12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨᠵᠤᠤᠷ ᠬᠤᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠲᠤᠬᠠᠶ ᠶᠢᠨ | ᠲᠠᠯᠠᠪᠤᠷ ᠲᠤ ᠨᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠬᠤᠷᠢᠭᠯᠠᠬᠤ ᠠᠵᠢᠯ ᠤᠨ | ᠠᠯᠳᠠᠰᠢ ᠭᠠᠷᠬᠤ ᠶᠢ ᠲᠦᠷᠭᠡᠨ᠂ ᠴᠢᠩᠭ᠎ᠠ ᠪᠥᠭᠡᠳ ᠪᠣᠳᠠᠲᠠᠶ ᠪᠠᠷ ᠬᠤᠷᠢᠭᠯᠠᠵᠤ᠂ ᠬᠢᠵᠢᠭ ᠲᠠᠷᠬᠠᠬᠤ ᠶᠢ ᠪᠦᠬᠦ ᠬᠦᠴᠦ ᠪᠠᠷ ᠢᠶᠠᠨ ᠬᠤᠷᠢᠭᠯᠠᠬᠤ ᠬᠡᠷᠡᠭᠲᠡᠶ ᠭᠡᠵᠡᠶ᠃ | 12 ᠰᠠᠷ᠎ᠠ ᠶᠢᠨ 1 ᠤ ᠤᠷᠤᠢ᠂ ᠬᠤᠸᠠᠩ ᡁᠢ ᠴᠢᠶᠠᠩ ᠮᠠᠨᠵᠤᠤᠷ ᠬᠤᠳᠠ ᠳᠤ ᠬᠦᠷᠦᠭᠰᠡᠨ ᠤ ᠲᠠᠷᠠᠭ᠎ᠠ᠂ ᠲᠡᠷᠡ ᠳᠠᠷᠤᠢ ᠳᠤ ᠨᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠬᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠭᠡ ᠲᠠᠯ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠨᠢᠮᠪᠠᠢ | ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ 12 ᠳ᠋ᠤᠭᠠᠷ ᠰᠠᠷ᠎ᠠ ᠶᠢᠨ 2 ᠤᠨ | ᠡᠳᠦᠷ ᠤᠨ ᠦᠳᠡ ᠶᠢᠨ ᠡᠮᠦᠨ᠎ᠡ᠂ ᠲᠠᠬᠤᠯ ᠡᠪᠡᠳᠴᠢᠨ ᠢ ᠪᠠᠶᠢᠴᠠᠭᠠᠨ ᠵᠢᠯᠣᠭᠤᠳᠬᠤ ᠲᠥᠪ᠂ ᠬᠤᠸᠠ ᠺᠠᠶ ᠬᠤᠷᠢᠶᠠᠯᠠᠯ ᠤᠨ ᠲᠥᠪᠯᠡᠷᠡᠭᠦᠯᠦᠨ ᠲᠤᠰᠠᠭᠠᠷᠯᠠᠬᠤ ᠴᠡᠭ᠂ | ᠳᠥᠷᠪᠡᠯᠵᠢᠨ ᠥᠷᠥᠭᠡ ᠶᠢᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠵᠡᠷᠭᠡ ᠶᠢ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠪᠸᠢ ᠳᠦᠨ | ᠲᠣᠰᠬᠤᠨ ᠤ ᠫᠢᠩ ᠹᠠᠩ ᠬᠤᠷᠢᠶᠠᠯᠠᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠰᠢᠷᠠᠮ ᠢᠶᠠᠷ ᠪᠠᠶᠢᠴᠠᠭᠠᠪᠠ᠃ | ᠬᠤᠸᠠᠩ ᡁᠢ ᠴᠢᠶᠠᠩ ᠨᠡᠶᠢᠭᠡᠮ ᠲᠣᠭᠤᠷᠢᠭ ᠤᠨ ᠬᠠᠮᠢᠶᠠᠷᠤᠨ ᠬᠤᠷᠢᠭᠯᠠᠬᠤ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠠᠭᠠᠷᠯᠠᠬᠤ᠂ ᠲᠠᠬᠤᠯ | ᠡᠪᠡᠳᠴᠢᠨ ᠢ ᠵᠢᠭᠰᠠᠭᠠᠨ ᠪᠠᠶᠢᠴᠠᠭᠠᠬᠤ᠂ ᠡᠪᠡᠳᠴᠢᠲᠡᠨ ᠢ ᠠᠪᠤᠷᠠᠨ ᠡᠮᠨᠡᠬᠦ᠂ ᠡᠳ᠋ ᠪᠣᠳᠠᠰ ᠢ ᠪᠠᠲᠤᠯᠠᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠨᠡᠶᠢᠭᠡᠮ | ᠲᠣᠭᠤᠷᠢᠭ ᠤᠨ ᠺᠠᠳ᠋ᠷ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠰᠣᠨᠢᠨ ᠮᠡᠳᠡᠭᠡᠨ ᠤ ᠠᠵᠢᠯᠲᠠᠨ ᠵᠡᠷᠭᠡ ᠡᠮᠦᠨ᠎ᠡ ᠹᠷᠣᠨᠲ ᠤᠨ ᠠᠵᠢᠯᠲᠠᠳ ᠢ | ᠪᠣᠯᠭᠤᠭᠠᠨ ᠲᠣᠬᠤᠨᠢᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠬᠢᠵᠢᠭ ᠲᠠᠷᠬᠠᠬᠤ ᠶᠢ ᠡᠷᠡᠰ ᠰᠡᠷᠭᠡᠶᠢᠯᠡᠬᠦ ᠪᠣᠯ ᠴᠢᠬᠤᠯᠠ ᠠᠴᠠ ᠴᠢᠬᠤᠯᠠ᠂ ᠪᠠᠴᠢᠮ ᠠᠴᠠ ᠪᠠᠴᠢᠮ | ᠶᠠᠪᠤᠳᠠᠯ ᠮᠥᠨ᠂ ᠡᠷᠬᠡᠪᠰᠢ ︽ᠲᠦᠷᠭᠡᠨ︾ ᠳᠤ ᠰᠠᠭᠤᠷᠢᠯᠠᠵᠤ᠂ ᠬᠠᠮᠤᠭ ᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠴᠠᠭ ᠮᠥᠴᠡ ᠶᠢ ᠠᠯᠳᠠᠯ ᠦᠭᠡᠶ ᠪᠠᠷ | ᠠᠵᠢᠯ ᠢᠶᠠᠨ ᠥᠷᠨᠢᠭᠦᠯᠬᠦ ᠬᠡᠷᠡᠭᠲᠡᠶ ᠭᠡᠵᠡᠢ᠃ ᠲᠡᠷᠡ ᠴᠢᠬᠤᠯᠠᠴᠢᠯᠠᠭᠰᠠᠨ ᠨᠢ᠂ ᠰᠡᠷᠭᠡᠶᠢᠯᠡᠨ ᠬᠤᠷᠢᠭᠯᠠᠬᠤ ᠠᠵᠢᠯ ᠤᠨ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ | ᠡᠭᠦᠨ ᠤ ᠵᠠᠩᠭᠢᠯᠠᠭ᠎ᠠ ᠨᠢ ᠰᠢᠨᠵᠢᠯᠡᠬᠦ ᠤᠬᠠᠭᠠᠨᠴᠢ ᠪᠥᠭᠡᠳ ᠪᠣᠳᠠᠲᠠᠶ ᠶᠢ ᠡᠷᠬᠢᠮᠯᠡᠬᠦ ᠣᠪᠣᠷ ᠪᠠ ᠡᠷᠡᠰ ᠰᠢᠭᠤᠷᠬᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠢᠵᠢᠭ | ᠲᠠᠷᠬᠠᠬᠤ ᠠᠷᠭ᠎ᠠ ᠵᠠᠮ ᠢ ᠲᠡᠰᠦᠯᠵᠦ᠂ ᠰᠡᠷᠭᠡᠶᠢᠯᠡᠨ ᠬᠤᠷᠢᠭᠯᠠᠬᠤ ᠠᠵᠢᠯ ᠤᠨ ᠠᠯᠳᠠᠰᠢ ᠭᠠᠷᠬᠤ ᠶᠢ ᠬᠤᠷᠢᠭᠯᠠᠬᠤ ᠶᠠᠪᠤᠳᠠᠯ ᠪᠣᠯᠤᠨ᠎ᠠ᠃ ᠴᠤᠪᠤᠷᠠᠯ ᠢ | ᠰᠢᠯᠢᠳᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠰᠠᠭᠤᠷᠢ ᠲᠤᠭ᠎ᠠ ᠶᠢ | ᠲᠣᠳᠣᠷᠬᠠᠶ ᠣᠶᠢᠯᠠᠭᠠᠬᠤ ᠬᠡᠷᠡᠭᠲᠡᠶ᠃ ᠴᠢᠩᠭ᠎ᠠ ᠬᠠᠮᠢᠶᠠᠷᠤᠨ ᠬᠤᠷᠢᠭᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠤᠰᠠᠭᠠᠷᠯᠠᠬᠤ ᠲᠠᠯᠠᠪᠤᠷ ᠭᠠᠵᠠᠷ ᠪᠠ ᠲᠤᠰᠠᠭᠠᠷᠯᠠᠬᠤ | ᠥᠷᠥᠭᠡ ᠶᠢ ᠨᠡᠮᠡᠭᠳᠡᠭᠦᠯᠵᠦ᠂ ᠡᠷᠬᠡᠪᠰᠢ ᠨᠢᠭᠲᠠ ᠣᠶᠢᠷᠠᠲᠤᠭᠰᠠᠳ ᠢ ᠰᠢᠯᠵᠢᠭᠦᠯᠬᠦ ᠪᠠ ᠲᠥᠪᠯᠡᠷᠡᠭᠦᠯᠦᠨ ᠲᠤᠰᠠᠭᠠᠷᠯᠠᠬᠤ ᠶᠢ ᠲᠣᠭᠲᠠᠭᠰᠠᠨ ᠴᠠᠭ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ᠃ ᠬᠠᠮᠢᠶᠠᠷᠤᠯᠲᠠ ᠪᠠᠨ ᠵᠢᠷᠤᠮᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠬᠢᠵᠦ᠂ | ᠳᠣᠲᠣᠭᠠᠳᠤ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠳ᠋ ᠪᠣᠳᠠᠰ ᠤᠨ ᠪᠠᠲᠤᠯᠠᠭ᠎ᠠ ᠶᠢ | ᠴᠢᠩᠭᠠᠳᠬᠠᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠬᠡᠷᠡᠭᠴᠡᠭᠡ ᠶᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠢ ᠬᠤᠷᠳᠤᠴᠠ ᠲᠠᠢ᠂ ᠡᠷᠴᠢᠮ ᠲᠠᠢ᠂ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ ᠭᠡᠵᠡᠢ᠃ |