ᠮᠠᠨ ᠤ ᠣᠷᠣᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/12/22
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 12 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠬᠤᠯᠪᠣᠭᠠᠲᠤ ᠬᠤᠷᠠᠯ ᠤᠨ ᠤᠳᠤᠷᠢᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠥᠷᠥᠯ ᠵᠦᠢᠯ ᠤᠨ ᠡᠬᠢᠯᠡᠯᠲᠡ ᠶᠢᠨ ᠬᠤᠷᠠᠯ ᠢ ᠬᠤᠷᠠᠯᠳᠤᠭᠤᠯᠵᠤ᠂ ᠡᠨᠡ ᠨᠢ ᠮᠠᠨ ᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃       ᠣᠶᠢᠷ᠎ᠠ ᠶᠢᠨ ᠵᠢᠯ ᠳᠤ᠂ ᠮᠠᠨ ᠤ ᠣᠷᠣᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠭᠦᠯᠬᠦ᠂ ᠨᠥᠬᠦᠪᠥᠷᠢᠯᠡᠬᠦ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠢᠮ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠤ ᠲᠥᠷᠥᠯ ᠵᠦᠢᠯ ᠢᠶᠠᠷ ᠳᠠᠭᠠᠳᠬᠠᠯ ᠳᠤ ᠣᠷᠣᠯᠴᠠᠬᠤ᠂ ᠠᠭᠤᠰᠬᠢᠨ ᠤ ᠲᠣᠭᠤᠰᠣᠵᠢᠯᠲᠠ ᠶᠢᠨ ᠡᠪᠡᠳᠴᠢᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠬᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠵᠡᠷᠭᠡ ᠶᠢᠨ ᠬᠡᠪᠴᠢᠶ᠎ᠡ ᠶᠢ ᠥᠷᠭᠡᠳᠬᠡᠬᠦ ᠲᠤᠰᠬᠠᠶ ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠠᠷᠤᠳᠠᠯ ᠲᠤᠰᠢᠶᠠᠬᠤ ᠰᠠᠭᠤᠷᠢ ᠲᠤᠭ᠎ᠠ ᠪᠣᠯᠤᠨ ᠣᠯᠭᠤᠮᠵᠢ ᠲᠣᠬᠢᠷᠠᠭᠤᠯᠬᠤ ᠪᠠᠷᠢᠮᠵᠢᠶ᠎ᠠ ᠶᠢ ᠨᠢᠭᠡᠳᠬᠡᠵᠦ᠂ ᠪᠥᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠪᠡ᠃ 2021 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 337 ᠲᠦᠮᠡ ᠳᠤ ᠬᠦᠷᠴᠦ᠂ ᠰᠢᠨ᠎ᠡ ᠪᠠᠷ ᠡᠬᠢᠯᠡᠭᠦᠯᠦᠭᠰᠡᠨ ᠲᠥᠷᠥᠯ ᠵᠦᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 99% ᠳᠤ ᠬᠦᠷᠴᠦ᠂ ᠠᠭᠤᠰᠬᠢᠨ ᠤ ᠲᠣᠭᠤᠰᠣᠵᠢᠯᠲᠠ ᠶᠢᠨ ᠡᠪᠡᠳᠴᠢᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 24.1 ᠲᠦᠮᠡ ᠳᠤ ᠬᠦᠷᠴᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠡᠷᠴᠢᠮᠲᠡᠢ ᠬᠠᠮᠠᠭᠠᠯᠠᠵᠤ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃       10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠬᠤᠯᠪᠣᠭᠠᠲᠤ ᠬᠤᠷᠠᠯ ᠤᠨ ᠠᠯᠪᠠᠨ ᠬᠡᠷ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠲᠤᠬᠠᠶ ᠬᠠᠮᠲᠤᠷᠠᠯᠴᠠᠭᠠᠨ ᠤ ᠰᠠᠨᠠᠮᠵᠢ ᠶᠢᠨ ᠬᠡᠯᠡᠯᠴᠡᠭᠡᠷ ᠲᠣᠭᠲᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号