ᠮᠠᠨ ᠤ ᠣᠷᠣᠨ ᠤ ᠭᠤᠷᠪᠠᠳᠤᠭᠠᠷ ᠤᠳᠠᠭ᠎ᠠ ᠶᠢᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/12/22
      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠥᠷᠨᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ — ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ︵ᠳᠣᠷᠣᠭᠰᠢ ︽ᠭᠤᠷᠪᠠᠳᠤᠭᠠᠷ ᠤᠳᠠᠭᠠᠨ ᠤ ᠪᠠᠶᠢᠴᠠᠭᠠᠯᠲᠠ︾ ᠭᠡᠵᠦ ᠲᠣᠪᠴᠢᠯᠠᠨ᠎ᠠ︶ ᠶᠢᠨ ᠭᠤᠤᠯ ᠪᠣᠯᠬᠤ ᠭᠠᠵᠠᠷ ᠣᠷᠣᠨ ᠤ ᠲᠥᠷᠥᠯ ᠤᠨ ᠲᠤᠭ᠎ᠠ ᠪᠠᠷᠢᠮᠲᠠ ᠶᠢ ᠲᠦᠷᠦᠭᠦᠬᠡᠨ ᠨᠡᠶᠢᠲᠡᠯᠡᠪᠡ᠃       ᠣᠶᠢᠯᠠᠭᠠᠭᠰᠠᠨ ᠢᠶᠠᠷ᠂ ᠪᠥᠬᠦ ᠣᠷᠣᠨ ᠤ ︽ᠭᠤᠷᠪᠠᠳᠤᠭᠠᠷ ᠤᠳᠠᠭᠠᠨ ᠤ ᠪᠠᠶᠢᠴᠠᠭᠠᠯᠲᠠ︾ ᠶᠢᠨ ᠦᠷ᠎ᠡ ᠪᠦᠲᠦᠭᠡᠯ ᠪᠣᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠦᠨᠳᠦᠰᠦᠨ ᠦᠨᠳᠦᠰᠦᠯᠡᠯ ᠪᠣᠯᠤᠨ᠎ᠠ᠃ ᠲᠣᠰ ᠤᠳᠠᠭᠠᠨ ᠤ ᠪᠠᠶᠢᠴᠠᠭᠠᠯᠲᠠ ᠳᠤ 1 ᠮᠧᠳ᠋ᠷ ᠤᠨ ᠢᠯᠭᠠᠮᠵᠢ ᠠᠴᠠ ᠳᠠᠪᠠᠭᠤᠯᠢᠭ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠪᠠᠶᠢᠴᠠᠭᠠᠯᠲᠠ ᠶᠢᠨ ᠡᠬᠡ ᠵᠢᠷᠤᠭ ᠢ ᠦᠢᠯᠡᠳᠴᠦ᠂ 3 ᠵᠢᠯ ᠤᠨ ᠴᠠᠭ ᠵᠠᠷᠤᠴᠠᠭᠤᠯᠵᠤ᠂ 1596 ᠲᠦᠮᠡᠨ ᠪᠠᠶᠢᠴᠠᠭᠠᠯᠲᠠ ᠶᠢᠨ ᠵᠢᠷᠤᠭ ᠲᠣᠯᠪᠤ ᠶᠢᠨ ᠲᠤᠭ᠎ᠠ ᠪᠠᠷᠢᠮᠲᠠ ᠶᠢ ᠴᠤᠭᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠠᠰᠢᠭᠯᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠪᠠ᠃       ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠣᠷᠣᠨ ᠤ ᠲᠠᠷᠢᠶᠠᠨ ᠭᠠᠵᠠᠷ ᠤᠨ ᠲᠠᠯᠠᠪᠠᠶ 17255.43 ᠲᠦᠮᠡᠨ ᠮᠥ ᠳᠤ ᠬᠦᠷᠴᠦ᠂ ᠡᠭᠦᠨ ᠳᠤ ᠤᠰᠤᠨ ᠲᠠᠷᠢᠶ᠎ᠠ 237.93 ᠲᠦᠮᠡᠨ ᠮᠥ ᠳᠤ ᠬᠦᠷᠴᠦ᠂ 1.38% ᠶᠢ ᠡᠵᠡᠯᠡᠵᠦ ᠪᠤᠢ︔ ᠤᠰᠤᠯᠠᠯᠲᠠ ᠶᠢᠨ ᠲᠠᠷᠢᠶ᠎ᠠ 8274.28 ᠲᠦᠮᠡᠨ ᠮᠥ ᠪᠠᠶᠢᠵᠤ᠂ 47. 95% ᠶᠢ ᠡᠵᠡᠯᠡᠵᠦ ᠪᠤᠢ︔ ᠬᠠᠭᠤᠷᠠᠶ ᠲᠠᠷᠢᠶ᠎ᠠ 8743.22 ᠲᠦᠮᠡᠨ ᠮᠥ ᠪᠠᠶᠢᠵᠤ᠂ 50.67% ᠶᠢ ᠡᠵᠡᠯᠡᠵᠦ ᠪᠤᠢ᠃ ᠲᠠᠷᠢᠶᠠᠨ ᠭᠠᠵᠠᠷ ᠨᠢ ᠭᠤᠣᠯᠳᠠᠭᠤ ᠪᠠᠷᠠᠭᠤᠨ ᠯᠢᠶᠣᠤᠾᠧ ᠭᠤᠣᠯ ᠤᠨ ᠲᠠᠯ᠎ᠠ ᠭᠠᠵᠠᠷ᠂ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ ᠨᠤᠨ ᠮᠥᠷᠡᠨ ᠤ ᠪᠠᠷᠠᠭᠤᠨ ᠡᠷᠭᠢ᠂ ᠪᠣᠷᠣᠲᠣᠬᠤᠶ ᠶᠢᠨ ᠲᠠᠯ᠎ᠠ ᠭᠠᠵᠠᠷ ᠪᠠ ᠲᠦᠮᠡᠳ ᠤᠨ ᠲᠠᠯ᠎ᠠ ᠭᠠᠵᠠᠷ ᠢᠶᠠᠷ ᠲᠠᠷᠬᠠᠵᠤ ᠪᠠᠶᠢᠨ᠎ᠠ᠃ ᠲᠦᠩᠯᠢᠶᠣᠤ ᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ ᠪᠣᠯᠤᠨ ᠬᠢᠩᠭᠠᠨ ᠠᠶᠢᠮᠠᠭ ᠵᠡᠷᠭᠡ ᠵᠡᠭᠦᠨ 4 ᠠᠶᠢᠮᠠᠭ ᠬᠤᠲᠠ ᠶᠢᠨ ᠲᠠᠷᠢᠶᠠᠨ ᠭᠠᠵᠠᠷ ᠤᠨ ᠲᠠᠯᠠᠪᠠᠶ ᠨᠡᠯᠢᠶᠡᠳ ᠶᠡᠭᠡ ᠪᠠᠶᠢᠵᠤ᠂ ᠪᠥᠬᠦ ᠣᠷᠣᠨ ᠤ ᠲᠠᠷᠢᠶᠠᠨ ᠭᠠᠵᠠᠷ ᠤᠨ 66% ᠶᠢ ᠡᠵᠡᠯᠡᠨ᠎ᠡ᠃ ᠬᠦᠷᠢᠶᠡᠯᠡᠩ ᠴᠡᠴᠡᠷᠯᠢᠭ 70.82 ᠲᠦᠮᠡᠨ ᠮᠥ ᠳᠤ ᠬᠦᠷᠴᠦ᠂ ᠡᠭᠦᠨ ᠳᠤ ᠵᠢᠮᠢᠰ ᠤᠨ ᠬᠦᠷᠢᠶᠡᠯᠡᠩ 64.89 ᠲᠦᠮᠡᠨ ᠮᠥ ᠪᠠᠶᠢᠵᠤ᠂ 91.62% ᠢ ᠡᠵᠡᠯᠡᠨ᠎ᠡ︔ ᠪᠤᠰᠤᠳ ᠴᠡᠴᠡᠷᠯᠢᠭ ᠨᠢ 5.93 ᠲᠦᠮᠡᠨ ᠮᠥ ᠪᠠᠶᠢᠵᠤ᠂ 8.38% ᠶᠢ ᠡᠵᠡᠯᠡᠨ᠎ᠡ᠃ ᠬᠦᠷᠢᠶᠡᠯᠡᠩ ᠴᠡᠴᠡᠷᠯᠢᠭ ᠨᠢ ᠭᠤᠤᠯᠳᠠᠭᠤ ᠤᠯᠠᠭᠠᠨᠬᠠᠳᠠ ᠬᠤᠲᠠ᠂ ᠬᠥᠬᠡᠬᠤᠲᠠ᠂ ᠲᠦᠩᠯᠢᠶᠣᠤ ᠬᠤᠲᠠ ᠪᠠ ᠬᠢᠩᠭᠠᠨ ᠠᠶᠢᠮᠠᠭ ᠲᠤ ᠲᠠᠷᠬᠠᠵᠤ᠂ ᠪᠥᠬᠦ ᠣᠷᠣᠨ ᠤ ᠬᠦᠷᠢᠶᠡᠯᠡᠩ ᠴᠡᠴᠡᠷᠯᠢᠭ ᠤᠨ 64% ᠶᠢ ᠡᠵᠡᠯᠡᠨ᠎ᠡ ᠃ ᠣᠶᠢᠲᠤ ᠭᠠᠵᠠᠷ 36551.85 ᠲᠦᠮᠡᠨ ᠮᠥ ᠳᠤ ᠬᠦᠷᠴᠦ᠂ ᠡᠭᠦᠨ ᠳᠤ ᠲᠤᠷᠤᠭ ᠮᠣᠳᠣᠨ ᠤ ᠣᠶᠢᠲᠤ ᠭᠠᠵᠠᠷ 22548.61 ᠲᠦᠮᠡᠨ ᠮᠥ ᠬᠦᠷᠴᠦ᠂ 61.69% ᠶᠢ ᠡᠵᠡᠯᠡᠨ᠎ᠡ︔ ᠪᠤᠳᠠ ᠮᠣᠳᠣᠨ ᠤ ᠣᠶᠢᠲᠤ ᠭᠠᠵᠠᠷ 11484.64 ᠲᠦᠮᠡᠨ ᠮᠦ ᠪᠠᠶᠢᠵᠤ᠂ 31.42% ᠢ ᠡᠵᠡᠯᠡᠨ᠎ᠡ︔ ᠪᠤᠰᠤᠳ ᠣᠶᠢᠲᠤ ᠭᠠᠵᠠᠷ 2518.60 ᠲᠦᠮᠡᠨ ᠮᠥ ᠪᠠᠶᠢᠵᠤ᠂ 6.89% ᠶᠢ ᠡᠵᠡᠯᠡᠨ᠎ᠡ᠃ ᠣᠶᠢᠲᠤ ᠭᠠᠵᠠᠷ ᠨᠢ ᠭᠤᠤᠯᠳᠠᠭᠤ ᠵᠢᠯ ᠤᠨ ᠲᠤᠨᠳᠠᠰᠤᠨ ᠤ ᠬᠡᠮᠵᠢᠶ᠎ᠡ ᠨᠢ 300mm ᠠᠴᠠ ᠳᠡᠭᠡᠭᠰᠢᠬᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠵᠡᠷᠭᠡ ᠵᠡᠭᠦᠨ 4 ᠠᠶᠢᠮᠠᠭ ᠬᠤᠲᠠ ᠳᠤ ᠲᠠᠷᠬᠠᠵᠤ᠂ ᠪᠥᠬᠦ ᠣᠷᠣᠨ ᠤ ᠣᠶᠢᠲᠤ ᠭᠠᠵᠠᠷ ᠤᠨ 73% ᠶᠢ ᠡᠵᠡᠯᠡᠨ᠎ᠡ᠃ ᠪᠡᠯᠴᠢᠭᠡᠷ ᠭᠠᠵᠠᠷ 81561.26 ᠲᠦᠮᠡᠨ ᠮᠥ ᠳᠤ ᠬᠦᠷᠴᠦ᠂ ᠡᠭᠦᠨ ᠳᠤ ᠪᠠᠶᠢᠭᠠᠯᠢᠯᠢᠭ ᠪᠡᠯᠴᠢᠭᠡᠷ 71882.99 ᠲᠦᠮᠡᠨ ᠮᠥ ᠪᠠᠶᠢᠵᠤ᠂ 88.13% ᠶᠢ ᠡᠵᠡᠯᠡᠨ᠎ᠡ︔ ᠲᠠᠷᠢᠮᠠᠯ ᠪᠡᠯᠴᠢᠭᠡᠷ 190.74 ᠲᠦᠮᠡᠨ ᠮᠥ ᠪᠠᠶᠢᠵᠤ᠂ 0.23% ᠶᠢ ᠡᠵᠡᠯᠡᠨ᠎ᠡ︔ ᠪᠤᠰᠤᠳ ᠪᠡᠯᠴᠢᠭᠡᠷ ᠭᠠᠵᠠᠷ 9487.53 ᠲᠦᠮᠡᠨ ᠮᠥ ᠪᠠᠶᠢᠵᠤ᠂ 11.63% ᠶᠢ ᠡᠵᠡᠯᠡᠨ᠎ᠡ᠃ ᠪᠡᠯᠴᠢᠭᠡᠷ ᠭᠠᠵᠠᠷ ᠨᠢ ᠭᠤᠤᠯᠳᠠᠭᠤ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ᠂ ᠬᠥᠯᠥᠨ ᠪᠤᠶᠢᠷ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠣᠯᠤᠨ ᠤᠯᠠᠭᠠᠨᠴᠠᠪ ᠬᠤᠲᠠ ᠵᠡᠷᠭᠡ 6 ᠠᠶᠢᠮᠠᠭ ᠬᠤᠲᠠ ᠳᠤ ᠲᠠᠷᠬᠠᠵᠤ᠂ ᠪᠥᠬᠦ ᠣᠷᠣᠨ ᠤ ᠪᠡᠯᠴᠢᠭᠡᠷ ᠭᠠᠵᠠᠷ ᠤᠨ 84% ᠶᠢ ᠡᠵᠡᠯᠡᠨ᠎ᠡ᠃ ᠨᠤᠭᠤ ᠭᠠᠵᠠᠷ 5714.09 ᠲᠦᠮᠡᠨ ᠮᠥ ᠳᠤ ᠬᠦᠷᠴᠦ᠂ ᠡᠨᠡ ᠨᠢ ︽ᠭᠤᠷᠪᠠᠳᠤᠭᠠᠷ ᠤᠳᠠᠭᠠᠨ ᠤ ᠪᠠᠶᠢᠴᠠᠭᠠᠯᠲᠠ︾ ᠳᠤ ᠰᠢᠨ᠎ᠡ ᠪᠠᠷ ᠨᠡᠮᠡᠭᠳᠡᠭᠰᠡᠨ ᠨᠢᠭᠡᠳᠦᠭᠡᠷ ᠳᠡᠰ ᠤᠨ ᠭᠠᠵᠠᠷ ᠰᠢᠷᠣᠶ ᠶᠢᠨ ᠲᠥᠷᠥᠯ ᠪᠠᠶᠢᠵᠤ᠂ 5 ᠬᠤᠶᠠᠳᠤᠭᠠᠷ ᠳᠡᠰ ᠤᠨ ᠭᠠᠵᠠᠷ ᠰᠢᠷᠣᠶ ᠶᠢᠨ ᠲᠥᠷᠥᠯ ᠪᠠᠭᠲᠠᠨ᠎ᠠ᠃ ᠡᠭᠦᠨ ᠳᠤ᠂ ᠣᠶ ᠰᠢᠭᠤᠶ ᠶᠢᠨ ᠨᠠᠮᠤᠭ ᠭᠠᠵᠠᠷ 1052.56 ᠲᠦᠮᠡᠨ ᠮᠥ ᠪᠠᠶᠢᠵᠤ᠂ 18.42% ᠢ ᠡᠵᠡᠯᠡᠨ᠎ᠡ︔ ᠰᠥᠭᠡᠭ ᠨᠠᠮᠤᠭ 322.20 ᠲᠦᠮᠡᠨ ᠮᠥ ᠪᠠᠶᠢᠵᠤ᠂ 5.64% ᠶᠢ ᠡᠵᠡᠯᠡᠨ᠎ᠡ︔ ᠨᠠᠮᠤᠭ ᠪᠡᠯᠴᠢᠭᠡᠷ ᠭᠠᠵᠠᠷ 2754.91 ᠲᠦᠮᠡᠨ ᠮᠥ ᠳᠤ ᠬᠦᠷᠴᠦ᠂ 48.21% ᠶᠢ ᠡᠵᠡᠯᠡᠨ᠎ᠡ︔ ᠳᠣᠲᠣᠭᠠᠳᠤ ᠬᠠᠭᠤᠷᠠᠶ ᠶᠢᠨ ᠲᠠᠩ ᠭᠠᠵᠠᠷ 1407.20 ᠲᠦᠮᠡᠨ ᠮᠥ ᠳᠤ ᠬᠦᠷᠴᠦ᠂ 24.63% ᠶᠢ ᠡᠵᠡᠯᠡᠨ᠎ᠡ︔ ᠨᠠᠮᠤᠭ ᠭᠠᠵᠠᠷ 177.22 ᠲᠦᠮᠡᠨ ᠮᠥ ᠪᠠᠶᠢᠵᠤ᠂ 3.10% ᠶᠢ ᠡᠵᠡᠯᠡᠨ᠎ᠡ᠃ ᠨᠤᠭᠤ ᠭᠠᠵᠠᠷ ᠨᠢ ᠭᠤᠤᠯᠳᠠᠭᠤ ᠬᠥᠯᠥᠨ ᠪᠤᠶᠢᠷ ᠬᠤᠲᠠ ᠪᠣᠯᠤᠨ ᠰᠢᠯᠢ ᠶᠢᠨ ᠭᠤᠤᠯ ᠠᠶᠢᠮᠠᠭ 2 ᠠᠶᠢᠮᠠᠭ ᠬᠤᠲᠠ ᠳᠤ ᠲᠠᠷᠬᠠᠵᠤ᠂ ᠪᠥᠬᠦ ᠣᠷᠣᠨ ᠤ ᠨᠤᠭᠤ ᠭᠠᠵᠠᠷ ᠤᠨ 86% ᠶᠢ ᠡᠵᠡᠯᠡᠨ᠎ᠡ᠃ ᠡᠭᠦᠨ ᠠᠴᠠ ᠭᠠᠳᠠᠨ᠎ᠠ᠂ ᠪᠥᠬᠦ ᠣᠷᠣᠨ ᠤ ᠬᠤᠲᠠ ᠪᠠᠯᠭᠠᠰᠤ ᠲᠣᠰᠬᠤᠨ ᠵᠢᠴᠢ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ ᠤᠨ ᠲᠠᠯᠠᠪᠠᠶ 2243.64 ᠲᠦᠮᠡᠨ ᠮᠥ᠂ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ 1200.62 ᠲᠦᠮᠡᠨ ᠮᠥ᠂ ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠳᠤ ᠬᠡᠷᠡᠭᠯᠡᠬᠦ ᠭᠠᠵᠠᠷ 1596.74 ᠲᠦᠮᠡᠨ ᠮᠥ ᠪᠤᠢ᠃       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ︽ᠭᠤᠷᠪᠠᠳᠤᠭᠠᠷ ᠤᠳᠠᠭᠠᠨ ᠤ ᠪᠠᠶᠢᠴᠠᠭᠠᠯᠲᠠ︾ ᠶᠢᠨ ᠦᠷ᠎ᠡ ᠪᠦᠲᠦᠭᠡᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠡᠯ᠎ᠡ ᠲᠥᠷᠥᠯ ᠤᠨ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠶᠢᠨ ᠨᠢᠭᠡᠳᠦᠯᠲᠡᠶ ᠰᠠᠭᠤᠷᠢ ᠲᠤᠭ᠎ᠠ᠂ ᠨᠢᠭᠡᠳᠦᠯᠲᠡᠶ ᠰᠠᠭᠤᠷᠢ ᠵᠢᠷᠤᠭ ᠪᠣᠯᠭᠠᠵᠤ᠂ ︽ᠭᠤᠷᠪᠠᠳᠤᠭᠠᠷ ᠤᠳᠠᠭᠠᠨ ᠤ ᠪᠠᠶᠢᠴᠠᠭᠠᠯᠲᠠ︾ ᠶᠢᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠦᠷᠭᠡᠳᠬᠡᠨ ᠪᠠᠶᠢᠭᠤᠯᠤᠨ ᠪᠦᠷᠢᠨᠰᠢᠬᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠮᠠᠨ ᠤ ᠣᠷᠣᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠦᠷᠭᠦᠯᠵᠢᠯᠡᠨ ᠪᠠᠷᠢᠮᠲᠠᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ ᠂ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠢ ᠬᠠᠤᠯᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠬᠦ ᠪᠤᠶᠤ ᠲᠠᠷᠢᠶᠠᠨ ᠭᠠᠵᠠᠷ ᠤᠨ ᠬᠡᠷᠡᠭᠯᠡᠯᠲᠡ ᠶᠢ ᠬᠤᠪᠢᠷᠠᠭᠤᠯᠬᠤ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠤᠯᠤᠰ ᠠᠴᠠ ᠪᠠᠭᠤᠯᠭᠠᠭᠰᠠᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠳ᠋ᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号