ ᠲᠡᠭᠡᠷ᠎ᠡ ᠴᠤ ᠨᠢᠭᠡᠨ ᠲᠠᠪᠬᠤᠷᠭ᠎ᠠ ᠪᠠᠶᠢᠭᠠᠯᠢ ᠶᠢᠨ ᠪᠦᠷᠭᠦᠪᠴᠢ ᠪᠠᠶᠢᠳᠠᠭ ᠪᠤᠯᠬᠤᠷ ᠲᠡᠭᠦᠨ ᠢ ᠤᠴᠢᠵᠤ ᠭᠦᠨᠳᠡᠭᠦ ᠦᠭᠡᠢ ᠯᠡ ᠶᠤᠮ ᠪᠤᠯ ᠭᠦᠷᠤᠰᠤ ᠰᠢᠷᠤᠢ ᠶᠢ ᠰᠠᠯᠭᠢᠨ ᠳᠤ ᠦᠯᠢᠶᠡᠭᠳᠡᠨ ᠲᠠᠴᠢᠷᠳᠠᠬᠤ ᠠᠴᠠ ᠬᠠᠮᠠᠭᠠᠯᠠᠵᠤ᠂ ᠲᠠᠶᠢᠮᠤ ᠶᠡᠭᠡ ᠭᠦᠨᠦᠭᠡᠯ ᠤᠴᠠᠷᠠᠭᠤᠯᠬᠤ ᠦᠭᠡᠢ ᠶᠤᠮ᠃ ᠮᠠᠩᠬᠠᠨ ᠭᠠᠵᠠᠷ ᠡᠶᠢᠮᠤ ᠪᠠᠷ ᠪᠠᠷᠠᠬᠤ ᠦᠭᠡᠢ ᠪᠠᠶᠢᠭᠠᠯᠢ ᠶᠢᠨ ᠠᠮᠢ ᠠᠬᠤᠢ ᠶᠢᠨ ᠨᠦᠭᠦᠴᠡᠯ ᠢᠶᠠᠷ ᠨᠡᠯᠢᠶᠡᠳ ᠰᠠᠶᠢᠨ ᠪᠠᠶᠢᠭ᠎ᠠ ᠲᠠᠯ᠎ᠠ ᠨᠤᠳᠤᠭ ᠪᠤᠯᠤᠨ ᠡᠯᠡᠰᠦᠷᠭᠡᠭ ᠤᠷᠤᠨ ᠳᠤ ᠴᠤ ᠭᠦᠮᠦᠰ ᠢ ᠨᠡᠭᠦᠯᠭᠡᠪᠡᠯ ᠰᠡᠷᠭᠦᠯᠳᠡ ᠶᠢᠨ ᠦᠷ᠎ᠠ ᠳ᠋ᠦᠩ ᠨᠢ ᠮᠠᠰᠢ ᠰᠠᠶᠢᠨ ᠪᠠᠶᠢᠳᠠᠭ᠃ ᠲᠡᠭᠡᠪᠡᠯ ᠶᠠᠭᠠᠭᠢᠪᠠᠯ ᠰᠠᠶ᠋ᠢ ᠬᠠᠮᠤᠭ ᠤᠨ ᠰᠠᠶᠢᠨ ᠦᠷ᠎ᠠ ᠳ᠋ᠦᠩ ᠤᠯᠵᠤ ᠴᠢᠳᠠᠬᠤ ᠪᠤᠢ︖ ᠡᠭᠦᠨ ᠢ ᠨᠡᠩ ᠤᠯᠠᠨ ᠡᠷᠳᠡᠮᠳᠡᠨ ᠮᠡᠷᠭᠡᠳ ᠪᠡ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠳ ᠭᠢᠨᠠᠮᠠᠭᠠᠢ ᠰᠤᠳᠤᠯᠬᠤ ᠴᠢᠬᠤᠯᠠ ᠲᠠᠢ ᠪᠠᠶᠢᠨ᠎ᠠ᠃ ᠭᠡᠷᠡᠭ ᠲᠡᠭᠡᠷ᠎ᠡ ᠪᠠᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠳᠤ ᠶᠠᠭ ᠭᠡᠷᠡᠭᠵᠢᠭᠦᠯᠵᠤ ᠪᠠᠶᠢᠭ᠎ᠠ ︽ᠪᠢᠳᠡᠭᠦᠮᠵᠢᠯᠡᠨ ᠨᠡᠭᠦᠯᠭᠡᠭᠦ ᠪᠡ ᠨᠡᠭᠦᠯᠭᠡᠨ ᠭᠦᠭᠵᠢᠭᠦᠯᠭᠦ︾ ᠪᠠᠶᠢᠯᠳᠤᠬᠤ ᠪᠤᠳᠤᠯᠭ᠎ᠠ ᠨᠢ ᠪᠠᠶᠢᠭᠠᠯᠢ ᠶᠢᠨ ᠨᠤᠳᠤᠭ ᠪᠡᠯᠴᠢᠭᠡᠷ ᠢ ᠰᠡᠷᠭᠦᠭᠡᠭᠦ ᠳᠤ ᠴᠦᠮ ᠮᠠᠰᠢ ᠠᠰᠢᠠᠠᠳᠠᠢ ᠶᠤᠮ᠃ ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶  
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号