ᠪᠥᠬᠦ ᠣᠷᠣᠨ ᠤ 1 ᠠᠴᠠ 11 ᠳ᠋ᠦ᠋ᠭᠡᠷ ᠰᠠᠷ᠎ᠠ ᠳᠠᠬᠢ ᠠᠶᠤᠯ ᠥᠬᠡᠶ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ
ᠨᠡᠶᠢᠲᠡᠯᠡᠭᠰᠡᠨ ᠴᠠᠭ᠄
2021/12/22
      1 ᠠᠴᠠ 11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ᠂ ᠠᠳᠠᠯ ᠤᠨ ᠶᠡᠷᠦᠩᠬᠡᠶ ᠲᠤᠭ᠎ᠠ ᠬᠡᠮᠵᠢᠶ᠎ᠡ ᠦᠷᠭᠦᠯᠵᠢᠯᠡᠨ ᠪᠠᠭᠤᠷᠠᠪᠠ᠃ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠨᠡᠶᠢᠲᠡ 591 ᠤᠳᠠᠭ᠎ᠠ ᠭᠠᠷᠴᠤ᠂ 614 ᠬᠥᠮᠦᠨ ᠠᠳᠡᠵᠦ᠂ 2019 ᠣᠨ ᠤ ᠠᠳᠠᠯᠢ ᠬᠤᠭᠤᠴᠠᠭᠠᠨ ᠤ ᠠᠴᠠ 372 ᠤᠳᠠᠭ᠎ᠠ᠂ 459 ᠬᠥᠮᠦᠨ ᠪᠠᠭᠠᠰᠴᠤ᠂ ᠲᠣᠰ ᠲᠣᠰ 38. 63% ᠪᠠ 42.78% ᠪᠠᠷ ᠪᠠᠭᠤᠷᠠᠵᠠᠢ︔ 2020 ᠣᠨ ᠤ ᠠᠳᠠᠯᠢ ᠬᠤᠭᠤᠴᠠᠭᠠᠨ ᠤ ᠬᠢ ᠠᠴᠠ 296 ᠤᠳᠠᠭ᠎ᠠ᠂ 130 ᠬᠥᠮᠦᠨ ᠪᠠᠭᠠᠰᠴᠤ᠂ ᠲᠣᠰ ᠲᠣᠰ 33.3 % ᠪᠠ 17.47% ᠪᠠᠷ ᠪᠠᠭᠤᠷᠠᠯ᠎ᠠ᠃ ᠭᠤᠣᠯᠴᠢᠯᠠᠨ ᠪᠦᠷᠢᠳᠬᠡᠭᠰᠡᠨ ᠠᠵᠢᠯ ᠲᠥᠷᠥᠯ ᠤᠨ ᠬᠦᠷᠢᠶᠡᠨ ᠠᠴᠠ ᠨᠡᠭᠦᠷᠡᠰᠦᠨ ᠠᠭᠤᠷᠬᠠᠶ᠂ ᠪᠠᠷᠢᠯᠭ᠎ᠠ ᠶᠢᠨ ᠦᠢᠯᠡᠰ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠪᠤᠰᠤᠳ ᠠᠵᠢᠯ ᠲᠥᠷᠥᠯ᠂ ᠲᠠᠷᠢᠶᠠᠯᠠᠩ ᠤᠨ ᠮᠧᠬᠠᠨᠢᠭ ᠤᠨ ᠠᠳᠡᠯ ᠭᠠᠷᠤᠭᠰᠠᠨ ᠲᠤᠭ᠎ᠠ ᠪᠠ ᠥᠭᠦᠭᠰᠡᠨ ᠬᠥᠮᠦᠨ ᠤ ᠲᠤᠭ᠎ᠠ ᠶᠢ 2019 ᠣᠨ ᠪᠠ 2020 ᠣᠨ ᠤ ᠠᠳᠠᠯᠢ ᠬᠤᠭᠤᠴᠠᠭᠠᠨ ᠤ ᠲᠠᠢ ᠬᠠᠷᠢᠴᠠᠭᠤᠯᠪᠠᠯ ᠴᠥᠮ ︽ᠬᠤᠤᠰ ᠢᠶᠠᠷ ᠳᠡᠭᠡᠭᠰᠢᠯᠡᠭᠦᠯᠦᠭᠰᠡᠨ︾ ᠪᠠᠶᠢᠨ᠎ᠠ᠃       ᠦᠢᠯᠡᠳᠪᠦᠷᠢᠯᠡᠯ ᠤᠨ ᠠᠮᠤᠷ ᠲᠦᠪᠰᠢᠨ ᠤ ᠨᠡᠯᠢᠶᠡᠳ ᠶᠡᠭᠡ ᠠᠳᠡᠯ 1 ᠤᠳᠠᠭ᠎ᠠ ᠭᠠᠷᠴᠤ᠂ 49 ᠬᠥᠮᠦᠨ ᠠᠳᠡᠵᠦ᠂ 2019 ᠣᠨ ᠤ ᠠᠳᠠᠯᠢ ᠬᠤᠭᠤᠴᠠᠭᠠᠨ ᠤ ᠠᠴᠠ 10 ᠤᠳᠠᠭ᠎ᠠ ᠪᠠ 35 ᠬᠥᠮᠦᠨ ᠪᠠᠭᠠᠰᠴᠤ᠂ ᠴᠥᠮ 41.67% ᠪᠠᠭᠤᠷᠠᠪᠠ︔ 2020 ᠣᠨ ᠤ ᠠᠳᠠᠯᠢ ᠬᠤᠭᠤᠴᠠᠭᠠᠨ ᠤ ᠠᠳᠡᠯ ᠭᠠᠷᠤᠭᠰᠠᠨ ᠤᠳᠠᠭ᠎ᠠ ᠪᠠ ᠠᠳᠡᠭᠰᠡᠨ ᠬᠦᠮᠦᠨ ᠤ ᠲᠤᠭ᠎ᠠ ᠲᠠᠢ ᠴᠥᠮ ᠲᠡᠩᠴᠡᠬᠦᠦ᠃       ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠢ᠃ 6 ᠠᠵᠢᠯ ᠲᠥᠷᠥᠯ ᠤᠨ ᠬᠦᠷᠢᠶ᠎ᠡ᠂ 10 ᠠᠶᠢᠮᠠᠭ ᠬᠤᠲᠠᠨ ᠳᠤ ᠨᠡᠯᠢᠶᠡᠳ ᠶᠡᠭᠡ ᠠᠳᠡᠯ ᠭᠠᠷᠴᠠᠢ᠃ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号