12 ᠰᠠᠷ᠎ᠠ ᠶᠢᠨ 6 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨᠵᠤᠤᠷ ᠬᠤᠳᠠ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠢᠷᠠᠭᠤᠯᠤᠨ | ᠰᠢᠢᠳᠪᠦᠷᠢᠯᠡᠪᠡ᠃ ᠲᠡᠷᠡ᠂ ᠶᠡᠭᠡ ᠲᠠᠯ᠎ᠠ ᠳᠤ ᠦᠢᠯᠡᠴᠢᠯᠡᠵᠦ᠂ ᠵᠢᠯᠤᠭᠤᠳᠤᠯᠭ᠎ᠠ ᠶᠢ ᠳᠠᠭᠠᠵᠤ᠂ ᠰᠢᠳᠤ ᠵᠠᠭᠤᠨ | ᠡᠴᠦᠰ ᠲᠤᠨᠢ ᠲᠤᠯᠲᠠᠯ᠎ᠠ ᠲᠡᠮᠡᠴᠡᠵᠦ᠂ ᠡᠨᠡ ᠤᠳᠠᠭᠠᠨ ᠤ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ | ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ | ᠬᠠᠮᠤᠭ ᠤᠨ ᠵᠠᠩᠭᠢᠯᠠᠭ᠎ᠠ ᠶᠢᠨ ᠦᠶ᠎ᠡ ᠳᠤ ᠣᠷᠣᠪᠠ᠂ ᠡᠷᠬᠡᠪᠰᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠪᠠᠷ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠲᠡᠷᠡ᠂ ᠪᠦᠬᠦᠨ ᠢ ᠪᠦᠷᠬᠦᠭᠦᠯᠵᠦ ᠥᠨᠴᠥᠭ ᠪᠤᠯᠤᠩ ᠦᠯᠡᠳᠡᠭᠡᠯ ᠥᠬᠡᠶ ᠪᠠᠷ ᠰᠠᠭᠤᠷᠢ ᠲᠤᠭ᠎ᠠ ᠶᠢ | ᠲᠣᠳᠣᠷᠬᠠᠶ ᠣᠶᠢᠯᠠᠭᠠᠵᠤ᠂ ︽ᠰᠠᠭᠤᠷᠢ ᠲᠤᠭ᠎ᠠ ᠶᠢ ᠲᠣᠳᠣᠷᠬᠠᠶᠢᠯᠠᠬᠤ᠂ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢ ᠲᠤᠳᠤᠷᠬᠠᠶᠢᠯᠠᠬᠤ᠂ ᠨᠢᠭᠲᠠ ᠤᠶᠢᠷᠠᠲᠤᠭᠰᠡᠳ ᠢ ᠲᠤᠳᠤᠷᠬᠠᠶᠢᠯᠠᠬᠤ︾ ᠶᠢ ᠦᠨᠡᠨ ᠬᠦ ᠪᠠᠲᠤᠯᠠᠬᠤ | ᠬᠡᠷᠡᠭᠲᠡᠶ᠃ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ | ᠬᠢᠵᠦ᠂ ᠦᠯᠢᠭᠡᠷ ᠶᠠᠩᠵᠤ ᠠᠪᠬᠤ᠂ ᠰᠢᠯᠵᠢᠭᠦᠯᠬᠦ᠂ ᠪᠠᠶᠢᠴᠠᠭᠠᠬᠤ ᠶᠢ ᠨᠢᠭᠡ ᠴᠣᠭᠴᠠᠵᠢᠭᠤᠯᠵᠤ᠂ ᠡᠯ᠎ᠡ | ᠭᠤᠭᠴᠤᠭ᠎ᠠ ᠶᠢ ᠨᠢᠭᠲᠠ ᠵᠣᠯᠭᠠᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ᠂ ᠲᠦᠷᠭᠡᠨ | ᠦᠯᠢᠭᠡᠷ ᠶᠠᠩᠵᠤ ᠠᠪᠴᠤ ᠲᠦᠷᠭᠡᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠪᠠᠶᠢᠴᠠᠭᠠᠬᠤ ᠶᠣᠰᠣᠲᠠᠶ ᠪᠠᠶᠢᠭᠠᠳ | ᠪᠠᠶᠢᠴᠠᠭᠠᠭᠰᠠᠨ ᠥᠬᠡᠶ ᠪᠦᠬᠦ ᠬᠦᠮᠦᠰ ᠲᠤ ᠦᠯᠡᠳᠡᠭᠡᠯ ᠦᠬᠡᠢ ᠪᠠᠶᠢᠴᠠᠭᠠᠯᠲᠠ ᠬᠢᠬᠦ ᠶᠢ ᠦᠨᠡᠨ ᠬᠦ ᠪᠡᠶᠡᠯᠡᠭᠦᠯᠬᠦ | ᠬᠡᠷᠡᠭᠲᠡᠶ᠃ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠷ ᠲᠤᠰᠠᠭᠠᠷᠯᠠᠬᠤ ᠶᠤᠰᠤᠲᠠᠢ ᠶᠢ ᠨᠢ ᠪᠦᠬᠦᠨ ᠢ | ᠲᠤᠰᠠᠭᠠᠷᠯᠠᠵᠤ᠂ ᠬᠥᠮᠦᠨ ᠤ ᠲᠤᠭ᠎ᠠ ᠲᠣᠳᠣᠷᠬᠠᠢ᠂ ᠬᠥᠮᠦᠨ ᠬᠠᠷ᠎ᠠ ᠲᠣᠳᠣᠷᠬᠠᠢ᠂ ᠣᠷᠣᠨ ᠪᠠᠶᠢᠷᠢ ᠲᠣᠳᠣᠷᠬᠠᠢ | ᠪᠠᠶᠢᠬᠤ ᠶᠢ ᠪᠡᠶᠡᠯᠡᠭᠦᠯᠵᠦ᠂ ᠲᠤᠰᠠᠭᠠᠷᠯᠠᠬᠤ ᠶᠤᠰᠤᠲᠠᠢ ᠪᠠᠶᠢᠭᠠᠳ ᠲᠤᠰᠠᠭᠠᠷᠯᠠᠭᠰᠠᠨ ᠦᠭᠡᠢ ᠪᠦᠬᠦ ᠬᠦᠮᠦᠰ ᠢ | ᠦᠯᠡᠳᠡᠬᠡᠯ ᠦᠬᠡᠢ ᠪᠦᠬᠦᠨ ᠢ ᠲᠤᠰᠠᠭᠠᠷᠯᠠᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠵᠢᠷᠤᠮᠵᠢᠯ ᠪᠠᠷᠢᠮᠵᠢᠶ᠎ᠠ ᠪᠠᠷ ᠪᠠᠷᠢᠮᠵᠢᠶᠠᠯᠠᠨ ᠪᠣᠶ | ᠪᠥᠬᠦᠶ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠢ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ | ᠪᠠᠶᠢᠳᠠᠯ ᠤᠨ ᠭᠠᠳᠠᠭᠰᠢ ᠲᠠᠷᠬᠠᠨ ᠳᠡᠯᠭᠡᠷᠡᠬᠦ ᠲᠦᠭᠰᠢᠭᠦᠷᠢ ᠡᠭᠦᠰᠭᠦ ᠥᠬᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠰᠡᠷᠭᠡᠶᠢᠯᠡᠨ ᠦᠬᠦᠨ ᠰᠠᠬᠢᠵᠤ ᠰᠠᠶᠢᠲᠤᠷ | ᠠᠳᠬᠤᠵᠤ᠂ ᠬᠦᠴᠦᠨ ᠴᠢᠳᠠᠯ ᠢ ᠨᠢᠭᠡᠳᠦᠯᠲᠡᠢ ᠲᠥᠯᠥᠪᠵᠢᠭᠦᠯᠦᠨ ᠨᠡᠶᠢᠳᠭᠡᠵᠦ᠂ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠪᠠᠷ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ᠂ ᠨᠢᠭᠲᠠ᠂ ᠨᠠᠷᠢᠯᠢᠭ ᠰᠠᠶᠢᠲᠤᠷ ᠠᠳᠬᠤᠬᠤ | ᠬᠡᠷᠡᠭᠲᠡᠢ᠃ ᠣᠨᠣᠰᠢᠯᠠᠭᠰᠠᠨ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠪᠡᠯᠡᠳᠭᠡᠯ | ᠡᠮᠴᠢᠯᠡᠭᠡᠨ ᠤ ᠡᠬᠢ ᠪᠠᠶᠠᠯᠢᠭ ᠢ ᠰᠠᠶᠢᠲᠤᠷ ᠭᠦᠢᠴᠡᠳ ᠪᠡᠯᠡᠳᠭᠡᠨ᠂ ᠠᠷᠠᠳ ᠤᠯᠠᠨ ᠤ ᠠᠮᠢ ᠨᠠᠰᠤ ᠪᠠ ᠡᠷᠡᠭᠦᠯ | ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠡᠮᠦᠨ᠎ᠡ ᠹᠷᠣᠨᠲ ᠲᠤ | ᠭᠦᠨᠵᠡᠭᠡᠶᠢᠷᠡᠵᠦ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠠᠳᠬᠤᠵᠤ᠂ ᠰᠡᠷᠭᠡᠶᠢᠯᠡᠨ ᠡᠵᠡᠮᠳᠡᠬᠦ ᠠᠵᠢᠯ ᠤᠨ | ᠬᠤᠷᠳᠤᠴᠠ ᠪᠠ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ | ᠰᠢᠭᠤᠳᠴᠤ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ | ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠭ᠎ᠠ ᠸᠠᠩ ᠾᠧ ᠱᠧᠩ᠂ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠡᠸᠤ ᠶᠠᠩ ᠰᠢᠶᠤᠤ ᠬᠤᠢ᠂ ᠾᠧᠩ ᠰᠢᠶᠤᠤ | ᠹᠠᠨ ᠬᠤᠷᠠᠯ ᠳᠤ ᠣᠷᠣᠯᠴᠠᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠠᠬᠢ ᠵᠢᠭᠠᠨ | ᠵᠢᠯᠣᠭᠤᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠰᠢᠢᠳᠪᠦᠷᠢᠯᠡᠬᠦ ᠲᠤᠰᠬᠠᠢ ᠠᠩᠬᠢ ᠶᠢᠨ ᠡᠯ᠎ᠡ ᠠᠵᠢᠯᠯᠠᠬᠤ | ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃ | |