ᠠᠷᠪᠠᠨ ᠨᠢᠬᠡᠳᠦᠭᠡᠷ ᠰᠠᠷ᠎ᠠ ᠶᠢᠨ ᠬᠤᠷᠢᠨ ᠲᠦᠷᠪᠡᠨ ᠳᠤ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠯᠤᠭᠤᠳᠬᠤ ᠳᠤᠭᠤᠶᠢᠯᠠᠩ ᠳᠤ ᠠᠵᠢᠯ ᠢᠶᠠᠨ ᠬᠠᠷᠢᠭᠤ ᠮᠡᠳᠡᠬᠦᠯᠬᠦ ᠬᠤᠷᠠᠯ | ᠬᠢᠵᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠦᠮᠦᠵᠢᠯ ᠰᠢᠨᠵᠢᠯᠡᠬᠦ | ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠮᠦᠩᠬᠦᠨᠴᠡᠴᠡᠭ ᠵᠢᠴᠢ ᠵᠢᠯᠤᠭᠤᠳᠬᠤ ᠳᠤᠭᠤᠶᠢᠯᠠᠩ ᠤᠨ ᠬᠡᠰᠢᠬᠦᠳ ᠬᠤᠷᠠᠯ ᠳᠤ | ᠤᠷᠤᠯᠴᠠᠵᠦ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠷᠦᠩ ᠬᠤᠷᠠᠯ ᠡᠷᠬᠢᠯᠡᠨ᠂ | ᠳᠡᠳ᠋ ᠡᠷᠬᠢᠯᠡᠭᠴᠢ ᠹᠠᠨ ᠳ᠋ᠦᠩ ᠯᠢᠶᠠᠩ᠂ ᠨᠠᠷᠢᠨ ᠪᠢᠴᠢᠭ ᠤᠨ ᠳᠠᠷᠤᠭ᠎ᠠ ᠶᠢᠨ ᠨᠠᠷᠠ ᠳᠤᠷᠠᠳᠤᠭᠳᠠᠭᠰᠠᠨ ᠵᠢᠱᠢᠭᠳᠡᠭᠴᠢ ᠱᠢ ᠢ ᠹᠧᠩ ᠵᠢᠴᠢ ᠭᠡᠰᠡᠭ ᠬᠤᠰᠢᠭᠤ | ᠬᠤᠳᠠ ᠳᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ᠂ ᠯᠢ ᠵᠢᠢ ᠷᠦᠩ ᠮᠠᠨ ᠤ ᠬᠤᠳᠠ ᠶᠢᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠵᠢᠴᠢ ᠲᠦᠪ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠳᠤᠭᠤᠰᠢᠯᠠᠭᠤᠯᠤᠭᠰᠠᠨ ᠪᠠᠶᠢᠳᠠᠯ ᠢ ᠬᠠᠷᠢᠭᠤ ᠮᠡᠳᠡᠬᠦᠯᠵᠦ᠂ ᠶᠠᠭᠰᠢ ᠬᠤᠳᠠ᠂ ᠮᠤᠷᠢᠨᠳᠠᠪᠠᠭ᠎ᠠ ᠳᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤᠰ ᠭᠠᠵᠠᠷ ᠤᠨ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠬᠢᠴᠠ ᠶᠢ ᠬᠠᠷᠢᠭᠤ ᠮᠡᠳᠡᠬᠦᠯᠵᠡᠢ᠃ | ᠮᠦᠩᠬᠦᠨᠴᠡᠴᠡᠭ ᠮᠠᠨ ᠤ ᠬᠤᠳᠠ ᠶᠢᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠵᠢᠴᠢ ᠲᠦᠪ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠦᠢᠴᠡᠳ ᠨᠤᠳᠠᠯᠠᠬᠤ ᠶᠢᠨ ᠬᠠᠮᠳᠤ ᠵᠢᠭᠠᠵᠤ ᠭᠠᠷᠭᠠᠬᠰᠠᠨ ᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠪᠤᠯ ᠪᠦᠬᠦ ᠤᠷᠤᠨ ᠤ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠬᠡᠨ ᠳᠤᠮᠤ ᠶᠠᠪᠤᠳᠠᠯ | ᠪᠤᠯᠤᠨ᠎ᠠ᠃ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳᠴᠢᠯᠠᠯ ᠢ ᠬᠦᠢᠴᠡᠳ | ᠪᠠᠳᠠᠷᠠᠭᠤᠯᠵᠦ᠂ ᠬᠠᠤᠯᠢ ᠶᠤᠰᠤᠭᠠᠷ ᠶᠠᠪᠤᠳᠠᠯ ᠬᠦᠢᠴᠡᠳᠬᠡᠬᠦ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ | ᠠᠵᠢᠯ ᠤᠨ ᠪᠦᠬᠦ ᠶᠠᠪᠤᠴᠠ ᠪᠠ ᠡᠯ᠎ᠡ ᠳᠠᠯ᠎ᠠ ᠳᠤ ᠳᠤᠭᠤᠰᠢᠯᠠᠭᠤᠯᠤᠨ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠠᠤᠯᠢ ᠶᠤᠰᠤᠭᠠᠷ ᠡᠮᠬᠢ | ᠲᠢᠭᠯᠢᠮ ᠲᠠᠢ ᠶᠠᠪᠤᠭᠳᠠᠬᠤ ᠶᠢ ᠪᠠᠳᠤᠯᠠᠬᠤ ᠭᠡᠷᠡᠭᠳᠡᠢ᠃ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠨᠢᠬᠡᠳᠦᠯᠳᠡᠢ ᠲᠦᠯᠦᠪᠵᠢᠬᠦᠯᠤᠨ᠂ ᠬᠤᠭᠤᠴᠠᠭ᠎ᠠ | ᠰᠤᠯᠢᠬᠤ ᠰᠠᠬᠢᠯᠭ᠎ᠠ ᠪᠠᠳᠤ ᠶᠢ ᠴᠢᠩᠭᠠᠳᠬᠠᠵᠦ᠂ ᠰᠢᠶᠠᠨ ᠰᠢᠶᠠᠩ ᠤᠨ ᠰᠢᠨ᠎ᠠ ᠨᠢᠬᠡ ᠡᠬᠡᠯᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠬᠤ ᠪᠠᠷ ᠪᠡᠯᠡᠳᠬᠡᠬᠦ ᠭᠡᠷᠡᠭᠳᠡᠢ᠃ ᠰᠢᠨ᠎ᠠ ᠪᠠᠷ ᠰᠤᠩᠭᠤᠭᠳᠠᠨ ᠭᠠᠷᠤᠭᠰᠠᠨ ᠲᠦᠯᠦᠭᠡᠯᠡᠭᠴᠢ ᠶᠢᠨ ᠪᠤᠯᠪᠠᠰᠤᠷᠠᠯ ᠢ | ᠰᠠᠶᠢᠳᠤᠷ ᠬᠢᠵᠦ᠂ ᠲᠦᠯᠦᠭᠡᠯᠡᠭᠴᠢ ᠶᠢᠨ ᠬᠢᠨᠡᠨ ᠵᠦᠪᠯᠡᠬᠦ ᠴᠢᠳᠠᠪᠤᠷᠢ ᠶᠢ ᠳᠡᠭᠡᠭᠰᠢᠯᠡᠬᠦᠯᠤᠨ᠂ ᠲᠦᠯᠦᠭᠡᠯᠡᠭᠴᠢ ᠶᠢᠨ ᠳᠤᠰᠢᠶᠠᠯ ᠬᠦᠢᠴᠡᠳᠬᠡᠬᠦ ᠤᠷᠮ᠎ᠠ ᠵᠤᠷᠢᠭ ᠢ | ᠬᠥᠭᠵᠢᠭᠡᠵᠥ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ ᠦᠨᠡᠨ ᠬᠦ ᠰᠠᠶᠢᠳᠤᠷ ᠪᠠᠳᠠᠷᠠᠭᠤᠯᠬᠤ ᠳᠤ ᠰᠠᠭᠤᠷᠢ ᠳᠠᠯᠪᠢᠬᠤ ᠭᠡᠷᠡᠭᠳᠡᠢ ᠬᠡᠵᠡᠢ᠃ | | ᠯᠢ ᠵᠢᠢ ᠷᠦᠩ ᠢᠯᠡᠷᠭᠡᠶᠢᠯᠡᠭᠰᠡᠨ ᠨᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠯᠤᠭᠤᠳᠬᠤ | ᠳᠤᠭᠤᠶᠢᠯᠠᠩ ᠤᠨ ᠳᠤᠷᠠᠳᠤᠭᠰᠠᠨ ᠱᠠᠭᠠᠷᠳᠠᠯᠭ᠎ᠠ ᠶᠤᠰᠤᠭᠠᠷ ᠨᠠᠮ ᠤᠨ ᠬᠤᠷᠢᠶᠠᠨ ᠤ ᠨᠢᠬᠡᠳᠦᠯᠳᠡᠢ ᠤᠳᠤᠷᠢᠳᠤᠯᠭ᠎ᠠ ᠲᠤᠤᠷ᠎ᠠ᠂ ᠰᠢᠶᠠᠨ ᠰᠢᠶᠠᠩ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠡᠯ᠎ᠡ ᠲᠦᠷᠦᠯ ᠤᠨ ᠠᠵᠢᠯ ᠢ ᠤᠯᠠᠮ ᠴᠢᠩᠭᠠᠳᠬᠠᠨ᠂ ᠬᠤᠰᠢᠭᠤ ᠬᠤᠳᠠ ᠳᠤᠭᠤᠷᠢᠭ᠂ ᠰᠤᠮᠤ ᠰᠢᠶᠠᠩ ᠪᠠᠯᠭᠠᠰᠤ ᠶᠢᠨ ᠰᠢᠨ᠎ᠠ ᠨᠢᠬᠡ | ᠡᠬᠡᠯᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠵᠢᠯᠤᠭᠤᠳᠬᠤ ᠠᠵᠢᠯ ᠵᠢᠴᠢ ᠬᠤᠳᠠ ᠶᠢᠨ ᠳᠠᠰ ᠤᠨ ᠰᠢᠨ᠎ᠠ ᠨᠢᠬᠡ ᠡᠬᠡᠯᠵᠢ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠢ ᠰᠠᠶᠢᠳᠤᠷ ᠬᠢᠵᠦ᠂ ᠪᠦᠬᠦ ᠬᠤᠳᠠ ᠶᠢᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ | ᠲᠦᠬᠦᠷᠡᠩ ᠠᠮᠵᠢᠯᠳᠠᠳᠠᠢ ᠶᠠᠪᠤᠭᠳᠠᠬᠤ ᠶᠢ ᠪᠠᠳᠤᠯᠠᠨ᠎ᠠ ᠬᠡᠪᠡ᠃ |