ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠨ ᠴᠡᠪᠡᠷᠯᠡᠬᠦ ᠪᠠ | ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ | ᠪᠠᠶᠢᠷᠢᠯᠠᠭᠤᠯᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠢᠨᠠᠨ ᠪᠠᠲᠤᠯᠠᠵᠤ ᠥᠨᠳᠥᠷ ᠬᠡᠪ | ᠴᠢᠨᠠᠷ ᠪᠥᠬᠦᠶ ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ | ᠬᠦᠮᠦᠵᠢᠭᠦᠯᠬᠦ ᠬᠡᠷᠡᠭᠲᠡᠢ ᠭᠡᠵᠡᠢ | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 1 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ 1 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠢᠯᠭᠠᠨ ᠴᠡᠪᠡᠷᠯᠡᠬᠦ ᠪᠠ ᠬᠥᠯᠥᠰᠥᠨ ᠠᠵᠢᠯᠴᠢᠨ ᠤ | ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ ᠪᠠᠶᠢᠷᠢᠯᠠᠭᠤᠯᠪᠠ︔ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠢᠨᠠᠨ ᠪᠠᠲᠤᠯᠠᠵᠤ᠂ ᠥᠨᠳᠥᠷ ᠬᠡᠪ ᠴᠢᠨᠠᠷ ᠪᠦᠬᠦᠢ | ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ ᠬᠦᠮᠦᠵᠢᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠨ | ᠤᠳᠠᠭᠠᠰᠢᠷᠠᠭᠤᠯᠵᠤ ᠪᠠᠶᠢᠭ᠎ᠠ ᠪᠠᠶᠢᠳᠠᠯ ᠢ ᠰᠢᠢᠳᠪᠦᠷᠢᠯᠡᠬᠦ ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠠᠬᠢᠭᠤᠯᠬᠤ ᠲᠠᠢ | ᠰᠢᠭᠤᠳ ᠬᠤᠯᠪᠣᠭᠳᠠᠨ᠎ᠠ᠃ ᠡᠨᠡ ᠵᠢᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ | ᠪᠤᠳᠤᠯᠢᠶᠠᠨᠲᠠᠶ ᠣᠷᠴᠢᠨ ᠨᠥᠬᠦᠴᠡᠯ ᠪᠠ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠭᠰᠠᠨ ᠵᠡᠷᠭᠡ ᠬᠦᠴᠦᠨ | ᠵᠦᠢᠯ ᠤᠨ ᠨᠥᠯᠥᠭᠡ ᠠᠴᠠ ᠪᠣᠯᠵᠣ᠂ ᠳᠤᠮᠳᠠ ᠵᠢᠵᠢᠭ ᠠᠵᠤ ᠠᠬᠤᠶᠢᠯᠠᠯ ᠤᠨ ᠬᠤᠷᠢᠶᠠᠬᠤ ᠶᠣᠰᠣᠲᠠᠶ ᠲᠠᠩᠰᠠᠨ | ᠵᠣᠭᠤᠰ ᠤᠨ ᠨᠡᠮᠡᠭᠳᠡᠯ ᠨᠡᠯᠢᠶᠡᠳ ᠲᠦᠷᠭᠡᠨ ᠪᠣᠯᠵᠣ᠂ ᠤᠳᠠᠭᠠᠰᠢᠷᠠᠭᠤᠯᠤᠨ ᠥᠷᠢᠲᠦᠬᠦ ᠪᠠᠶᠢᠳᠠᠯ ᠣᠯᠠᠰᠢᠷᠠᠪᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠱᠠᠭᠠᠷᠳᠠᠯᠭ᠎ᠠ ᠶᠣᠰᠣᠭᠠᠷ᠂ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠡᠭᠴᠡᠯᠡᠨ ᠵᠠᠰᠠᠬᠤ ᠡᠷᠴᠢᠮ ᠢᠶᠠᠨ ᠬᠠᠤᠯᠢ ᠲᠣᠭᠲᠠᠭᠠᠯ | ᠶᠣᠰᠣᠭᠠᠷ ᠴᠢᠩᠭᠠᠷᠠᠭᠤᠯᠬᠤ ᠬᠡᠷᠡᠭᠲᠡᠶ᠃ ᠨᠢᠭᠡ ᠳᠤ᠂ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠥᠬᠦ ᠶᠢ | ᠪᠠᠲᠤᠯᠠᠬᠤ ᠲᠦᠷᠢᠮ︾ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠳᠠᠪᠠᠭᠤᠯᠢᠭ ᠪᠠᠶᠢᠷᠢ ᠰᠠᠭᠤᠷᠢ ᠶᠢ | ᠳᠤᠷ᠎ᠠ ᠪᠠᠷ ᠢᠶᠠᠨ ᠠᠰᠢᠭᠯᠠᠵᠤ ᠳᠠᠩᠰᠠᠨ ᠵᠣᠭᠤᠰ ᠢ ᠵᠣᠷᠢᠭᠤᠳᠠ ᠥᠷᠢᠲᠦᠭᠦᠯᠵᠦ ᠪᠠᠶᠢᠭ᠎ᠠ ᠦᠢᠯᠡ ᠠᠵᠢᠯᠯᠠᠭ᠎ᠠ ᠶᠢ | ᠴᠡᠭᠴᠡᠯᠡᠨ ᠵᠠᠰᠠᠬᠤ ᠬᠡᠷᠡᠭᠲᠡᠶ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠳᠤᠮᠳᠠ ᠵᠢᠵᠢᠭ ᠠᠵᠤ | ᠠᠬᠤᠶᠢᠯᠠᠯ ᠠᠴᠠ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠬᠤᠳᠠᠯᠳᠤᠨ ᠠᠪᠬᠤ ᠳᠤ ᠪᠠᠨ ᠡᠳ᠋ ᠪᠠᠷᠠᠭ᠎ᠠ᠂ ᠪᠠᠷᠢᠯᠭ᠎ᠠ᠂ | ᠦᠢᠯᠡᠴᠢᠯᠡᠭᠡ ᠶᠢ ᠲᠤᠰᠢᠶᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠵᠣᠭᠤᠰ ᠢ ᠨᠢ ᠲᠥᠯᠥᠬᠦ | ᠬᠡᠷᠡᠭᠲᠡᠶ᠂ ᠬᠠᠮᠤᠭ ᠤᠷᠳᠤ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠠᠯᠪᠠᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ ᠪᠠ ᠲᠤᠮᠤ ᠠᠵᠤ ᠠᠬᠤᠶᠢᠯᠠᠯ ᠠᠴᠠ ᠳᠤᠮᠳᠠ ᠵᠢᠵᠢᠭ ᠠᠵᠤ ᠠᠬᠤᠶᠢᠯᠠᠯ ᠢ ᠠᠯᠪᠠᠳᠠᠵᠤ | ᠪᠠᠶᠢᠭᠠᠳ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠵᠡᠷᠭᠡ ᠪᠡᠯᠡᠨ ᠵᠣᠭᠤᠰᠣᠨ ᠤ ᠪᠤᠰᠤ ᠲᠦᠯᠦᠬᠦ ᠠᠷᠭ᠎ᠠ | ᠮᠠᠶ᠋ᠢᠭ ᠢ ᠬᠦᠯᠢᠶᠡᠨ ᠠᠪᠤᠭᠤᠯᠵᠤ ᠪᠣᠯᠬᠤ ᠦᠭᠡᠢ᠂ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠶᠢ ᠳᠤᠷ᠎ᠠ ᠪᠠᠷ | ᠬᠡᠷᠡᠭᠯᠡᠵᠦ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠶᠢ ᠳᠤᠷ᠎ᠠ ᠪᠠᠷ ᠡᠵᠡᠯᠡᠵᠦ ᠪᠣᠯᠬᠤ ᠦᠭᠡᠢ᠃ ᠲᠤᠮᠤ | ᠠᠵᠤ ᠠᠬᠤᠶᠢᠯᠠᠯ ᠤᠳ ᠣᠨ ᠤ ᠮᠡᠳᠡᠭᠦᠯᠦᠯᠲᠡ ᠳᠤ ᠪᠠᠨ ᠲᠣᠭᠲᠠᠭᠰᠠᠨ ᠬᠤᠭᠤᠴᠠᠭᠠᠨ ᠳᠤ ᠲᠥᠯᠥᠵᠦ ᠴᠢᠳᠠᠭᠰᠠᠨ | ᠦᠭᠡᠢ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠤᠶᠠᠷ ᠲᠤ᠂ ᠣᠷᠣᠨ | ᠨᠤᠲᠤᠭ ᠤᠨ ᠬᠠᠷᠢᠶ᠎ᠠ ᠭᠠᠵᠠᠷ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠯᠪᠠᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠲᠣᠮᠣ ᠠᠵᠤ ᠠᠬᠤᠶᠢᠯᠠᠯ ᠤᠨ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ | ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠦᠨᠳᠦ ᠨᠣᠴᠢᠲᠠᠶ ᠢᠲᠡᠭᠡᠯ ᠠᠯᠳᠠᠭᠰᠠᠳ ᠢ ᠢᠯᠡ ᠪᠠᠷ | ᠢᠯᠡᠴᠢᠯᠡᠬᠦ ᠬᠡᠷᠡᠭᠲᠡᠶ᠃ ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠬᠠᠮᠢᠶ᠎ᠠ | ᠪᠦᠬᠦᠢ ᠲᠦᠷᠢᠮ ᠢ ᠪᠦᠷᠢᠨᠰᠢᠬᠦᠯᠵᠦ᠂ ᠪᠠᠷᠢᠯᠭ᠎ᠠ ᠶᠢᠨ ᠠᠬᠢᠴᠠ ᠶᠢᠨ ᠵᠣᠭᠤᠰ ᠢ ᠲᠥᠯᠥᠬᠦ ᠬᠠᠷᠢᠴᠠᠯ ᠢ ᠳᠡᠭᠡᠭᠰᠢᠯᠡᠭᠦᠯᠬᠦ | ᠬᠡᠷᠡᠭᠲᠡᠢ᠃ ᠪᠠᠲᠤᠯᠠᠭ᠎ᠠ ᠶᠢᠨ ᠪᠢᠴᠢᠭ ︵ᠳᠠᠭᠠᠳᠬᠠᠯ︶ ᠤᠨ ᠣᠷᠣᠯᠠᠬᠤ ᠪᠠᠲᠤᠯᠠᠭ᠎ᠠ ᠶᠢᠨ ᠮᠥᠩᠭᠦ ᠶᠢ ᠪᠥᠬᠦ ᠲᠠᠯ᠎ᠠ ᠪᠠᠷ | ᠬᠡᠷᠡᠭᠵᠢᠭᠦᠯᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ︽ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠢᠵᠢ ᠪᠦᠷᠢᠳᠦᠭᠰᠡᠨ | ᠳᠦᠷᠦ ᠶᠢᠨ ᠪᠤᠲᠤᠯᠭ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠳᠠᠩᠰᠠᠨ ᠵᠣᠭᠤᠰ ᠢ ᠥᠷᠢᠲᠦᠬᠦ | ᠠᠰᠠᠭᠤᠳᠠᠯ ᠢ ᠦᠨᠳᠦᠰᠦᠨ ᠠᠴᠠ ᠨᠢ ᠪᠠᠭᠠᠰᠬᠠᠨ ᠰᠡᠷᠭᠡᠶᠢᠯᠡᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ | ᠶᠣᠰᠣᠭᠠᠷ ᠣᠯᠭᠤᠬᠤ ᠶᠢ ᠪᠠᠲᠤᠯᠠᠬᠤ ᠪᠣᠯ ᠬᠥᠯᠥᠰᠥᠨ ᠠᠵᠢᠯᠴᠢᠨ ᠤ ᠭᠡᠷ ᠪᠦᠯᠢ ᠶᠢᠨ ᠦᠨᠳᠦᠰᠦᠨ ᠠᠮᠢᠳᠤᠷᠠᠯ ᠳᠤ | ᠬᠤᠯᠪᠣᠭᠳᠠᠬᠤ ᠶᠡᠭᠡ ᠶᠠᠪᠤᠳᠠᠯ ᠮᠥᠨ᠃ ᠵᠢᠯ ᠤᠨ ᠡᠴᠦᠰ ᠣᠨ ᠤ ᠡᠬᠢ ᠨᠢ ᠶᠠᠭ ᠡᠯ᠎ᠡ ᠲᠥᠷᠥᠯ ᠵᠦᠢᠯ᠂ | ᠪᠠᠷᠢᠯᠭ᠎ᠠ ᠶᠢᠨ ᠪᠡᠯᠡ ᠮᠥᠩᠭᠦ ᠶᠢ ᠳ᠋ᠦᠩᠨᠡᠨ ᠪᠣᠳᠣᠬᠤ ᠬᠤᠭᠤᠴᠠᠭ᠎ᠠ ᠪᠠᠶᠢᠵᠤ᠂ ᠡᠪᠦᠯ ᠤᠨ ᠤᠯᠠᠷᠢᠯ ᠤᠨ ᠲᠤᠰᠬᠠᠶ | ᠠᠵᠢᠯᠯᠠᠭ᠎ᠠ ᠶᠢ ᠥᠷᠨᠢᠭᠦᠯᠵᠦ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ | ᠪᠠᠶᠢᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠢᠯᠠᠩᠭᠤᠶ᠎ᠠ | ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠦᠬᠡ ᠳᠤ | ᠲᠣᠭᠠᠴᠠᠭ᠎ᠠ ᠬᠢᠭᠰᠡᠨ ᠪᠠᠶᠢᠳᠠᠯ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠣᠷᠣᠯᠠᠨ | ᠲᠠᠷᠬᠠᠭᠠᠬᠤ ᠵᠡᠷᠭᠡ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ | ᠬᠠᠷᠭᠤᠭᠤᠯᠤᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠪᠤᠳᠤᠯᠳᠠ ᠶᠢᠨ | ᠬᠢᠨᠠᠯᠲᠠ ᠶᠢ ᠴᠢᠩᠭᠠᠳᠬᠠᠬᠤ ᠬᠡᠷᠡᠭᠲᠡᠶ᠃ ᠴᠠᠯᠢᠩ ᠥᠷᠢᠲᠦᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠴᠢᠩᠭ᠎ᠠ ᠰᠢᠢᠳᠬᠡᠵᠦ᠂ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠠᠯᠪᠠᠨ | ᠲᠤᠰᠢᠶᠠᠯᠲᠠᠨ ᠢ ᠵᠠᠷᠯᠠᠨ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠥᠯᠥᠰᠥᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠪᠣᠳᠠᠲᠠᠢ ᠪᠠᠷ ᠬᠠᠮᠠᠭᠠᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠲᠦᠷᠭᠡᠨ | ᠠᠬᠢᠴᠠ ᠲᠠᠢ ᠪᠣᠯᠵᠣ᠂ ᠠᠵᠢᠯᠲᠠᠨ ᠠᠵᠢᠯᠴᠢᠨ᠂ ᠬᠥᠯᠥᠰᠥᠨ ᠠᠵᠢᠯᠴᠢᠨ᠂ ᠶᠠᠳᠠᠭᠤ ᠬᠦᠴᠢᠷᠳᠡᠯᠲᠡᠶ ᠬᠥᠳᠡᠯᠮᠦᠷᠢ | ᠬᠦᠴᠦᠨ ᠵᠡᠷᠭᠡ ᠶᠢᠨ ᠨᠥᠬᠦᠪᠥᠷᠢ ᠶᠢᠨ ᠴᠢᠨᠠᠷᠲᠠᠶ ᠪᠣᠯᠪᠠᠰᠤᠷᠠᠯ ᠢ 1 ᠳ᠋ᠦᠩᠰᠢᠭᠤᠷ ᠰᠢᠬᠠᠮ ᠬᠥᠮᠦᠨ ᠤᠳᠠᠭ᠎ᠠ | ᠥᠷᠨᠢᠭᠦᠯᠵᠦ᠂ ᠢᠯᠠᠩᠭᠤᠶ᠎ᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠭᠰᠡᠨ ᠨᠢ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ | ᠪᠠᠳᠠᠷᠠᠭᠤᠯᠤᠭᠰᠠᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠠᠵᠢᠯ ᠣᠯᠭᠤᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠶᠡᠭᠡ ᠳᠡᠭᠡᠳᠦ | ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ | ᠠᠵᠤ ᠠᠬᠤᠶᠢᠯᠠᠯ ᠤᠨ ᠪᠣᠯᠪᠠᠰᠤᠷᠠᠯ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠢ ᠴᠢᠩᠭᠠᠳᠬᠠᠵᠤ᠂ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠲᠥᠪ ᠤᠨ ᠲᠥᠰᠦᠪ ᠤᠨ ᠳᠣᠲᠣᠷ᠎ᠠ | ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠳᠠᠬᠢ | ᠪᠡᠯᠡ ᠣᠷᠣᠭᠤᠯᠤᠯᠲᠠ ᠶᠢᠨ ᠳᠡᠮᠵᠢᠯᠭᠡ ᠶᠢ ᠴᠢᠩᠭᠠᠳᠬᠠᠨ᠎ᠠ᠃ ᠪᠣᠯᠪᠠᠰᠤᠷᠠᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ | ᠡᠮᠦᠨ᠎ᠡ ᠰᠠᠭᠤᠳᠬᠠᠨ ᠬᠠᠰᠤᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ᠎ᠠ᠃ ᠪᠣᠯᠪᠠᠰᠤᠷᠠᠯ ᠳᠤ ᠬᠡᠷᠡᠭᠯᠡᠬᠦ | ᠬᠠᠮᠢᠶ᠎ᠠ ᠪᠥᠬᠦᠶ ᠪᠡᠯᠡᠳᠬᠡᠮᠵᠢ ᠶᠢ ᠬᠤᠳᠠᠯᠳᠤᠨ ᠠᠪᠬᠤ ᠳᠤ ᠭᠠᠶᠢᠯᠢ ᠲᠠᠲᠠᠪᠤᠷᠢ ᠶᠢᠨ ᠳᠡᠮᠵᠢᠯᠭᠡ ᠦᠵᠡᠭᠦᠯᠦᠨ᠎ᠡ᠃ | ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠦᠷᠭᠦᠯᠵᠢᠯᠡᠨ ᠬᠡᠷᠡᠭᠯᠡᠵᠦ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ ᠰᠤᠳᠤᠯᠤᠨ᠎ᠠ᠃ | ᠭᠤᠷᠪᠠ ᠳᠤ᠂ ᠲᠡᠷᠢᠭᠦᠨ ᠤ ᠦᠢᠯᠡᠳᠬᠡᠯ ᠤᠨ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠬᠦᠮᠦᠵᠢᠭᠦᠯᠦᠯ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠬᠥᠯᠥᠰᠥᠨ ᠠᠵᠢᠯᠴᠢᠨ ᠢ 3000 ᠲᠦᠮᠡᠨ ᠬᠥᠮᠦᠨ ᠤᠳᠠᠭ᠎ᠠ ᠠᠴᠠ ᠳᠡᠭᠡᠭᠰᠢ | ᠪᠣᠯᠪᠠᠰᠤᠷᠠᠯ ᠳᠤ ᠣᠷᠣᠯᠴᠠᠭᠤᠯᠤᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠤ ᠬᠠᠨᠳᠤᠭᠤᠯᠤᠭᠰᠠᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |