ᠠᠮᠢᠳᠤᠷᠠᠯ ᠨᠢ ᠨᠠᠶᠢᠳᠠᠪᠤᠷᠢ ᠥᠬᠡᠶ ᠲᠡᠨᠦᠭᠦᠯ ᠭᠤᠶᠢᠷᠠᠨᠴᠢᠳ ᠤᠨ ᠦᠨᠳᠦᠰᠦᠨ ᠡᠷᠬᠡ ᠠᠰᠢᠭ ᠢ ᠦᠨᠡᠨ ᠬᠦ | ᠬᠠᠮᠠᠭᠠᠯᠠᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠠᠴᠠ ᠪᠥᠬᠦ ᠣᠷᠣᠨ ᠤ ᠬᠡᠪᠴᠢᠶᠡᠨ ᠳᠤ ︽ᠬᠠᠬᠢᠷ ᠡᠪᠦᠯ ᠤᠨ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ | ᠲᠤᠰᠬᠠᠶ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ | ᠴᠠᠭ ᠲᠤᠬᠠᠶ ᠳᠤ ᠨᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠪᠠ᠃ | ᠲᠣᠰ ᠤᠳᠠᠭᠠᠨ ᠤ ᠠᠪᠤᠷᠠᠨ ᠲᠤᠰᠠᠯᠠᠬᠤ ᠲᠤᠰᠬᠠᠶ ᠠᠵᠢᠯᠯᠠᠭ᠎ᠠ ᠨᠢ 2022 ᠣᠨ ᠤ 4 ᠳ᠋ᠦ᠋ᠭᠡᠷ ᠰᠠᠷ᠎ᠠ ᠶᠢᠨ | 15 ᠤ ᠡᠳᠦᠷ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠠᠶᠢᠮᠠᠭ ᠬᠤᠲᠠ ᠶᠢᠨ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠲᠦᠷᠭᠡᠨ ᠠᠷᠭᠠᠴᠠᠭᠠᠵᠤ ᠲᠠᠭᠠᠨ | ᠴᠤᠤᠷᠢᠶᠠᠳᠤᠬᠤ ᠪᠡᠯᠡᠳᠬᠡᠯ ᠲᠥᠰᠦᠯ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠤᠲᠠ ᠶᠢᠨ | ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠯᠦᠭᠡ ᠶᠢᠨ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠵᠤ ᠠᠪᠤᠷᠠᠨ ᠲᠤᠰᠠᠯᠠᠬᠤ | ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠣᠴᠢᠬᠤ | ᠪᠣᠯᠣᠮᠵᠢ ᠶᠡᠬᠡᠲᠡᠢ ᠣᠷᠣᠨ ᠬᠡᠪᠴᠢᠶᠡᠨ ᠳᠤ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠬᠦ ᠪᠠᠷ ᠪᠤᠢ᠃ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠨᠠᠰᠤᠨ ᠳᠤ ᠥᠯᠥ ᠬᠥᠷᠥᠭᠰᠡᠳ᠂ ᠵᠡᠮᠳᠡᠭᠴᠦᠳ᠂ ᠬᠥᠳᠡᠯᠵᠦ ᠪᠠᠷᠢᠬᠤ ᠨᠢ | ᠳᠥᠭᠦᠮ ᠦᠭᠡᠢ ᠬᠥᠮᠦᠰ ᠢ ᠴᠠᠭ ᠲᠤᠬᠠᠶ ᠳᠤ ᠨᠢ ᠲᠡᠩᠬᠡᠷᠡᠭᠦᠯᠦᠨ ᠲᠤᠰᠠᠯᠠᠬᠤ ᠪᠠᠶᠢᠭᠤᠯᠤᠮᠵᠢ ᠳᠤ ᠬᠦᠷᠭᠡᠵᠦ | ᠠᠪᠤᠷᠠᠨ ᠲᠤᠰᠠᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠦᠨᠳᠦ ᠲᠦᠭᠰᠢᠭᠦᠷᠢᠲᠡᠶ ᠡᠪᠡᠳᠴᠢᠲᠡᠨ ᠪᠣᠯᠤᠨ | ᠤᠶᠤᠨ ᠤ ᠰᠠᠭᠠᠳ ᠲᠠᠢ ᠬᠥᠮᠦᠰ ᠢ ᠡᠮᠴᠢᠯᠡᠭᠡᠨ ᠤ ᠪᠠᠶᠢᠭᠤᠯᠤᠮᠵᠢ ᠳᠤ ᠬᠠᠮᠠᠭᠠᠯᠠᠨ ᠬᠦᠷᠭᠡᠵᠦ ᠡᠮᠨᠡᠨ ᠠᠪᠤᠷᠠᠬᠤ ᠪᠠ | ᠣᠨᠣᠰᠢᠯᠠᠭᠤᠯᠤᠨ᠎ᠠ᠃ ᠠᠪᠤᠷᠠᠨ ᠲᠤᠰᠠᠯᠠᠯᠲᠠ ᠶᠢ ᠬᠦᠯᠢᠶᠡᠬᠦ ᠳᠤᠷ᠎ᠠ ᠪᠠᠷ ᠠᠨᠠᠢ ᠪᠠᠶᠢᠪᠠᠯ᠂ ᠪᠣᠳᠠᠲᠠᠶ ᠪᠠᠶᠢᠳᠠᠯ ᠢ ᠨᠢ | ᠦᠨᠳᠦᠰᠦᠯᠡᠨ ᠬᠦᠢᠳᠡᠠ ᠢ ᠠᠷᠭᠠᠴᠠᠭᠠᠬᠤ ᠴᠢᠬᠤᠯᠠ ᠪᠦᠬᠦᠢ ᠡᠳ᠋ ᠪᠣᠳᠠᠰ᠂ ᠢᠳᠡᠭᠡᠨ ᠤᠮᠳᠠᠭᠠᠨ ᠵᠡᠷᠭᠡ ᠠᠪᠤᠷᠠᠨ | ᠲᠤᠰᠠᠯᠠᠬᠤ ᠦᠢᠯᠡᠴᠢᠯᠡᠭᠡ ᠬᠠᠩᠭᠠᠨ᠎ᠠ᠃ | ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠠᠪᠤᠷᠠᠨ ᠲᠤᠰᠠᠯᠠᠬᠤ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠥᠷᠥᠯ ᠰᠠᠳᠤᠨ ᠢ ᠨᠢ ᠡᠷᠢᠵᠦ ᠭᠡᠷ ᠲᠤ ᠨᠢ ᠬᠦᠷᠭᠡᠬᠦ᠂ ᠬᠠᠷᠠᠭᠠᠯᠵᠠᠨ | ᠦᠢᠯᠡᠴᠢᠯᠡᠬᠦ᠂ ᠲᠦᠷᠭᠡᠨ ᠡᠪᠡᠳᠴᠢᠨ ᠢ ᠡᠮᠨᠡᠨ ᠵᠠᠰᠠᠬᠤ᠂ ᠥᠷᠲᠡᠭᠡᠨ ᠤ ᠭᠠᠳᠠᠨ᠎ᠠ ᠨᠠᠶᠢᠳᠠᠨ ᠠᠰᠠᠷᠠᠬᠤ᠂ ᠠᠮᠤᠷ | ᠲᠦᠪᠰᠢᠨ ᠤ ᠬᠠᠮᠢᠶᠠᠷᠤᠯᠲᠠ ᠶᠠᠪᠤᠭᠤᠯᠬᠤ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠤᠨ᠂ ᠠᠪᠤᠷᠠᠨ ᠲᠤᠰᠠᠯᠠᠬᠤ | ᠬᠠᠮᠢᠶᠠᠷᠤᠯᠲᠠ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠠᠷᠠᠳ ᠤᠨ ᠳᠤᠮᠳᠠᠬᠢ ᠮᠡᠳᠡᠭᠡ | ᠵᠠᠩᠭᠢᠴᠢ᠂ ᠲᠦᠷᠢᠶᠡᠰᠦᠨ ᠮᠠᠰᠢᠨ ᠤ ᠵᠢᠯᠣᠭᠤᠴᠢ᠂ ᠵᠡᠭᠡᠯᠢ ᠴᠡᠪᠡᠷᠯᠡᠭᠴᠢ᠂ ᠰᠥᠨᠢ ᠶᠢᠨ ᠠᠮᠤᠷ ᠢ ᠬᠠᠮᠠᠭᠠᠯᠠᠭᠴᠢ | ᠵᠡᠷᠭᠡ ᠬᠠᠯᠠᠭᠤᠨ ᠰᠡᠳᠬᠢᠯᠲᠦ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠴᠢᠮᠡᠭᠡ ᠵᠠᠩᠭᠢ | ᠬᠠᠩᠭᠠᠬᠤ ᠢᠳᠡᠪᠬᠢᠵᠢᠯ ᠢ ᠳᠠᠶᠢᠴᠢᠯᠠᠬᠤ ᠶᠢᠨ ᠬᠠᠮᠲᠤ᠂ ᠪᠥᠬᠦ ᠤᠯᠤᠰ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠵᠡᠷᠭᠡ ᠲᠠᠪᠴᠠᠩ ᠢ ᠠᠰᠢᠭᠯᠠᠨ ᠲᠥᠷᠥᠯ ᠰᠠᠳᠤᠨ ᠢ ᠨᠢ ᠡᠷᠢᠬᠦ ᠮᠡᠳᠡᠭᠡ ᠵᠠᠩᠭᠢ ᠶᠢ | ᠨᠡᠶᠢᠲᠡᠯᠡᠵᠦ᠂ ᠲᠤᠰᠠᠯᠠᠮᠵᠢ ᠭᠥᠷᠳᠡᠭᠰᠡᠳ ᠤᠨ ᠲᠥᠷᠥᠯ ᠰᠠᠳᠤᠨ ᠢᠶᠠᠨ ᠡᠷᠢᠵᠦ ᠨᠤᠲᠤᠭ ᠲᠤ ᠪᠠᠨ ᠪᠤᠴᠠᠬᠤ ᠳᠤ ᠨᠢ | ᠠᠯᠢ ᠲᠦᠷᠭᠡᠨ ᠢᠶᠠᠷ ᠬᠠᠪᠰᠤᠷᠤᠮᠵᠢ ᠦᠵᠡᠭᠦᠯᠦᠨ᠎ᠡ᠃ |