12 ᠳ᠋ᠤᠭᠠᠷ ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠸᠠᠩ ᠯᠢ ᠰᠢᠶᠠ᠂ ᠬᠠᠶᠢᠯᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠨᠠᠷᠢᠨ ᠬᠢᠨᠠᠮᠠᠭᠠᠢ | ᠬᠠᠨᠳᠤᠵᠤ᠂ ᠴᠢᠩᠭ᠎ᠠ ᠬᠠᠮᠢᠶᠠᠷᠤᠨ ᠡᠵᠡᠮᠳᠡᠵᠦ᠂ ᠰᠠᠶᠢᠳᠤᠷ ᠬᠠᠯᠠᠮᠵᠢᠯᠠᠨ ᠬᠠᠶᠢᠷᠠᠯᠠᠵᠤ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠠᠶᠢᠯᠠᠯᠳᠤᠭᠠᠨ ᠤ ᠢᠯᠠᠯᠳᠡ ᠶᠢ ᠵᠠᠪᠠᠯ ᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠤᠨᠤᠰᠢᠯᠠᠭᠰᠠᠨ ᠡᠪᠡᠳᠴᠢᠳᠡᠨ ᠢ ᠬᠦᠯᠢᠶᠡᠨ ᠠᠪᠴᠤ᠂ ᠡᠮᠨᠡᠨ | ᠵᠠᠰᠠᠵᠤ ᠪᠤᠢ᠃ ᠸᠠᠩ ᠯᠢ ᠰᠢᠶᠠ ᠡᠮᠨᠡᠯᠭᠡ ᠶᠢᠨ ᠬᠤᠷᠢᠶ᠎ᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠡᠨ ᠢ ᠠᠪᠤᠷᠠᠨ ᠵᠠᠰᠠᠬᠤ | ᠠᠵᠢᠯ ᠤᠨ ᠪᠠᠶᠢᠳᠠᠯ ᠢ ᠨᠠᠷᠢᠨ ᠤᠶᠢᠯᠠᠭᠠᠵᠤ᠂ ᠸᠢᠳᠢᠤ᠋ ᠪᠠᠷ ᠵᠠᠭᠤᠨ ᠨᠠᠰᠤᠳᠠᠢ ᠤᠨᠤᠰᠢᠯᠠᠭᠳᠠᠭᠰᠠᠨ ᠨᠠᠰᠤᠳᠠᠠ ᠢ ᠪᠤᠯᠭᠤᠭᠠᠨ ᠲᠤᠬᠤᠨᠢᠭᠤᠯᠵᠤ᠂ ᠨᠠᠰᠤᠳᠠᠨ ᠢ ᠰᠠᠨᠠᠭ᠎ᠠ | ᠠᠮᠤᠷ ᠡᠮᠨᠡᠭᠦᠯᠦᠨ ᠵᠠᠰᠠᠭᠤᠯᠵᠤ᠂ ᠪᠡᠶ᠎ᠡ ᠪᠠᠨ ᠭᠠᠮᠨᠠᠭᠠᠷᠠᠢ ᠭᠡᠵᠦ ᠵᠤᠷᠢᠭᠵᠢᠭᠤᠯᠵᠤ᠂ ᠠᠵᠢᠯᠳᠠᠨ ᠢ ᠨᠠᠷᠢᠨ ᠨᠢᠮᠪᠡᠢ ᠡᠮᠨᠡᠨ ᠵᠠᠰᠠᠵᠤ᠂ ᠨᠠᠷᠢᠨ ᠨᠢᠮᠪᠡᠢ ᠬᠠᠷᠠᠭᠠᠯᠵᠠᠬᠤ | ᠬᠡᠷᠡᠭᠳᠡᠢ ᠭᠡᠵᠦ ᠱᠠᠭᠠᠷᠳᠠᠪᠠ᠃ ᠵᠢᠷᠭᠢᠶ᠎ᠡ ᠶᠢᠨ ᠸᠢᠳᠢᠤ᠋ ᠪᠠᠷ ᠰᠠᠶ᠋ᠢ ᠲᠦᠷᠦᠭᠰᠡᠨ ᠨᠢᠯᠬ᠎ᠠ ᠬᠡᠦᠬᠡᠳ ᠢ ᠬᠠᠷᠠᠭᠠᠯᠵᠠᠵᠤ ᠪᠠᠶᠢᠭ᠎ᠠ ᠡᠮᠴᠢ ᠰᠤᠪᠢᠯᠠᠭᠴᠢ ᠲᠠᠢ ᠬᠤᠯᠪᠤᠭ᠎ᠠ | ᠠᠪᠴᠤ᠂ ᠠᠵᠢᠯᠳᠠᠨ ᠢ ᠡᠵᠢ ᠬᠦᠮᠦᠨ ᠰᠢᠭ ᠬᠡᠦᠬᠡᠳ ᠢ ᠨᠠᠷᠢᠨ ᠨᠢᠮᠪᠠᠢ ᠬᠠᠯᠠᠮᠵᠢᠯᠠᠵᠤ᠂ ᠬᠡᠦᠬᠡᠳ ᠢ ᠡᠷᠡᠭᠦᠯ ᠢᠶᠠᠷ ᠦᠰᠦᠨ ᠪᠤᠶᠢᠵᠢᠭᠤᠯᠬᠤ ᠬᠡᠷᠡᠭᠳᠡᠢ ᠭᠡᠵᠦ | ᠱᠠᠭᠠᠷᠳᠠᠪᠠ᠃ | ᠸᠠᠩ ᠯᠢ ᠰᠢᠶᠠ ᠤᠳᠠᠰᠤ ᠪᠠᠷ ᠠᠷᠠᠳ ᠤᠨ ᠴᠠᠭᠳᠠᠭ᠎ᠠ᠂ ᠨᠡᠶᠢᠭᠡᠮ ᠲᠤᠭᠤᠷᠢᠭ ᠤᠨ ᠠᠵᠢᠯᠳᠠᠨ ᠵᠡᠷᠭᠡ ᠡᠮᠦᠨ᠎ᠡ ᠹᠷᠤᠨᠲ ᠤᠨ ᠠᠵᠢᠯᠳᠠᠨ ᠢ ᠲᠤᠬᠤᠨᠢᠭᠤᠯᠵᠤ᠂ | ᠲᠡᠳᠡᠨ ᠳᠤ ᠲᠤᠳᠤᠨᠤ ᠮᠡᠨᠳᠦᠴᠢᠯᠡᠯ ᠬᠦᠷᠭᠡᠵᠦ᠂ ᠲᠡᠳᠡᠨ ᠢ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠬᠦ ᠶᠢᠨ ᠬᠠᠮᠳᠤ ᠡᠯ᠎ᠡ ᠵᠦᠢᠯ ᠤᠨ ᠠᠵᠢᠯ ᠢᠶᠠᠨ | ᠰᠠᠶᠢᠳᠤᠷ ᠬᠢᠬᠦ ᠬᠡᠷᠡᠭᠳᠡᠢ ᠭᠡᠵᠦ ᠵᠠᠬᠢᠪᠠ᠃ ᠲᠡᠷᠡ ᠪᠠᠰᠠ ᠲᠤᠰᠬᠠᠢ ᠤᠳᠠᠰᠤ ᠪᠠᠷ ᠡᠮᠦᠨ᠎ᠡ ᠹᠷᠤᠨᠲ ᠤᠨ ᠡᠮᠴᠢᠯᠡᠭᠡᠨ ᠤ ᠠᠵᠢᠯᠳᠠᠨ ᠪᠤᠯᠤᠨ ᠭᠤᠤᠯᠯᠠᠭᠴᠢ ᠡᠮᠴᠢ ᠲᠠᠢ | ᠶᠠᠷᠢᠯᠴᠠᠵᠤ᠂ ᠲᠡᠳᠡᠨ ᠤ ᠰᠢᠷᠭᠠᠭᠤ ᠬᠠᠳᠠᠭᠤᠵᠢᠯᠳᠠᠢ ᠴᠢᠷᠮᠠᠶᠢᠯᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠦᠭᠡᠳ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠦ᠂ | ᠪᠦᠬᠦ ᠬᠦᠴᠦᠨ ᠢᠶᠠᠷ ᠢᠶᠠᠨ ᠡᠪᠡᠳᠴᠢᠳᠡᠨ ᠢ ᠠᠪᠤᠷᠠᠨ ᠵᠠᠰᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ | ᠰᠠᠬᠢᠬᠤ ᠬᠡᠷᠡᠭᠳᠡᠢ ᠭᠡᠵᠦ ᠵᠤᠷᠢᠭᠵᠢᠭᠤᠯᠪᠠ᠃ | ᠸᠠᠩ ᠯᠢ ᠰᠢᠶᠠ ᠤᠷᠢᠳ ᠬᠤᠵᠢᠳ ᠬᠠᠶᠢᠯᠠᠷ ᠤᠨ ᠵᠢᠶᠠ ᠱᠢ ᠬᠤᠤ ᠵᠤᠴᠢᠳ ᠤᠨ ᠪᠠᠭᠤᠳᠠᠯ᠂ ᠴᠢ ᠱᠢ ᠡᠯ ᠵᠢᠶᠠ ᠵᠤᠴᠢᠳ ᠤᠨ ᠪᠠᠭᠤᠳᠠᠯ ᠪᠤᠯᠤᠨ ᠳ᠋ᠦ᠋ | ᠱᠢ 118 ᠵᠤᠴᠢᠳ ᠤᠨ ᠪᠠᠭᠤᠳᠠᠯ ᠤᠨ ᠲᠤᠰᠠᠭᠠᠠᠷᠯᠠᠬᠤ ᠴᠡᠭ ᠲᠤ ᠬᠦᠷᠴᠦ᠂ ᠬᠠᠮᠢᠶᠠᠷᠤᠯᠳᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ᠂ | ᠲᠤᠰᠠᠭᠠᠷᠯᠠᠭᠳᠠᠵᠤ ᠪᠠᠶᠢᠭ᠎ᠠ ᠬᠦᠮᠦᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠵᠡᠷᠭᠡ ᠡᠯ᠎ᠡ ᠲᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠤᠶᠢᠯᠠᠭᠠᠪᠠ᠃ | ᠲᠡᠷᠡ ᠲᠤᠰᠠᠭᠠᠷᠯᠠᠬᠤ ᠲᠠᠯᠠᠪᠤᠷ ᠤᠨ ᠪᠠᠷᠢᠮᠵᠢᠶ᠎ᠡ ᠶᠢ ᠴᠢᠩᠭ᠎ᠠ ᠵᠢᠷᠤᠮᠯᠠᠨ᠂ ︽ᠭᠤᠷᠪᠠᠨ ᠲᠤᠭᠤᠷᠢᠭ ᠬᠤᠶᠠᠷ ᠵᠠᠮ︾ ᠭᠠᠷᠭᠠᠵᠤ᠂ ᠠᠵᠢᠯᠳᠠᠨ ᠪᠤᠯᠤᠨ | ᠲᠤᠰᠠᠭᠠᠷᠯᠠᠭᠳᠠᠵᠤ ᠪᠠᠶᠢᠭ᠎ᠠ ᠬᠦᠮᠦᠰ ᠢ ᠲᠤᠭᠤᠷᠢᠭ ᠬᠤᠪᠢᠶᠠᠨ ᠬᠠᠮᠢᠶᠠᠷᠴᠤ ᠹᠢᠽᠢᠺ ᠤᠨ ᠲᠤᠰᠠᠭᠠᠷᠯᠠᠯ ᠬᠢᠵᠦ᠂ ᠰᠤᠯᠪᠢᠴᠠᠨ ᠬᠠᠯᠳᠠᠪᠤᠷᠢᠯᠠᠬᠤ ᠦᠭᠡᠢ ᠪᠠᠶᠢᠬᠤ ᠶᠢ | ᠦᠨᠡᠨᠬᠦ ᠪᠠᠳᠤᠯᠠᠬᠤ ᠬᠡᠷᠡᠭᠳᠡᠢ᠃ ᠲᠤᠰᠠᠭᠠᠷᠯᠠᠭᠳᠠᠵᠤ ᠪᠠᠶᠢᠭ᠎ᠠ ᠬᠦᠮᠦᠰ ᠤᠨ ᠪᠡᠶ᠎ᠡ ᠶᠢᠨ ᠪᠠᠶᠢᠳᠠᠯ ᠢ ᠴᠢᠩᠭ᠎ᠠ ᠬᠢᠨᠠᠨ ᠬᠡᠮᠵᠢᠵᠦ᠂ ᠢᠯᠠᠩᠭᠤᠶ᠎ᠡ ᠨᠠᠰᠤᠳᠠᠶᠢᠴᠤᠳ ᠪᠤᠯᠤᠨ | ᠬᠡᠦᠬᠡᠳ ᠲᠤ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤ ᠨᠢ ᠲᠡᠭᠡᠭᠰᠢ ᠮᠡᠳᠡᠭᠦᠯᠵᠦ᠂ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠳᠡᠢ᠃ ᠪᠦᠬᠦ ᠬᠤᠭ | ᠨᠤᠪᠰᠢ ᠶᠢ ᠲᠦᠷᠢᠮᠵᠢᠯ ᠶᠤᠰᠤᠭᠠᠷ ᠴᠢᠩᠭ᠎ᠠ ᠰᠢᠢᠳᠪᠦᠷᠢᠯᠡᠵᠦ᠂ ᠠᠶᠤᠯ ᠲᠦᠭᠰᠢᠭᠦᠷᠢ ᠭᠠᠳᠠᠭᠰᠢ ᠲᠠᠷᠬᠠᠬᠤ ᠶᠢ ᠰᠡᠷᠭᠡᠶᠢᠯᠡᠬᠦ ᠬᠡᠷᠡᠭᠳᠡᠢ᠃ ᠡᠯ᠎ᠡ ᠲᠡᠯ᠎ᠡ ᠶᠢᠨ | ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠲᠤᠰᠠᠭᠠᠷᠯᠠᠭᠳᠠᠵᠤ ᠪᠠᠶᠢᠭ᠎ᠠ ᠬᠦᠮᠦᠰ ᠤᠨ ᠠᠮᠢᠳᠤᠷᠠᠯ ᠢ ᠨᠠᠷᠢᠨ ᠨᠢᠮᠪᠡᠢ ᠰᠠᠶᠢᠳᠤᠷ ᠬᠠᠷᠠᠭᠠᠯᠵᠠᠵᠤ᠂ | ᠴᠠᠭ ᠲᠤᠬᠠᠢ ᠳᠤ ᠨᠢ ᠰᠡᠳᠬᠢᠴᠡ ᠶᠢᠨ ᠵᠢᠯᠤᠭᠤᠳᠤᠯᠭ᠎ᠠ ᠬᠢᠵᠦ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃ |