ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠥ᠂ ᠮᠡᠳᠡᠭᠡ ᠵᠠᠩᠬᠢ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ | ᠠᠯᠬᠤᠮ ᠰᠢᠯᠤᠭᠤᠳᠬᠠᠵᠥ᠂ ᠣᠯᠠᠨ ᠲᠥᠮᠡᠨ ᠤ ᠵᠥᠪᠯᠡᠯᠭᠡ ᠠᠪᠬᠤ᠂ ᠲᠤᠰᠠᠯᠠᠮᠵᠢ ᠭᠤᠶᠤᠴᠢᠯᠠᠬᠤ ᠪᠠ ᠠᠰᠠᠭᠤᠳᠠᠯ ᠢ ᠲᠤᠰᠬᠠᠬᠤ ᠳᠤ ᠬᠠᠮᠤᠭ ᠤᠨ ᠶᠡᠭᠡ | ᠬᠡᠮᠵᠢᠶ᠎ᠡ ᠪᠠᠷ ᠲᠥᠭᠦᠮ ᠥᠵᠡᠭᠦᠯᠵᠥ᠂ ᠨᠡᠶᠢᠭᠡᠮ ᠤᠨ ᠠᠩᠬᠠᠷᠤᠯ ᠲᠠᠯᠪᠢᠵᠥ ᠪᠠᠶᠢᠭ᠎ᠠ ᠪᠤᠳᠠᠲᠠᠢ ᠬᠥᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ | ᠥᠭᠬᠦ ᠶᠢᠨ ᠲᠥᠯᠥᠭᠡ᠂ ᠬᠥᠯᠥᠨ ᠪᠤᠶᠢᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠢᠯᠡᠴᠢᠯᠡᠭᠡᠨ ᠤ ᠬᠠᠯᠠᠮᠰᠢᠯ ᠤᠳᠠᠰᠤ ᠶᠢ ᠨᠡᠪᠲᠡᠷᠡᠭᠦᠯᠪᠡ᠃ | ᠥᠢᠯᠡᠴᠢᠯᠡᠭᠡᠨ ᠤ ᠬᠠᠯᠠᠮᠰᠢᠯ ᠤᠳᠠᠰᠤ ᠨᠢ ᠠᠷᠠᠳ ᠤᠯᠠᠨ ᠤ ᠠᠮᠢ ᠨᠠᠰᠤᠨ ᠤ ᠠᠮᠤᠷ ᠲᠥᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠥ ᠶᠢ ᠪᠠᠳᠤᠯᠠᠬᠤ ᠶᠢ | ᠲᠡᠷᠢᠭᠦᠨ ᠪᠠᠶᠢᠷᠢᠨ ᠳᠤ ᠲᠠᠯᠪᠢᠵᠥ᠂ ᠨᠡᠶᠢᠭᠡᠮ ᠳᠤ ᠥᠢᠯᠡᠴᠢᠯᠡᠬᠦ᠂ ᠠᠷᠠᠳ ᠤᠨ ᠰᠠᠨᠠᠭ᠎ᠠ ᠶᠢ ᠰᠤᠨᠤᠰᠴᠥ ᠬᠠᠷᠢᠭᠤᠴᠠᠯᠭ᠎ᠠ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ | ᠡᠭᠦᠷᠭᠡᠯᠡᠵᠥ᠂ ᠠᠷᠠᠳ ᠣᠯᠠᠨ ᠤ ᠬᠠᠷᠢᠭᠤ ᠲᠤᠰᠬᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠰᠢᠯᠵᠢᠭᠦᠯᠥᠨ ᠭᠥᠢᠴᠡᠳᠭᠡᠵᠥ᠂ ᠨᠡᠶᠢᠭᠡᠮ ᠤᠨ | ᠲᠡᠮᠵᠢᠯᠭᠡ ᠶᠢᠨ ᠡᠬᠢ ᠪᠠᠶᠠᠯᠢᠭ ᠢ ᠡᠷᠢᠬᠦ ᠪᠠ ᠠᠰᠢᠭᠯᠠᠵᠥ᠂ ᠣᠯᠠᠨ ᠲᠥᠮᠡᠨ ᠢ ᠬᠠᠪᠰᠤᠷᠤᠨ ᠬᠢᠵᠢᠭ ᠤᠨ ᠪᠠᠶᠢᠳᠠᠯ ᠠᠴᠠ ᠪᠤᠯᠤᠭᠰᠠᠨ ᠰᠡᠳᠬᠢᠴᠡ ᠶᠢᠨ ᠠᠰᠠᠭᠤᠳᠠᠯ | ᠪᠠ ᠠᠮᠢᠳᠤᠷᠠᠯ ᠤᠨ ᠬᠥᠴᠢᠷᠳᠡᠯ ᠢ ᠨᠢ ᠤᠷᠢᠳᠴᠢᠯᠠᠨ ᠰᠡᠷᠭᠡᠶᠢᠯᠡᠬᠦ ᠪᠠ ᠬᠥᠩᠭᠡᠷᠡᠭᠦᠯᠬᠦ ᠪᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠡᠷᠪᠡ ᠬᠠᠮᠢᠶ᠎ᠠ ᠪᠥᠬᠦᠢ ᠬᠥᠴᠢᠷᠳᠡᠯ ᠪᠠ ᠬᠥᠰᠡᠯ ᠱᠠᠭᠠᠷᠳᠠᠯᠭ᠎ᠠ ᠲᠠᠢ ᠪᠤᠯ | ᠥᠢᠯᠡᠴᠢᠯᠡᠭᠡᠨ ᠤ ᠬᠠᠯᠠᠮᠰᠢᠯ ᠤᠳᠠᠰᠤ ᠶᠢ ᠵᠠᠯᠭᠠᠵᠥ ᠪᠢᠳᠡᠨ ᠲᠠᠢ ᠬᠠᠷᠢᠴᠠᠭᠠᠷᠠᠢ᠃ ᠪᠢᠳᠡ ᠲᠤᠰᠬᠠᠢ ᠬᠥᠮᠥᠨ ᠲᠤᠬᠢᠷᠠᠭᠤᠯᠵᠥ ᠲᠤᠰᠬᠠᠭᠰᠠᠨ ᠠᠰᠠᠭᠤᠳᠠᠯ ᠢ | ᠲᠡᠮᠳᠡᠭᠯᠡᠵᠥ᠂ ᠲᠠᠷᠤᠢ ᠲᠤᠤᠷ᠎ᠠ ᠪᠠᠨ ᠬᠠᠷᠢᠭᠤ ᠥᠭᠭᠦᠨ᠎ᠡ᠃ ᠭᠡᠬᠦ ᠳᠡᠭᠡᠨ ᠬᠠᠯᠠᠮᠰᠢᠯ ᠤᠳᠠᠰᠤ 24 ᠴᠠᠭ ᠲᠤ ᠪᠥᠷ ᠨᠡᠪᠲᠡᠷᠡᠵᠥ ᠥᠢᠯᠡᠴᠢᠯᠡᠭᠡ ᠬᠠᠩᠭᠠᠨ᠎ᠠ᠃ | ᠲᠤᠤᠷ᠎ᠠ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠥᠢᠯᠡᠴᠢᠯᠡᠭᠡᠨ ᠤ ᠬᠠᠯᠠᠮᠰᠢᠯ ᠤᠳᠠᠰᠤ ᠶᠢ ᠨᠡᠶᠢᠲᠡᠯᠡᠶ᠎ᠠ᠄ | 19847294035 19847294036 | 19847294037 19847294039 | 19847294043 19847294045 | 19847294046 19847294047 | 19847294048 19847294049 | | ᠥᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ | ᠮᠠᠨᠵᠤᠤᠷ ᠬᠤᠳᠠ ᠳᠤ ᠰᠠᠭᠤᠭ᠎ᠠ ᠲᠤᠬᠠᠢ ᠶᠢᠨ ᠲᠠᠯᠠᠪᠠᠢ ᠳᠤ ᠰᠢᠢᠳᠪᠤᠷᠢᠯᠡᠬᠦ ᠠᠵᠢᠯ ᠤᠨ ᠲᠤᠰᠬᠠᠢ ᠠᠩᠬᠢ | 2021 ᠣᠨ ᠤ 12 ᠰᠠᠷ᠎ᠠ ᠶᠢᠨ 7 ᠤ ᠡᠳᠤᠷ |