ᠣᠳᠣᠬᠠᠨ ᠤ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠬᠤ ᠶᠢ ᠦᠨᠳᠦᠰᠦᠯᠡᠨ᠂ ᠲᠦᠪ | ᠬᠤᠲᠠ ᠶᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠯᠬᠤᠮ ᠴᠢᠨᠠᠭᠰᠢᠳᠠ ᠴᠢᠩᠭᠠᠳᠬᠠᠵᠤ᠂ ᠲᠦᠪ ᠬᠤᠲᠠ ᠶᠢᠨ | ᠲᠣᠭᠤᠷᠢᠭ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 29 ᠳ᠋ᠤᠭᠡᠷ ᠲᠣᠭᠠᠲᠤ ᠠᠯᠪᠠᠨ ᠵᠠᠷᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠶᠢᠯᠠᠷ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 108 ᠳ᠋ᠤᠭᠠᠷ ᠲᠣᠭᠠᠲᠤ᠂ 109 ᠳ᠋ᠤᠭᠡᠷ ᠲᠣᠭᠠᠲᠤ ᠠᠯᠪᠠᠨ | ᠵᠠᠷᠯᠠᠯ ᠤᠨ ᠰᠠᠭᠤᠷᠢᠨ ᠳᠡᠭᠡᠷ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠯ ᠢ ᠴᠢᠩᠭᠠᠳᠬᠠᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠦᠷᠴᠦ ᠬᠠᠶᠢᠯᠠᠷ | ᠲᠣᠭᠤᠷᠢᠭ ᠲᠤ ᠪᠤᠴᠠᠵᠤ ᠢᠷᠡᠭᠰᠡᠳ ᠵᠢᠴᠢ 14 ᠡᠳᠦᠷ ᠤᠨ ᠳᠣᠲᠣᠷ᠎ᠠ ᠰᠢᠨ᠎ᠡ ᠪᠠᠷᠭᠤ ᠪᠠᠷᠠᠭᠤᠨ ᠬᠤᠰᠢᠭᠤᠨ ᠳᠤ ᠵᠢᠭᠤᠯᠴᠢᠯᠠᠭᠰᠠᠨ ᠲᠡᠦᠬᠡ ᠲᠠᠢ ᠬᠥᠮᠦᠰ ᠲᠤ ︽ | 14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭ᠎ᠠ ᠶᠢ ᠰᠢᠨ᠎ᠡ ᠪᠠᠷᠭᠤ ᠪᠠᠷᠠᠭᠤᠨ ᠬᠤᠰᠢᠭᠤᠨ ᠠᠴᠠ ᠭᠠᠷᠤᠭᠰᠠᠨ ᠡᠳᠦᠷ ᠠᠴᠠ ᠡᠬᠢᠯᠡᠵᠦ ᠪᠤᠳᠤᠨ᠎ᠠ᠃ ᠰᠢᠨ᠎ᠡ ᠪᠠᠷᠭᠤ | ᠪᠠᠷᠠᠭᠤᠨ ᠬᠤᠰᠢᠭᠤᠨ ᠳᠤ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠢ᠂ ᠨᠡᠶᠢᠭᠡᠮ ᠲᠣᠭᠤᠷᠢᠭ ︵ᠲᠣᠰᠬᠤᠨ︶ | ᠂ ᠲᠣᠮᠢᠯᠠᠭᠰᠠᠨ ᠰᠠᠯᠪᠤᠷᠢ᠂ ᠪᠠᠭᠤᠳᠠᠯ ᠳᠤ ᠣᠷᠣᠵᠤ ᠰᠠᠭᠤᠭᠰᠠᠨ ᠮᠡᠳᠡᠭᠦᠯᠦᠯᠲᠡ ᠬᠢᠵᠦ᠂ ᠵᠤᠬᠢᠴᠠᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ | ᠬᠠᠮᠵᠢᠯᠴᠠᠨ ᠨᠠᠶᠢᠳᠠᠪᠤᠷᠢᠵᠢᠭᠤᠯᠵᠤ᠂ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ ᠬᠥᠮᠦᠰ ᠵᠢᠴᠢ | ᠨᠢᠭᠡᠴᠢ ᠠᠴᠠ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠬᠤᠶᠠᠷ᠂ ᠬᠤᠲᠠ ᠶᠢᠨ ᠲᠣᠭᠤᠷᠢᠭ ᠠᠴᠠ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠨ᠎ᠠ᠃ ᠴᠢᠬᠤᠯᠠ ᠦᠬᠡᠢ ᠪᠤᠯ ᠬᠡᠷ ᠠᠴᠠ ᠪᠠᠨ ᠭᠠᠷᠬᠤ ᠥᠬᠡᠶ᠂ | ᠴᠢᠬᠤᠯᠠ ᠦᠭᠡᠢ ᠪᠤᠯ ᠬᠠᠶᠢᠯᠠᠷ ᠠᠴᠠ ᠭᠠᠷᠬᠤ ᠥᠬᠡᠶ ᠪᠠᠶᠢᠬᠤ ᠶᠢ ᠪᠠᠷᠢᠮᠲᠠᠯᠠᠵᠤ᠂ ᠬᠥᠮᠦᠰ ᠤᠨ ᠶᠠᠪᠤᠵᠤ ᠰᠠᠭᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠬᠤᠭᠤᠴᠠᠭᠠᠨ ᠳᠠᠬᠢ ᠮᠠᠰᠢᠨᠲᠤ ᠲᠡᠷᠭᠡ᠂ ᠠᠵᠢᠯ ᠳᠤ ᠭᠠᠷᠬᠤ | ᠬᠥᠮᠦᠰ ᠤᠨ ᠲᠦᠷ ᠴᠠᠭ ᠤᠨ ᠨᠡᠪᠲᠡᠷᠡᠬᠦ ᠦᠨᠡᠮᠯᠡᠯ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃ ᠣᠨᠴᠠᠭᠠᠢ ᠪᠠᠶᠢᠳᠠᠯ ᠠᠴᠠ ᠪᠤᠯᠵᠤ ᠭᠤᠣᠯ ᠬᠤᠳᠠ ᠶᠢᠨ | ᠲᠣᠭᠤᠷᠢᠭ ᠢᠶᠠᠷ ᠣᠷᠣᠵᠤ ᠭᠠᠷᠬᠤ ᠴᠢᠬᠤᠯᠠᠲᠠᠢ ᠬᠥᠮᠦᠰ ᠡᠷᠬᠡᠪᠰᠢ ᠳᠣᠣᠷᠠᠬᠢ ᠵᠢᠷᠤᠮ ᠢ ᠭᠦᠢᠴᠡᠳᠬᠡᠨ᠎ᠡ᠄ | ᠬᠤᠲᠠ ᠶᠢᠨ ᠬᠡᠪᠴᠢᠶᠡᠨ ᠳᠠᠬᠢ ᠪᠤᠰᠤᠳ ᠬᠤᠰᠢᠭᠤ ᠬᠤᠲᠠ ᠲᠣᠭᠤᠷᠢᠭ ᠤᠨ ᠬᠠᠶᠢᠯᠠᠷ ᠲᠣᠭᠤᠷᠢᠭ ᠲᠤ ᠣᠷᠣᠬᠤ ᠪᠠᠷ ᠪᠠᠶᠢᠭ᠎ᠠ ᠬᠥᠮᠦᠰ ᠢ ᠪᠠᠶᠢᠭ᠎ᠠ | ᠬᠤᠰᠢᠭᠤ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠤᠷᠢᠳᠴᠢᠯᠠᠨ ᠬᠠᠶᠢᠯᠠᠷ ᠲᠣᠭᠤᠷᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠵᠠᠬᠢᠳᠠᠯ ᠢᠯᠡᠭᠡᠬᠦ ᠶᠢᠨ ᠬᠠᠮᠲᠤ ᠵᠥᠪᠰᠢᠶᠡᠷᠡᠯ ᠣᠯᠤᠭᠰᠠᠨ ᠤ ᠳᠠᠷᠠᠭ᠎ᠠ᠂ 48 ᠴᠠᠭ ᠤᠨ ᠳᠣᠲᠣᠷᠠᠬᠢ | ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠪᠠᠷ ᠰᠠᠶ᠋ᠢ ᠣᠷᠣᠵᠤ ᠪᠣᠯᠤᠨ᠎ᠠ᠃ ᠬᠠᠶᠢᠯᠠᠷ ᠲᠣᠭᠤᠷᠢᠭ ᠤᠨ ᠳᠣᠲᠣᠷᠠᠬᠢ ᠭᠠᠳᠠᠭᠰᠢ | ᠭᠠᠷᠬᠤ ᠪᠠᠷ ᠲᠥᠯᠥᠪᠯᠡᠵᠦ ᠪᠠᠶᠢᠭ᠎ᠠ ᠬᠥᠮᠦᠰ᠂ ᠠᠵᠢᠯᠯᠠᠵᠤ ᠪᠠᠶᠢᠭ᠎ᠠ ᠨᠢᠭᠡᠴᠢ ᠵᠢᠴᠢ ᠪᠠᠶᠢᠭ᠎ᠠ ᠪᠠᠯᠭᠠᠰᠤ ︵ᠠᠯᠪᠠᠨ ᠬᠡᠷ︶ ᠶᠢᠨ ᠵᠥᠪᠰᠢᠶᠡᠷᠡᠯ ᠢᠶᠠᠷ᠂ ᠬᠠᠶᠢᠯᠠᠷ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ 48 ᠴᠠᠭ ᠤᠨ | ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷ ᠤᠨ ᠭᠡᠷᠡᠴᠢ ᠲᠠᠢ ᠪᠣᠯ ᠰᠠᠶ᠋ᠢ ᠭᠠᠳᠠᠭᠰᠢ ᠭᠠᠷᠴᠤ ᠪᠣᠯᠤᠨ᠎ᠠ᠃ ᠬᠡᠷᠪᠡ ᠠᠯᠪᠠᠨ | ᠵᠠᠷᠯᠠᠯ ᠳᠤ ᠲᠣᠭᠲᠠᠭᠠᠭᠰᠠᠨ ᠶᠣᠰᠣᠭᠠᠷ ᠭᠤᠤᠯ ᠬᠤᠲᠠ ᠶᠢᠨ ᠲᠣᠭᠤᠷᠢᠭ ᠢᠶᠠᠷ ᠣᠷᠣᠵᠤ ᠭᠠᠷᠤᠭᠰᠠᠨ ᠥᠬᠡᠶ ᠪᠣᠯ ᠬᠢᠵᠢᠭ ᠰᠡᠷᠭᠡᠶᠢᠯᠡᠬᠦ ᠪᠠᠶᠢᠴᠠᠭᠠᠯᠲᠠ ᠠᠴᠠ | ᠵᠠᠶᠢᠯᠠᠭᠰᠠᠨ ᠢᠶᠠᠷ ᠦᠵᠡᠵᠦ᠂ ᠣᠯᠵᠤ ᠮᠡᠳᠡᠪᠡᠯ᠂ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶ᠎ᠠ ᠣᠷᠣᠨ ᠤ ᠠᠵᠤ ᠠᠬᠤᠶᠢᠯᠠᠯ ᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠶ᠎ᠠ ᠭᠠᠵᠠᠷ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ | ᠬᠤᠪᠢ ᠬᠥᠮᠦᠨ ᠭᠤᠤᠯ ᠬᠤᠲᠠ ᠶᠢᠨ ᠲᠣᠭᠤᠷᠢᠭ ᠲᠤ ᠣᠴᠢᠵᠤ ᠪᠤᠴᠠᠪᠠᠯ᠂ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ | ᠪᠠᠶᠢᠴᠠᠭᠠᠯᠳᠠ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ ᠰᠠᠶ᠋ᠢ ᠨᠡᠪᠲᠡᠷᠡᠵᠦ ᠪᠣᠯᠤᠨ᠎ᠠ︔ ᠠᠵᠢᠯ ᠳᠤ ᠭᠠᠷᠬᠤ ᠲᠡᠷᠭᠡ ᠬᠥᠰᠬᠡ ᠪᠠᠷ ᠠᠵᠢᠯ ᠳᠤ ᠭᠠᠷᠬᠤ ᠬᠥᠮᠦᠰ ᠢ | ᠲᠥᠪᠯᠡᠷᠡᠭᠦᠯᠦᠨ ᠲᠡᠭᠡᠭᠡᠪᠦᠷᠢᠯᠡᠨ ᠬᠦᠷᠭᠡᠬᠦ ᠳᠤ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠣᠭᠲᠠᠭᠰᠠᠨ ᠤ ᠳᠠᠷᠠᠭ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠣᠯᠭᠤᠭᠰᠠᠨ ᠨᠡᠪᠲᠡᠷᠡᠬᠦ ᠦᠨᠡᠮᠯᠡᠯ ᠢᠶᠠᠷ ᠨᠡᠪᠲᠡᠷᠡᠨ᠎ᠡ᠃ | ᠬᠠᠶᠢᠯᠠᠷ ᠤᠨ ᠭᠤᠤᠯ ᠬᠤᠲᠠ ᠶᠢᠨ ᠲᠣᠭᠤᠷᠢᠭ ᠤᠨ ᠭᠠᠳᠠᠨᠠᠬᠢ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠬᠥᠮᠦᠨ ᠭᠤᠤᠯ | ᠬᠤᠲᠠ ᠶᠢᠨ ᠲᠣᠭᠤᠷᠢᠭ ᠲᠤ ᠣᠴᠢᠵᠤ ᠪᠤᠴᠠᠬᠤ ᠴᠢᠬᠤᠯᠠᠲᠠᠶ ᠪᠠᠶᠢᠪᠠᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠶᠢ ᠠᠪᠴᠤ ᠰᠠᠶ᠋ᠢ ᠨᠡᠪᠲᠡᠷᠡᠵᠦ ᠪᠣᠯᠤᠨ᠎ᠠ︔ ᠠᠵᠢᠯ ᠳᠤ ᠶᠠᠪᠤᠬᠤ ᠲᠡᠷᠭᠡ ᠬᠥᠰᠬᠡ ᠪᠠᠷ ᠠᠵᠢᠯ ᠳᠤ ᠶᠠᠪᠤᠬᠤ ᠬᠥᠮᠦᠰ ᠢ ᠲᠥᠪᠯᠡᠷᠡᠭᠦᠯᠦᠨ | ᠲᠡᠭᠡᠭᠡᠪᠦᠷᠢᠯᠡᠨ ᠬᠦᠷᠭᠡᠬᠦ ᠳᠤ᠂ ᠪᠠᠶᠢᠭ᠎ᠠ ᠨᠢᠭᠡᠴᠢ ᠨᠢ ᠵᠢᠩᠬᠢᠨᠢ ᠭᠡᠷᠡᠴᠢᠯᠡᠬᠦ ᠪᠢᠴᠢᠭ ᠮᠠᠲ᠋ᠧᠷᠢᠶᠠᠯ ᠭᠠᠷᠭᠠᠬᠤ ᠶᠢᠨ ᠬᠠᠮᠲᠤ ᠪᠠᠶᠢᠭ᠎ᠠ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠢ ᠭᠠᠷ ᠤᠨ ᠥᠰᠥᠭ ᠵᠢᠷᠤᠵᠤ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠠᠶ᠋ᠢ ᠨᠡᠪᠲᠡᠷᠡᠵᠦ ᠪᠣᠯᠤᠨ᠎ᠠ᠃ | ᠭᠤᠷᠪᠠ᠂ ᠭᠠᠳᠠᠨ᠎ᠠ ᠠᠴᠠ ᠢᠷᠡᠭᠰᠡᠨ ᠪᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠡᠳ᠋ ᠪᠣᠳᠠᠰ ᠤᠨ ᠲᠥᠬᠦᠭᠡᠷᠦᠮᠵᠢ᠂ | ᠠᠮᠢᠳᠤᠷᠠᠯ ᠤᠨ ᠬᠡᠷᠡᠭᠰᠡᠯ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠵᠡᠷᠭᠡ ᠶᠢ ᠲᠡᠭᠡᠭᠡᠪᠦᠷᠢᠯᠡᠨ ᠬᠦᠷᠭᠡᠬᠦ ᠳᠤ ᠦᠨᠡᠨ ᠬᠦ ᠬᠠᠶᠢᠯᠠᠷ | ᠲᠣᠭᠤᠷᠢᠭ ᠲᠤ ᠣᠷᠣᠬᠤ ᠴᠢᠬᠤᠯᠠᠲᠠᠶ ᠪᠠᠷᠠᠭᠠᠨ ᠤ ᠲᠡᠷᠭᠡ ᠬᠥᠰᠬᠡ ᠵᠠᠰᠠᠮᠠᠯ ᠵᠠᠮ ᠤᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠠᠴᠠ ᠺᠣᠳ᠋ ᠰᠢᠯᠭᠠᠨ᠂ | ᠪᠡᠶ᠎ᠡ ᠶᠢᠨ ᠬᠠᠯᠠᠭᠤᠨ ᠢ ᠬᠡᠮᠵᠢᠭᠰᠡᠨ ᠤ ᠳᠠᠷᠠᠭ᠎ᠠ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠠᠷ | ᠨᠡᠪᠲᠡᠷᠡᠨ᠎ᠡ᠃ ᠭᠤᠤᠯ ᠬᠤᠲᠠ ᠳᠤ ᠣᠷᠣᠭᠰᠠᠨ ᠤ ᠳᠠᠷᠠᠭ᠎ᠠ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠷᠠᠭ᠎ᠠ ᠲᠡᠭᠡᠭᠡᠵᠦ | ᠪᠠᠭᠤᠯᠭᠠᠭᠰᠠᠨ ᠤ ᠳᠠᠷᠠᠭ᠎ᠠ ᠳᠠᠷᠤᠶ ᠲᠦᠷᠭᠡᠨ ᠬᠤᠲᠠ ᠶᠢᠨ ᠲᠣᠭᠤᠷᠢᠭ ᠠᠴᠠ ᠰᠠᠯᠵᠤ᠂ ᠰᠠᠭᠠᠲᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠳᠠᠨ᠎ᠠ ᠠᠴᠠ ᠢᠷᠡᠭᠰᠡᠨ ᠪᠠᠷᠠᠭ᠎ᠠ ᠶᠢᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠤᠯᠠᠮ ᠴᠢᠨᠠᠭᠰᠢᠳᠠ | ᠴᠢᠩᠭᠠᠳᠬᠠᠵᠤ᠂ ᠰᠢᠯᠭᠠᠨ ᠪᠠᠶᠢᠴᠠᠭᠠᠬᠤ ᠤᠳᠠᠭ᠎ᠠ ᠳᠠᠷᠠᠭ᠎ᠠ ᠶᠢ ᠨᠢᠭᠲᠠ ᠪᠣᠯᠭᠠᠨ᠂ ᠪᠠᠷᠠᠭ᠎ᠠ ᠪᠠᠷ ᠳᠠᠮᠵᠢᠨ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠶᠢ | ᠴᠢᠩᠭ᠎ᠠ ᠰᠡᠷᠭᠡᠶᠢᠯᠡᠨ᠎ᠡ᠃ | ᠳᠥᠷᠪᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠤᠨ ᠡᠵᠡᠮᠳᠡᠨ᠎ᠡ᠃ ᠪᠤᠢ ᠪᠦᠬᠦᠢ ᠢᠳᠡᠭᠡᠨ ᠤᠮᠳᠠᠭᠠᠨ ᠤ ᠭᠠᠵᠠᠷ ᠬᠤᠭᠤᠯᠠᠨ ᠭᠡᠷ | ᠬᠤᠭᠤᠯᠠ ᠬᠠᠩᠭᠠᠵᠤ ᠪᠣᠯᠬᠤ ᠦᠭᠡᠢ᠂ ᠵᠥᠪᠬᠡᠨ ᠬᠦᠷᠭᠡᠳᠡᠭ᠂ ᠲᠦᠷᠭᠡᠨ ᠬᠤᠭᠤᠯᠠ ᠶᠢᠨ ᠠᠵᠢᠯ ᠬᠠᠩᠭᠠᠵᠤ ᠪᠣᠯᠤᠨ᠎ᠠ᠃ ᠪᠤᠢ ᠪᠦᠬᠦᠢ ᠬᠤᠪᠢ ᠶᠢᠨ | ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ᠂ ᠬᠤᠪᠢ ᠶᠢᠨ ᠡᠮᠴᠢᠯᠡᠭᠡᠨ ᠤ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠡᠷᠡᠭᠦᠯ ᠮᠡᠨᠳᠦ ᠶᠢᠨ ᠲᠠᠶᠢᠯᠤᠮᠵᠢ | ᠂ ᠬᠤᠷᠠᠯ ᠤᠨ ᠪᠣᠯᠪᠠᠰᠤᠷᠠᠭᠤᠯᠤᠯ᠂ ᠴᠤᠭᠯᠠᠭᠠᠨ ᠦᠵᠡᠰᠬᠦᠯᠡᠩ ᠪᠠᠶᠠᠷ ᠤᠨ ᠶᠣᠰᠣᠯᠠᠯ᠂ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠭ᠎ᠠ᠂ ᠱᠠᠰᠢᠨ | ᠰᠤᠷᠲᠠᠬᠤᠨ ᠤ ᠠᠵᠢᠯᠯᠠᠭ᠎ᠠ ᠵᠡᠷᠭᠡ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠴᠢᠩᠭ᠎ᠠ ᠴᠠᠭᠠᠵᠠᠯᠠᠨ᠎ᠠ᠃ | ᠲᠠᠪᠤ᠂ ᠰᠤᠷᠭᠠᠭᠤᠯᠢ ᠶᠢᠨ ᠬᠦᠷᠢᠶᠡᠨ ᠳᠤ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠎ᠡ᠃ ᠬᠠᠶᠢᠯᠠᠷ ᠲᠣᠭᠤᠷᠢᠭ ᠤᠨ ᠡᠯ᠎ᠡ | ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠦᠬᠦᠨ ᠢᠶᠠᠷ ᠢᠶᠠᠨ ᠬᠢᠴᠢᠶᠡᠯ ᠵᠣᠭᠰᠣᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ | ᠨᠢᠭᠡᠳᠦᠯᠲᠡᠶ ᠲᠥᠯᠥᠪᠯᠡᠨ ᠲᠣᠬᠢᠷᠠᠭᠤᠯᠪᠠ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠠᠵᠢᠯᠲᠠᠨ ᠠᠵᠢᠯᠴᠢᠨ᠂ ᠰᠣᠷᠣᠭᠴᠢ ᠵᠢᠴᠢ ᠬᠠᠮᠲᠤ ᠰᠠᠭᠤᠵᠤ ᠪᠠᠶᠢᠭ᠎ᠠ ᠬᠡᠷ | ᠪᠦᠯᠢ ᠶᠢᠨ ᠬᠢᠨ ᠢ ᠨᠠᠷᠢᠨ ᠵᠢᠭᠰᠠᠭᠠᠨ ᠪᠠᠶᠢᠴᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ ᠪᠤᠶᠤ ᠬᠡᠷ ᠲᠡᠭᠡᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ | ᠰᠤᠷᠤᠭᠴᠢᠳ ᠲᠤ᠂ ᠡᠯ᠎ᠡ ᠰᠤᠷᠭᠠᠭᠤᠯᠢ ᠠᠴᠠ ᠰᠦᠯᠵᠢᠶᠡᠨ ᠳᠡᠭᠡᠷ᠎ᠡ ᠵᠢᠭᠠᠨ ᠰᠤᠷᠭᠠᠯᠲᠠ ᠬᠢᠬᠦ ᠶᠢ ᠨᠢᠭᠡᠳᠦᠯᠲᠡᠶ ᠲᠦᠯᠦᠪᠯᠡᠨ ᠲᠤᠬᠢᠷᠠᠭᠤᠯᠤᠨ᠎ᠠ᠃ | ᠵᠢᠷᠭᠤᠭ᠎ᠠ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠬᠠᠷᠢᠶ᠎ᠠ ᠭᠠᠵᠠᠷ ᠤᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠎ᠠ | ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠴᠢᠩᠭ᠎ᠠ ᠰᠡᠷᠭᠡᠶᠢᠯᠡᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠲᠦᠷᠭᠡᠨ ᠪᠥᠭᠡᠳ ᠯᠠᠪᠳᠠᠭᠤᠨ ᠪᠠᠲᠤᠳᠠᠢ ᠰᠢᠢᠳᠪᠦᠷᠢᠯᠡᠨ᠎ᠡ᠃ ᠢᠯᠠᠩᠭᠤᠶ᠎ᠠ ᠬᠢᠵᠢᠭ ᠤᠨ | ᠪᠠᠶᠢᠳᠠᠯ ᠢ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠲᠦᠷᠬᠢᠬᠦᠯᠦᠨ ᠥᠰᠬᠡᠬᠦ᠂ ᠴᠤᠤᠷᠬᠠᠯ ᠲᠠᠯᠪᠢᠨ ᠬᠡᠷᠡᠭ ᠥᠳᠥᠭᠡᠬᠦ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠵᠥᠷᠢᠴᠡᠭᠰᠡᠨ ᠬᠥᠮᠦᠰ ᠢ ᠴᠢᠩᠭ᠎ᠠ ᠪᠥᠭᠡᠳ ᠲᠦᠷᠭᠡᠨ ᠰᠢᠢᠳᠪᠦᠷᠢᠯᠡᠬᠦ ᠶᠢᠨ ᠬᠠᠮᠲᠤ ᠨᠡᠶᠢᠭᠡᠮ | ᠨᠡᠶᠢᠲᠡ ᠳᠤ ᠮᠡᠳᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠨ᠎ᠠ᠃ | ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠣᠰ ᠠᠯᠪᠠᠨ ᠵᠠᠷᠯᠠᠯ ᠤᠨ ᠱᠠᠭᠠᠷᠳᠠᠯᠭ᠎ᠠ ᠠᠴᠠ ᠵᠥᠷᠢᠴᠡᠨ ᠬᠢᠵᠢᠭ | ᠬᠠᠯᠳᠠᠪᠤᠷᠢᠯᠠᠨ ᠣᠷᠣᠵᠤ ᠢᠷᠡᠭᠰᠡᠨ ᠪᠠ ᠨᠢᠭᠤᠨ ᠲᠠᠷᠬᠠᠭᠰᠠᠨ ᠪᠠᠶᠢᠪᠠᠯ᠂ ᠬᠤᠯᠪᠣᠭᠳᠠᠯ ᠪᠥᠬᠦᠶ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ | ᠶᠣᠰᠣᠭᠠᠷ ᠴᠢᠩᠭ᠎ᠠ ᠨᠡᠬᠡᠮᠵᠢᠯᠡᠨ᠎ᠡ᠃ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ 2021 ᠣᠨ ᠤ 12 ᠰᠠᠷ᠎ᠠ ᠶᠢᠨ 1 ᠤ ᠡᠳᠦᠷ |