ᠠᠷᠪᠠᠨ ᠬᠤᠶᠠᠳᠤᠭᠠᠷ ᠰᠠᠷ᠎ᠠ ᠶᠢᠨ ᠨᠢᠭᠡᠨ ᠤ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠮᠠᠨᠵᠤᠤᠷ ᠬᠤᠲᠠ ᠶᠢᠨ ᠬᠤᠷᠠᠯᠳᠤᠭᠤᠯᠤᠭᠰᠠᠨ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠳᠤᠭᠠᠷ ᠤᠳᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ | ᠤᠶᠢᠯᠠᠭᠠᠭᠰᠠᠨ ᠢᠶᠠᠷ᠂ ᠠᠷᠪᠠᠨ ᠨᠢᠭᠡᠳᠦᠭᠡᠷ ᠰᠠᠷ᠎ᠠ ᠶᠢᠨ ᠬᠤᠷᠢ ᠶᠢᠰᠦᠨ ᠳᠤ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠨ ᠡᠵᠡᠮᠳᠡᠬᠦ | ᠲᠤᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠦᠪᠤᠷ ᠮᠤᠩᠭᠤᠯ ᠳᠤ ᠠᠵᠢᠯ ᠵᠢᠯᠤᠭᠤᠳᠬᠤ ᠳᠤᠭᠤᠶᠢᠯᠠᠩ ᠤᠨ ᠠᠷᠪᠠᠨ ᠵᠢᠷᠭᠤᠭᠠᠨ ᠬᠦᠮᠦᠨ ᠮᠠᠨᠵᠤᠤᠷ | ᠬᠤᠲᠠ ᠳᠤ ᠬᠦᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠤᠪᠠ᠃ ᠤᠯᠤᠰ ᠤᠨ ᠲᠤᠲᠤᠭᠠᠳᠤ ᠶᠢᠨ ᠡᠯ᠎ᠡ ᠭᠠᠵᠠᠷ ᠤᠨ ᠲᠤᠰᠠᠯᠠᠨ | ᠳᠡᠮᠵᠢᠬᠦ ᠪᠦᠯᠬᠦᠮ ᠮᠠᠨᠵᠤᠤᠷ ᠬᠤᠲᠠ ᠳᠤ ᠢᠷᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠨ ᠳᠡᠮᠵᠢᠵᠦ ᠪᠠᠶᠢᠨ᠎ᠠ᠃ | ᠡᠮᠨᠡᠯᠭᠡ ᠶᠢᠨ ᠠᠪᠤᠷᠠᠨ ᠲᠤᠰᠠᠯᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠡᠮᠨᠡᠯᠭᠡ ᠶᠢᠨ ᠠᠪᠤᠷᠠᠨ ᠲᠤᠰᠠᠯᠠᠬᠤ | ᠲᠤᠰᠬᠠᠢ ᠠᠩᠭᠢ ᠵᠤᠬᠢᠶᠠᠨ ᠪᠠᠶᠢᠭᠤᠯᠵᠦ᠂ ᠦᠨᠳᠦᠷ ᠬᠢᠷᠢ ᠲᠦᠪᠰᠢᠨ ᠲᠠᠢ ᠡᠮᠨᠡᠯᠭᠡ ᠶᠢᠨ ᠠᠪᠤᠷᠠᠨ ᠲᠤᠰᠠᠯᠠᠬᠤ ᠪᠦᠯᠬᠦᠮ ᠢ ᠵᠤᠬᠢᠶᠠᠨ ᠪᠠᠶᠢᠭᠤᠯᠤᠨ ᠮᠠᠨᠵᠤᠤᠷ | ᠬᠤᠲᠠ ᠶᠢ ᠳᠡᠮᠵᠢᠨ ᠲᠤᠰᠠᠯᠠᠵᠦ ᠪᠠᠶᠢᠨ᠎ᠠ᠃ ᠠᠷᠪᠠᠨ ᠬᠤᠶᠠᠳᠤᠭᠠᠷ ᠰᠠᠷ᠎ᠠ ᠶᠢᠨ ᠨᠢᠭᠡᠨ ᠤ ᠠᠷᠪᠠᠨ ᠬᠤᠶᠠᠷ ᠴᠠᠭ ᠪᠤᠯᠲᠠᠯ᠎ᠠ᠂ ᠤᠯᠠᠭᠠᠨᠴᠠᠪ᠂ ᠤᠯᠠᠭᠠᠨᠬᠠᠳᠠ᠂ | ᠲᠦᠩᠯᠢᠶᠤᠤ ᠵᠡᠷᠭᠡ ᠭᠠᠵᠠᠷ ᠲᠠᠪᠤᠨ ᠰᠠᠯᠠᠭ᠎ᠠ ᠵᠠᠭᠤ ᠳᠦᠴᠢᠨ ᠲᠠᠪᠤᠨ ᠬᠦᠮᠦᠨ ᠤ ᠡᠮᠨᠡᠯᠭᠡ ᠶᠢᠨ ᠠᠩᠭᠢ ᠲᠤᠮᠢᠯᠠᠪᠠ᠃ | ᠪᠦᠬᠡᠮ ᠬᠦᠴᠢᠯ ᠤᠨ ᠪᠠᠶᠢᠴᠠᠭᠠᠯᠲᠠ ᠶᠢᠨ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠠᠴᠠ ᠨᠢᠭᠡ ᠰᠠᠤᠷᠢ ᠪᠠᠶᠢᠴᠠᠭᠠᠯᠲᠠ ᠶᠢᠨ ᠮᠠᠰᠢᠨ᠂ ᠨᠢᠭᠡ ᠰᠠᠤᠷᠢ | ᠰᠢᠯᠵᠢᠮᠡᠯ ᠪᠠᠶᠢᠴᠠᠭᠠᠯᠲᠠ ᠶᠢᠨ ᠮᠠᠰᠢᠨ ᠵᠢᠴᠢ ᠭᠤᠴᠢᠨ ᠨᠠᠢᠮᠡᠨ ᠬᠦᠮᠦᠨ ᠢᠶᠠᠷ ᠪᠦᠷᠢᠯᠳᠦᠭᠰᠡᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠩᠭᠢ ᠲᠤᠮᠢᠯᠠᠨ ᠮᠠᠨᠵᠤᠤᠷ | ᠬᠤᠲᠠ ᠶᠢᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠳᠡᠮᠵᠢᠵᠦ ᠪᠠᠶᠢᠨ᠎ᠠ᠃ ᠬᠦᠯᠦᠨ ᠪᠤᠶᠢᠷ ᠬᠤᠲᠠ ᠬᠤᠷᠢᠨ ᠳᠤᠯᠤᠭᠠᠨ ᠬᠦᠮᠦᠨ ᠤ ᠪᠦᠬᠡᠮ | ᠬᠦᠴᠢᠯ ᠤᠨ ᠪᠠᠶᠢᠴᠠᠭᠠᠯᠲᠠ ᠶᠢᠨ ᠠᠩᠭᠢ ᠲᠤᠮᠢᠯᠠᠪᠠ᠃ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠠᠴᠠ ᠵᠤᠬᠢᠴᠠᠭᠤᠯᠤᠭᠰᠠᠨ ᠬᠠᠮᠢᠶᠠᠲᠠᠢ | ᠲᠤᠨᠤᠭ ᠲᠦᠭᠦᠭᠡᠷᠦᠮᠵᠢ ᠪᠤᠯᠤᠨ ᠮᠡᠷᠭᠡᠵᠢᠯᠳᠡᠨ ᠨᠢᠭᠡᠨᠲᠡ ᠮᠠᠨᠵᠤᠤᠷ ᠬᠤᠲᠠ ᠳᠤ ᠬᠦᠷᠪᠡ᠃ | ᠬᠠᠯᠳᠠᠪᠤᠷᠢᠲᠤ ᠡᠪᠡᠳᠴᠢᠨ ᠤ ᠢᠷᠡᠯᠲᠡ ᠶᠢ ᠪᠠᠶᠢᠴᠠᠭᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠵᠦᠪᠯᠡᠯ ᠠᠴᠠ | ᠦᠪᠡᠷᠲᠡᠭᠡᠨ ᠵᠠᠰᠠᠬᠤ ᠤᠷᠤᠨ᠂ ᠲᠦᠩᠯᠢᠶᠤᠤ ᠬᠤᠲᠠ᠂ ᠬᠢᠩᠭᠠᠨ ᠠᠶᠢᠮᠠᠭ᠂ ᠬᠦᠯᠦᠨ ᠪᠤᠶᠢᠷ ᠬᠤᠲᠠ ᠵᠡᠷᠭᠡ ᠭᠠᠵᠠᠷ ᠤᠨ ᠬᠠᠯᠳᠠᠪᠤᠷᠢᠲᠤ ᠡᠪᠡᠳᠴᠢᠨ ᠤ | ᠢᠷᠡᠯᠲᠡ ᠶᠢ ᠪᠠᠶᠢᠴᠠᠭᠠᠬᠤ ᠡᠩᠨᠡᠭᠡ ᠶᠢ ᠵᠤᠬᠢᠶᠠᠨ ᠪᠠᠶᠢᠭᠤᠯᠤᠨ ᠮᠠᠨᠵᠤᠤᠷ ᠬᠤᠲᠠ ᠶᠢ ᠳᠡᠮᠵᠢᠵᠦ᠂ ᠨᠡᠶᠢᠲᠡ ᠳᠦᠷᠪᠡᠨ ᠡᠩᠨᠡᠭᠡ ᠵᠠᠭᠤ ᠵᠢᠷᠠ ᠭᠠᠷᠤᠢ ᠬᠦᠮᠦᠨ | ᠲᠤᠰᠠᠯᠠᠨ ᠳᠡᠮᠵᠢᠵᠦ ᠪᠠᠶᠢᠨ᠎ᠠ᠃ | ᠨᠡᠶᠢᠭᠡᠮ ᠢ ᠬᠠᠮᠢᠶᠠᠷᠤᠨ ᠡᠵᠡᠮᠳᠡᠬᠦ ᠲᠠᠯ᠎ᠠ ᠪᠠᠷ᠂ ᠬᠦᠯᠦᠨ ᠪᠤᠶᠢᠷ ᠬᠤᠲᠠ ᠶᠢᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠡ ᠪᠤᠯᠤᠨ ᠡᠯ᠎ᠡ ᠬᠤᠰᠢᠭᠤ ᠬᠤᠲᠠ | ᠲᠤᠭᠤᠷᠢᠭ ᠤᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠡ ᠨᠠᠢᠮᠡᠨ ᠵᠠᠭᠤ ᠨᠠᠶᠠ ᠶᠢᠰᠦᠨ ᠴᠠᠭᠳᠠᠭ᠎ᠠ ᠶᠢ ᠮᠠᠨᠵᠤᠤᠷ ᠬᠤᠲᠠ ᠳᠤ ᠲᠤᠮᠢᠯᠠᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠨ ᠳᠡᠮᠵᠢᠵᠦ ᠪᠠᠶᠢᠨ᠎ᠠ᠃ | ᠡᠳ᠋ ᠪᠤᠳᠠᠰ ᠲᠤᠰᠠᠯᠠᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠠᠴᠠ ᠠᠷᠪᠠᠨ ᠭᠤᠷᠪᠠᠨ ᠰᠠᠤᠷᠢ ᠰᠦᠷᠬᠡᠦ ᠳᠠᠷᠤᠯᠲᠠ ᠶᠢᠨ ᠲᠦᠷᠭᠡᠨ | ᠲᠤᠰᠠᠯᠠᠮᠵᠢ ᠶᠢᠨ ᠲᠡᠷᠭᠡ ᠲᠤᠮᠢᠯᠠᠵᠦ᠂ ᠠᠯᠠᠱᠠ ᠠᠶᠢᠮᠠᠭ᠂ ᠡᠷᠢᠶᠡᠨ ᠬᠤᠲᠠ ᠵᠡᠷᠭᠡ ᠭᠠᠵᠠᠷ ᠤᠨ ᠵᠠᠰᠠᠭ ᠤᠨ ᠤᠷᠳᠤᠨ ᠪᠤᠯᠤᠨ ᠬᠠᠮᠢᠶᠠᠲᠠᠢ ᠠᠵᠦ ᠠᠬᠤᠶᠢᠯᠠᠯ ᠠᠵᠢᠯ | ᠦᠢᠯᠡᠰ ᠤᠨ ᠨᠢᠭᠡᠴᠡ ᠵᠤᠭᠤᠰ ᠮᠦᠩᠭᠦ ᠡᠳ᠋ ᠪᠤᠳᠠᠰ ᠬᠠᠨᠳᠢᠪᠯᠠᠵᠦ᠂ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠤᠰᠠᠯᠠᠨ ᠳᠡᠮᠵᠢᠵᠦ | ᠪᠠᠶᠢᠨ᠎ᠠ᠃ | ᠤᠯᠤᠰ ᠤᠨ ᠲᠤᠲᠤᠭᠠᠳᠤ ᠶᠢᠨ ᠡᠯ᠎ᠡ ᠭᠠᠵᠠᠷ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠭᠰᠠᠨ ᠪᠠᠶᠢᠳᠠᠯ ᠢ ᠮᠠᠨᠵᠤᠤᠷ ᠬᠤᠲᠠ ᠶᠢᠨ ᠬᠠᠮᠢᠶᠠᠲᠠᠢ | ᠰᠠᠯᠠᠭ᠎ᠠ ᠮᠦᠴᠢᠷ ᠳᠦᠷᠢᠮ ᠲᠤᠭᠲᠠᠭᠠᠯ ᠢ ᠦᠨᠳᠦᠰᠦᠯᠡᠨ ᠨᠡᠶᠢᠭᠡᠮ ᠳᠤ ᠢᠯᠡ ᠪᠠᠷ ᠨᠡᠶᠢᠳᠡᠯᠡᠬᠦ ᠪᠤᠯᠤᠨ᠎ᠠ᠃ |