ᠡᠨᠡ ᠬᠤᠶᠠᠷ ᠳᠦᠷᠦᠯ ᠤᠨ ᠦᠨᠡᠮᠯᠡᠯ ᠠᠳᠠᠯᠢᠬᠠᠨ ᠬᠦᠴᠦᠨ ᠲᠠᠢ
ᠨᠡᠶᠢᠲᠡᠯᠡᠭᠰᠡᠨ ᠴᠠᠭ᠄
2021/12/22
      ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ ᠠᠯᠪᠠᠨ ᠬᠡᠷ ᠲᠦᠷᠦᠭᠦᠬᠡᠨ ︽ᠪᠦᠷᠢᠨ ᠮᠡᠷᠬᠡᠵᠢᠯ ᠤᠨ ᠵᠢᠩᠳᠠᠭᠠᠨ ᠤ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠳᠤ ᠡᠷᠳᠡᠮ ᠤᠨ ᠴᠣᠯᠠ ᠣᠯᠭᠤᠬᠤ ᠡᠷᠬᠡ ᠣᠯᠭᠤᠬᠤ ᠪᠠ ᠣᠶᠤᠲᠠᠳ ᠲᠤ ᠡᠷᠳᠡᠮ ᠤᠨ ᠴᠣᠯᠠ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠩ ᠤᠨ ᠪᠦᠷᠢᠨ ᠮᠡᠷᠬᠡᠵᠢᠯ ᠤᠨ ᠠᠩᠭᠢ ᠪᠤᠶᠤ ᠲᠤᠬᠠᠶᠢᠯᠠᠭᠰᠠᠨ ᠠᠵᠢᠯ ᠤᠨ ᠪᠦᠷᠢᠨ ᠮᠡᠷᠬᠡᠵᠢᠯ ᠤᠨ ᠠᠩᠭᠢ ᠲᠡᠭᠦᠰᠦᠭᠰᠡᠨ ᠦᠨᠡᠮᠯᠡᠯ ᠨᠢ ᠂ ᠠᠵᠢᠯ ᠡᠷᠢᠬᠦ᠂ ᠠᠰᠫᠢᠷᠠᠨᠲ ᠰᠢᠯᠭᠠᠭᠤᠯᠬᠤ᠂ ᠠᠯᠪᠠᠳᠠᠨ ᠤ ᠰᠢᠯᠭᠠᠯᠲᠠ ᠳᠤ ᠣᠷᠣᠯᠴᠠᠬᠤ ᠵᠡᠷᠭᠡ ᠲᠠᠯ᠎ᠠ ᠪᠠᠷ ᠠᠳᠠᠯᠢᠬᠠᠨ ᠬᠦᠴᠦᠨ ᠲᠠᠢ ᠭᠡᠵᠦ ᠲᠣᠳᠣᠷᠬᠠᠶ ᠲᠣᠭᠲᠠᠭᠠᠵᠠᠶ᠃ ︽ᠰᠠᠨᠠᠯ︾ ᠳᠤ᠂ ᠲᠤᠬᠠᠶᠢᠯᠠᠭᠰᠠᠨ ᠠᠵᠢᠯ ᠤᠨ ᠪᠦᠷᠢᠨ ᠮᠡᠷᠬᠡᠵᠢᠯ ᠤᠨ ᠠᠩᠭᠢ ᠶᠢ ᠣᠶᠤᠲᠠᠳ ᠲᠤ ᠡᠷᠳᠡᠮ ᠤᠨ ᠴᠣᠯᠠ ᠣᠯᠭᠤᠬᠤ ᠣᠳᠣ ᠶᠢᠨ ᠠᠵᠢᠯ ᠤᠨ ᠰᠢᠰᠲ᠋ᠧᠮ ᠳᠤ ᠣᠷᠣᠭᠤᠯᠵᠤ᠂ ᠰᠤᠳᠤᠯᠭ᠎ᠠ ᠰᠢᠨᠵᠢᠯᠡᠭᠡᠨ ᠤ ᠲᠥᠷᠥᠯ ᠠᠩᠭᠢᠯᠠᠯ ᠢ ᠨᠢ ᠦᠨᠳᠦᠰᠦᠯᠡᠨ ᠡᠷᠳᠡᠮ ᠤᠨ ᠴᠣᠯᠠ ᠣᠯᠭᠤᠨ᠎ᠠ᠃ ᠡᠷᠳᠡᠮ ᠤᠨ ᠴᠣᠯᠠ ᠶᠢᠨ ᠭᠡᠷᠡᠴᠢ ᠦᠨᠡᠮᠯᠡᠯ ᠨᠢ ᠨᠢᠭᠡᠳᠦᠯᠲᠡᠶ ᠪᠣᠯᠪᠠᠴᠤ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠳᠤ ᠡᠷᠳᠡᠮ ᠤᠨ ᠴᠣᠯᠠ ᠣᠯᠭᠤᠬᠤ ᠡᠷᠬᠡ ᠣᠯᠭᠤᠬᠤ ᠪᠠ ᠣᠶᠤᠲᠠᠳ ᠲᠤ ᠡᠷᠳᠡᠮ ᠤᠨ ᠴᠣᠯᠠ ᠣᠯᠭᠤᠬᠤ ᠡᠷᠬᠡ᠂ ᠪᠠᠷᠢᠮᠵᠢᠶ᠎ᠠ ᠶᠢᠨ ᠲᠠᠯ᠎ᠠ ᠪᠠᠷ ᠲᠤᠬᠠᠶᠢᠯᠠᠭᠰᠠᠨ ᠠᠵᠢᠯ ᠵᠢᠭᠠᠨ ᠰᠤᠷᠭᠠᠯᠲᠠ ᠶᠢᠨ ᠣᠨᠴᠠᠯᠢᠭ ᠢ ᠦᠨᠳᠦᠰᠦᠯᠡᠨ᠂ ᠮᠡᠷᠭᠡᠵᠢᠯ ᠤᠨ ᠴᠢᠳᠠᠪᠤᠷᠢ᠂ ᠬᠡᠪ ᠪᠣᠯᠪᠠᠰᠤᠷᠠᠯ ᠢ ᠨᠢ ᠴᠢᠬᠤᠯᠠᠴᠢᠯᠠᠵᠤ᠂ ᠲᠤᠬᠠᠶᠢᠯᠠᠭᠰᠠᠨ ᠠᠵᠢᠯ ᠤᠨ ᠪᠦᠷᠢᠨ ᠮᠡᠷᠬᠡᠵᠢᠯ ᠤᠨ ᠠᠩᠭᠢ ᠶᠢᠨ ᠴᠢᠨᠠᠷ ᠴᠢᠨᠰᠠᠭ᠎ᠠ ᠶᠢ ᠪᠠᠲᠤᠯᠠᠨ᠂ ᠴᠢᠨᠠᠷᠯᠢᠭ ᠬᠥᠭᠵᠢᠯᠲᠡ ᠶᠢ ᠠᠬᠢᠭᠤᠯᠤᠨ᠎ᠠ ᠭᠡᠵᠤ ᠲᠣᠳᠣᠷᠬᠠᠢ ᠲᠣᠭᠲᠠᠭᠠᠵᠠᠢ᠃ ᠬᠡᠷᠡᠭᠵᠢᠭᠦᠯᠬᠦ ᠠᠷᠭ᠎ᠠ ᠶᠢᠨ ᠲᠠᠯ᠎ᠠ ᠪᠠᠷ᠂ ᠡᠩ ᠤᠨ ᠪᠦᠷᠢᠨ ᠮᠡᠷᠬᠡᠵᠢᠯ ᠤᠨ ᠠᠩᠭᠢ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠠᠩᠭᠢ ᠶᠢ ᠴᠥᠮ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠳᠡᠮ ᠤᠨ ᠴᠣᠯᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠳᠡᠮ ᠤᠨ ᠴᠣᠯᠠ ᠶᠢᠨ ᠲᠦᠷᠢᠮ ᠤᠨ ᠲᠦᠷ ᠬᠡᠷᠡᠭᠵᠢᠭᠦᠯᠬᠦ ᠠᠷᠭ᠎ᠠ︾᠂ ︽ᠡᠷᠳᠡᠮ ᠤᠨ ᠴᠣᠯᠠ ᠣᠯᠭᠤᠬᠤ ᠡᠷᠬᠡ ᠣᠯᠭᠤᠬᠤ ᠪᠠ ᠣᠶᠤᠲᠠᠳ ᠲᠤ ᠡᠷᠳᠡᠮ ᠤᠨ ᠴᠣᠯᠠ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢᠨ ᠳᠠᠭᠠᠤ ᠬᠢᠨᠠᠯᠲᠠ ᠲᠠᠯᠪᠢᠵᠤ ᠬᠠᠮᠢᠶᠠᠷᠤᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号