| | 12 ᠰᠠᠷ᠎ᠠ ᠶᠢᠨ 3 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ᠂ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠸᠢᠳᠢᠣ᠋ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠠᠬᠦᠳᠡᠷᠯᠡᠪᠠ | | | | 12 ᠰᠠᠷ᠎ᠠ ᠶᠢᠨ 3 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ᠂ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠸᠢᠳᠢᠣ᠋ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠶᠠᠩ ᠰᠠᠬᠦᠳᠡᠷᠯᠡᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ | ᠵᠧᠩ ᠮᠢᠩ ᠳ᠋ᠡ︶ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ | 12 ᠰᠠᠷ᠎ᠠ ᠶᠢᠨ 3 ᠤ ᠡᠳᠦᠷ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠸᠢᠳᠢᠣ᠋ ᠠᠭᠤᠯᠵᠠᠯᠲᠠ ᠬᠢᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠯᠠᠤᠰ ᠤᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ | ᠵᠢᠴᠢ ᠳᠤᠮᠳᠠᠳᠤ ᠯᠠᠤᠰ ᠤᠨ ᠨᠥᠬᠦᠷᠯᠡᠯ ᠤᠨ ᠵᠢᠯ ᠪᠣᠯᠤᠨ᠎ᠠ᠃ 60 ᠵᠢᠯ ᠤᠨ ᠲᠤᠷᠰᠢ᠂ ᠳᠤᠮᠳᠠᠳᠤ ᠯᠠᠤᠰ ᠤᠨ | ᠬᠠᠷᠢᠯᠴᠠᠭ᠎ᠠ ᠳᠡᠯᠡᠬᠡᠢ ᠶᠢᠨ ᠲᠤᠭᠲᠠᠪᠦᠷᠢ ᠦᠭᠡᠢ ᠪᠠᠶᠢᠳᠠᠯ ᠤᠨ ᠰᠢᠯᠭᠠᠯᠲᠠ ᠶᠢ ᠳᠠᠭᠠᠭᠠᠵᠤ᠂ ᠶᠠᠪᠤᠬᠤ ᠲᠤᠳᠤᠮ | ᠪᠠᠬᠢᠵᠢᠵᠦ᠂ ᠶᠠᠪᠤᠬᠤ ᠲᠤᠳᠤᠮ ᠰᠢᠨᠡᠳᠴᠦ ᠴᠢᠳᠠᠭᠰᠠᠨ ᠤ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ ᠬᠠᠮᠲᠤ ᠶᠢᠨ | ᠬᠦᠰᠡᠯᠡᠩ ᠢᠶᠠᠨ ᠪᠠᠲᠤ ᠰᠠᠬᠢᠵᠤ᠂ ᠬᠠᠷᠢᠯᠴᠠᠨ ᠢᠲᠡᠭᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠤᠪᠢ | ᠵᠠᠶᠠᠭ᠎ᠠ ᠪᠠᠨ ᠬᠠᠮᠲᠤᠳᠬᠠᠭᠰᠠᠨ ᠳᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠯᠠᠤᠰ ᠴᠦᠮ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠨᠡᠶᠢᠭᠡᠮ | ᠵᠢᠷᠤᠮ ᠤᠨ ᠴᠢᠭᠯᠡᠯ ᠢ ᠪᠠᠷᠢᠮᠲᠠᠯᠠᠵᠤ ᠪᠠᠶᠢᠨ᠎ᠠ᠂ ᠡᠨᠡ ᠪᠣᠯ ᠬᠤᠶᠠᠷ ᠤᠯᠤᠰ ᠤᠨ ᠬᠠᠷᠢᠯᠴᠠᠭᠠᠨ ᠤ ᠮᠥᠨ ᠴᠢᠨᠠᠷ ᠤᠨ | ᠣᠨᠴᠠᠯᠢᠭ ᠪᠣᠯᠤᠨ᠎ᠠ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠨᠦᠬᠦᠴᠡᠯ ᠵᠢᠴᠢ ᠲᠤᠰ | ᠲᠤᠰ ᠤᠨ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠡᠷᠬᠡ ᠬᠠᠲᠠᠭᠤᠵᠢᠯᠲᠠᠢ ᠡᠭᠦᠷᠭᠡ ᠶᠢᠨ ᠡᠮᠦᠨ᠎ᠡ᠂ ᠳᠤᠮᠳᠠᠳᠤ ᠯᠠᠤᠰ ᠨᠡᠶᠢᠭᠡᠮ | ᠵᠢᠷᠤᠮ ᠤᠨ ᠬᠠᠮᠲᠤ ᠶᠢᠨ ᠦᠢᠯᠡᠰ ᠢ ᠬᠠᠮᠠᠭᠠᠯᠠᠬᠤ ᠤᠯᠤᠰ ᠲᠦᠷᠦ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ | ᠵᠣᠭᠰᠣᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ | ᠠᠬᠢᠭᠤᠯᠵᠤ᠂ ᠡᠪᠳᠡᠷᠡᠰᠢ ᠦᠭᠡᠢ ᠪᠠᠲᠤ ᠪᠠᠬᠢ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠦᠷᠭᠦᠯᠵᠢᠯᠡᠨ ᠪᠠᠶᠢᠭᠤᠯᠬᠤ ᠬᠡᠷᠡᠭᠲᠡᠢ᠃ | ᠬᠤᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ ᠤᠯᠤᠰ ᠲᠦᠷᠦ ᠪᠣᠯᠤᠨ ᠪᠠᠶᠢᠭᠤᠯᠤᠯ ᠤᠨ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠯᠠᠤᠰ ᠤᠨ ᠲᠠᠯ᠎ᠠ ᠲᠠᠢ | ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠯᠠᠤᠰ ᠤᠨ ᠤᠯᠤᠰ ᠤᠨ ᠪᠦᠳᠦᠭᠡᠨ ᠪᠠᠶᠢᠭᠤᠯᠤᠯᠲᠠ ᠶᠢᠨ | ᠦᠢᠯᠡᠰ ᠲᠤ ᠴᠢᠳᠠᠯ ᠤᠨ ᠬᠢᠷᠢ ᠪᠠᠷ ᠢᠶᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ ᠬᠤᠶᠠᠷ ᠲᠠᠯ᠎ᠠ ᠪᠠᠷ ᠢᠶᠠᠨ | ᠳᠤᠮᠳᠠᠳᠤ ᠯᠠᠤᠰ ᠤᠨ ᠠᠵᠤ ᠠᠬᠤᠢ ᠶᠢᠨ ᠬᠤᠩᠭᠢᠯ ᠤᠨ ᠬᠠᠮᠲᠤᠷᠠᠯᠴᠠᠭᠠᠨ ᠤ ᠬᠤᠯᠪᠣᠭᠠᠲᠤ ᠵᠥᠪᠯᠡᠯ ᠤᠨ | ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠤᠮᠳᠠᠳᠤ ᠯᠠᠤᠰ ᠤᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭᠠᠨ ᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠯᠠᠤᠰ ᠤᠨ ᠲᠡᠮᠦᠷ | ᠵᠠᠮ ᠡᠨᠡ ᠡᠳᠦᠷ ᠲᠡᠷᠭᠡ ᠨᠡᠪᠲᠡᠷᠡᠵᠦ᠂ ᠯᠠᠤᠰ ᠤᠨ ︽ᠡᠬᠡ ᠬᠠᠭᠤᠷᠠᠶ ᠶᠢᠨ ᠬᠤᠯᠪᠣᠭᠠᠲᠤ ᠤᠯᠤᠰ︾ ᠪᠣᠯᠬᠤ ᠬᠦᠰᠡᠯ | ᠤᠳᠠᠯ ᠦᠭᠡᠶ ᠪᠡᠶᠡᠯᠡᠭᠳᠡᠬᠦ ᠪᠣᠯᠤᠨ᠎ᠠ᠃ ᠪᠢᠳᠡ ︽ᠬᠠᠲᠠᠭᠤ ᠨᠡᠪᠲᠡᠷᠡᠯᠴᠡᠭᠡ︾ ᠶᠢ ᠪᠡᠶᠡᠯᠡᠭᠦᠯᠬᠦ ᠪᠠᠷ ᠪᠠᠷᠠᠬᠤ ᠥᠬᠡᠶ | ᠪᠠᠰᠠ ︽ᠵᠥᠭᠡᠯᠡᠨ ᠨᠡᠪᠲᠡᠷᠡᠯᠴᠡᠭᠡ︾ ᠶᠢ ᠰᠠᠶᠢᠲᠤᠷ ᠠᠳᠬᠤᠵᠤ᠂ ᠲᠡᠮᠦᠷ ᠵᠠᠮ ᠤᠨ ᠲᠠᠷᠠᠭᠠᠴᠢ ᠶᠢᠨ ᠡᠵᠡᠩᠨᠡᠯᠲᠡ | ᠬᠠᠮᠠᠭᠠᠯᠠᠯᠳᠠ ᠪᠠ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠵᠦ᠂ ᠴᠢᠨᠠᠷ ᠰᠠᠶᠢᠲᠠᠶ᠂ ᠦᠷᠭᠦᠯᠵᠢᠯᠡᠬᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠡᠮᠦᠷ ᠵᠠᠮ ᠳᠠᠭᠠᠤ ᠶᠢᠨ ᠠᠵᠤ ᠠᠬᠤᠶ ᠶᠢᠨ ᠪᠦᠰᠡ ᠶᠢ ᠪᠣᠶ | ᠪᠣᠯᠭᠠᠬᠤ ᠬᠡᠷᠡᠭᠲᠡᠶ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ | ᠠᠬᠢᠭᠤᠯᠵᠤ᠂ ᠳᠤᠮᠳᠠᠳᠤ ᠯᠠᠤᠰ ᠤᠨ ᠡᠨᠧᠷᠭᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ | ᠬᠥᠳᠡᠭᠡ ᠠᠵᠤ ᠠᠬᠤᠢ᠂ ᠠᠵᠤ ᠠᠬᠤᠢ ᠶᠢᠨ ᠨᠡᠭᠡᠭᠡᠯᠳᠠ ᠶᠢᠨ ᠣᠷᠣᠨ᠂ ᠮᠥᠩᠭᠦᠨ ᠭᠦᠢᠯᠭᠡᠭᠡ ᠵᠡᠷᠭᠡ ᠬᠦᠷᠢᠶ᠎ᠠ | ᠴᠠᠷᠠᠭᠠᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ ᠬᠡᠵᠡᠢ᠃ | ᠰᠢ ᠶᠢᠨ ᠫᠢᠩ᠂ ᠠᠷᠠᠳ ᠲᠦᠮᠡᠨ ᠳᠤ ᠦᠢᠯᠡᠴᠢᠯᠡᠬᠦ ᠪᠣᠯ ᠳᠤᠮᠳᠠᠳᠤ ᠯᠠᠤᠰ ᠬᠤᠶᠠᠷ ᠨᠠᠮ ᠤᠨ ᠬᠠᠮᠲᠤ ᠶᠢᠨ | ᠵᠣᠷᠢᠯᠲᠠ ᠮᠥᠨ᠂ ᠳᠤᠮᠳᠠᠳᠤ ᠯᠠᠤᠰ ᠤᠨ ᠬᠠᠷᠢᠯᠴᠠᠭ᠎ᠠ ᠴᠤ ᠠᠷᠠᠳ ᠲᠦᠮᠡᠨ ᠢ ᠳᠡᠭᠡᠳᠦᠯᠡᠬᠦ ᠶᠢ ᠲᠤᠪᠤᠶᠢᠯᠭᠠᠵᠥ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠠᠰᠢᠭ ᠬᠦᠷᠲᠡᠭᠡᠶ᠎ᠠ᠃ ᠳᠤᠮᠳᠠᠳᠤ ᠤᠯᠤᠰ | ᠦᠷᠭᠦᠯᠵᠢᠯᠡᠨ ᠯᠠᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ᠂ ᠬᠢᠵᠢᠭ ᠲᠠᠢ ᠲᠡᠮᠡᠴᠡᠬᠦ ᠡᠳ᠋ ᠪᠣᠳᠠᠰ | ᠵᠡᠷᠭᠡ ᠶᠢᠨ ᠳᠡᠮᠵᠢᠯᠭᠡ ᠬᠠᠩᠭᠠᠵᠤ᠂ ᠡᠮᠴᠢᠯᠡᠭᠡ᠂ ᠬᠥᠳᠡᠭᠡ ᠲᠣᠰᠬᠤᠨ ᠤ ᠶᠠᠳᠠᠭᠤ ᠶᠢ ᠲᠡᠳᠬᠦᠬᠦ ᠬᠠᠮᠲᠤᠷᠠᠯᠴᠠᠭ᠎ᠠ ᠪᠠᠨ | ᠴᠢᠩᠭᠠᠳᠬᠠᠵᠤ᠂ ᠵᠠᠯᠠᠭᠤᠴᠤᠳ᠂ ᠰᠣᠶᠣᠯ᠂ ᠣᠷᠣᠨ ᠨᠤᠲᠤᠭ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ | ᠤᠯᠤᠰ ᠤᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ | ᠳᠤᠮᠳᠠᠳᠤ ᠤᠯᠤᠰ ᠳᠤᠷᠠᠲᠠᠶ᠎ᠠ ᠯᠠᠤᠰ ᠤᠨ ᠲᠠᠯ᠎ᠠ ᠲᠠᠢ ᠬᠠᠮᠲᠤ ᠪᠠᠷ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠩ ᠨᠢᠭᠳᠠ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ᠂ | ᠲᠣᠭᠲᠠᠭᠤᠨ᠂ ᠬᠥᠭᠵᠢᠯ ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠲᠦᠩᠯᠦ᠋ᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠲᠡᠦᠬᠡᠲᠦ ᠴᠢᠨᠠᠷᠲᠠᠢ ᠴᠢᠬᠤᠯᠠ ᠦᠷ᠎ᠡ | ᠪᠦᠲᠦᠭᠡᠯ ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ᠂ ᠳᠤᠮᠳᠠᠳᠤ ᠤᠯᠤᠰ ᠤᠨ ᠨᠠᠮ᠂ | ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠤᠷᠳᠤ ᠬᠤᠭᠤᠴᠠᠭᠠᠨ ᠤ ᠲᠤᠷᠰᠢ ᠯᠠᠤᠰ ᠲᠤ ᠡᠷᠬᠢᠮ ᠨᠠᠨᠳᠢᠨ | ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ | ᠯᠠᠤᠰ ᠳᠤᠮᠳᠠᠳᠤ ᠶᠢᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠳᠡᠭᠡᠳᠦ ᠬᠡᠮᠵᠢᠶᠡᠨ ᠤ | ᠦᠨᠡᠯᠡᠯᠲᠡ ᠪᠣᠯᠤᠨ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠲᠤᠬᠠᠢ ᠳᠤᠷᠠᠳᠤᠭᠰᠠᠨ ᠴᠢᠬᠤᠯᠠ | ᠰᠠᠨᠠᠯ ᠢ ᠪᠦᠷᠢᠮᠦᠰᠦᠨ ᠵᠥᠪᠰᠢᠶᠡᠷᠡᠨ᠎ᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ | ᠵᠠᠮ︾ ᠤᠨ ᠰᠠᠨᠠᠭᠠᠴᠢᠯᠠᠭ᠎ᠠ ᠶᠢᠨ ᠠᠴᠢ ᠪᠠᠷ ᠯᠠᠤᠰ ᠳᠤᠮᠳᠠᠳᠤ ᠶᠢᠨ ᠲᠡᠮᠤᠷ ᠵᠠᠮ ᠢ ᠪᠠᠶᠢᠭᠤᠯᠤᠨ ᠲᠡᠷᠬᠡ ᠨᠡᠪᠳᠡᠷᠡᠵᠤ᠂ | ᠯᠠᠤᠰ ᠤᠨ ᠠᠷᠠᠳ ᠲᠦᠮᠡᠨ ᠤ ᠲᠡᠮᠤᠷ ᠵᠠᠮ ᠤᠨ ᠵᠡᠭᠦᠳᠦ ᠡᠴᠦᠰ ᠲᠡᠭᠡᠨ ᠪᠡᠶᠡᠯᠡᠭᠳᠡᠪᠡ᠃ ᠯᠠᠤᠰ ᠤᠨ ᠬᠢᠨ ᠳᠤᠷᠠᠲᠠᠶ᠎ᠠ | ᠳᠤᠮᠳᠠᠳᠤ ᠶᠢᠨ ᠲᠠᠯ᠎ᠠ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ | ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠯᠠᠤᠰ ᠳᠤᠮᠳᠠᠳᠤ ᠶᠢᠨ ᠲᠡᠮᠤᠷ ᠵᠠᠮ ᠤᠨ ᠠᠵᠤ ᠠᠬᠤᠢ ᠶᠢᠨ | ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠵᠤ᠂ ᠯᠠᠤᠰ ᠳᠤᠮᠳᠠᠳᠤ ᠶᠢᠨ ᠠᠵᠤ ᠠᠬᠤᠢ ᠶᠢᠨ | ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠢᠮᠠᠭᠲᠠ | ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠴᠢᠬᠤᠯᠠ ᠲᠤᠯᠭᠠᠭᠤᠷᠢ ᠪᠤᠯᠵᠤ᠂ | ᠢᠮᠠᠭᠲᠠ ᠡᠩᠬᠡ ᠲᠠᠶᠢᠪᠤᠩ ᠨᠥᠬᠦᠷᠰᠡᠭ ᠪᠠᠶᠢᠬᠤ ᠭᠠᠳᠠᠭᠠᠳᠤ ᠬᠠᠷᠢᠯᠴᠠᠭᠠᠨ ᠤ ᠲᠦᠷᠤ ᠶᠢᠨ ᠪᠤᠳᠤᠯᠭ᠎ᠠ ᠶᠢ | ᠬᠡᠷᠡᠭᠵᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠵᠥᠪᠰᠢᠶᠡᠷᠡᠯ ᠢ ᠤᠯᠤᠭᠰᠠᠨ ᠪᠥᠭᠡᠳ ᠶᠠᠭ ᠨᠡᠩ ᠤᠯᠠᠨ ᠡᠩᠬᠡ | ᠲᠠᠶᠢᠪᠤᠩ ᠢ ᠡᠷᠬᠢᠮᠯᠡᠳᠡᠭ ᠳᠡᠯᠡᠬᠡᠢ ᠶᠢᠨ ᠡᠯ᠎ᠡ ᠤᠯᠤᠰ ᠤᠨ ᠡᠷᠡᠰ ᠪᠠᠲᠤ ᠳᠡᠮᠵᠢᠯᠭᠡ ᠶᠢ ᠣᠯᠵᠤ ᠪᠠᠶᠢᠨ᠎ᠠ᠃ ᠳᠤᠮᠳᠠᠳᠤ | ᠤᠯᠤᠰ ᠤᠨ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠦᠢ ᠶᠣᠰᠣᠨ ᠤ ᠵᠣᠭᠰᠣᠯᠲᠠ ᠶᠢ ᠯᠠᠤᠰ ᠤᠨ | ᠲᠠᠯ᠎ᠠ ᠡᠷᠡᠰ ᠳᠡᠮᠵᠢᠵᠦ᠂ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠡᠷᠡᠰ ᠳᠡᠮᠵᠢᠨ᠎ᠠ᠃ ᠯᠠᠤᠰ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠳᠤᠮᠳᠠᠳᠤ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ᠂ | ᠲᠣᠭᠲᠠᠭᠤᠨ᠂ ᠬᠥᠭᠵᠢᠯᠲᠡ ᠶᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠾᠧ ᠯᠢ ᠹᠧᠩ ᠨᠡᠷ ᠣᠷᠣᠯᠴᠠᠵᠠᠢ᠃ | |