ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6 ᠤ ᠡᠳᠦᠷ ᠬᠤᠷᠠᠯ ᠬᠤᠷᠠᠯᠳᠤᠭᠤᠯᠵᠤ᠂ 2022 | ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2022 | ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ | ᠰᠤᠳᠤᠯᠤᠨ ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠠᠵᠢᠯ ᠤᠨ ᠲᠦᠷᠢᠮ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ | ᠶᠢᠨ ᠫᠢᠩ ᠬᠤᠷᠠᠯ ᠢ ᠡᠷᠬᠢᠯᠡᠪᠡ᠃ | ᠬᠤᠷᠠᠯ ᠠᠴᠠ᠂ ᠡᠨᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠨᠢᠭᠡ ᠵᠢᠯ ᠮᠥᠨ᠂ ᠪᠢᠳᠡ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ | ᠡᠷᠢᠨ ᠵᠠᠭᠤᠨ ᠳᠤ ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠢ ᠯᠠᠪᠳᠠᠭᠤᠨ ᠢᠶᠠᠷ ᠠᠷᠭᠠᠴᠡᠭᠠᠵᠤ᠂ | ᠥᠭᠡᠷᠡᠴᠢᠯᠡᠯᠲᠡ ᠬᠥᠭᠵᠢᠯᠲᠡ ᠶᠢᠨ ᠪᠡᠷᠬᠡ ᠬᠠᠲᠠᠭᠤᠵᠢᠯᠲᠠᠶ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠮᠠᠨ ᠤ | ᠤᠯᠤᠰ ᠤᠨ ᠠᠵᠤ ᠠᠬᠤᠢ ᠶᠢᠨ ᠬᠥᠭᠵᠢᠯᠲᠡ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠵᠤ᠂ | ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠲᠦᠷᠭᠡᠨ | ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠤᠨ ᠳᠠᠪᠠᠭᠤᠯᠢᠭ ᠳᠡᠭᠡᠭᠰᠢᠯᠡᠵᠤ᠂ | ᠥᠭᠡᠷᠡᠴᠢᠯᠡᠯᠲᠡ ᠨᠡᠭᠡᠭᠡᠯᠳᠠ ᠭᠦᠨᠵᠡᠭᠡᠶᠢᠷᠡᠨ ᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ | ᠪᠦᠲᠦᠮᠵᠢᠲᠡᠢ ᠪᠤᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ | ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠦ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ | ᠠᠬᠤᠢ ᠶᠢᠨ ᠡᠷᠬᠢᠯᠳᠡ ᠵᠦᠢ ᠵᠣᠬᠢᠰᠲᠠᠢ ᠣᠷᠣᠨ ᠪᠠᠶᠢᠷᠢ ᠳᠤ ᠪᠠᠶᠢᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠡᠷᠡᠭᠲᠡᠢ᠃ ᠬᠤᠷᠸ᠎ᠠ ᠲᠦᠷᠦ ᠶᠢᠨ ᠪᠤᠳᠤᠯᠭ᠎ᠠ ᠶᠢ | ᠯᠠᠪᠳᠠᠭᠤᠨ ᠪᠥᠭᠡᠳ ᠪᠦᠲᠦᠮᠵᠢᠲᠡᠢ ᠪᠠᠶᠢᠯᠭᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠪᠠ | ᠵᠣᠭᠤᠰᠣᠨ ᠤ ᠯᠠᠪᠳᠠᠭᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠳᠠᠢ᠃ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠨᠤᠴᠠᠲᠠᠢ᠂ | ᠦᠷᠭᠦᠯᠵᠢᠯᠡᠬᠦᠶᠢᠴᠡ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠵᠣᠭᠤᠰᠣᠨ ᠤ ᠯᠠᠪᠳᠠᠭᠤᠨ ᠲᠦᠷᠦ ᠶᠢᠨ | ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ | ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ | ᠰᠠᠶᠢᠲᠤᠷ ᠬᠡᠷᠡᠭᠵᠢᠭᠦᠯᠵᠦ᠂ ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠂ ᠪᠦᠲᠦᠮᠵᠢᠲᠡᠢ ᠪᠡᠯᠡ | ᠣᠷᠣᠭᠤᠯᠤᠯᠲᠠ ᠶᠢ ᠢᠳᠡᠪᠬᠢᠲᠡᠢ ᠥᠷᠭᠡᠳᠭᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠬᠡᠷᠡᠭᠳᠠᠢ᠃ ᠬᠤᠮᠠᠬᠢ ᠲᠦᠷᠦ ᠶᠢᠨ ᠪᠤᠳᠤᠯᠭ᠎ᠠ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠬᠤ ᠬᠡᠷᠡᠭᠲᠡᠢ᠃ ᠪᠦᠲᠦᠴᠡ ᠶᠢᠨ ᠲᠦᠷᠦ ᠶᠢᠨ ᠪᠤᠳᠤᠯᠭ᠎ᠠ ᠪᠠᠷ ᠤᠯᠤᠰ ᠠᠷᠠᠳ ᠤᠨ ᠠᠵᠤ ᠠᠬᠤᠢ ᠶᠢᠨ | ᠡᠷᠬᠢᠯᠳᠡ ᠶᠢ ᠬᠦᠴᠦᠯᠠᠨ ᠰᠢᠯᠤᠭᠤᠳᠬᠠᠵᠤ᠂ ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ | ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ ᠬᠡᠷᠡᠭᠲᠡᠢ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ | ᠪᠠᠶᠢᠰᠢᠩ ᠤᠨ ᠵᠠᠬ᠎ᠠ ᠳᠡᠯᠭᠡᠭᠦᠷ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢ ᠲᠡᠮᠵᠢᠵᠤ᠂ ᠭᠡᠷ ᠭᠠᠵᠠᠷ ᠤᠨ ᠬᠦᠷᠦᠩᠭᠡ ᠶᠢᠨ | ᠦᠢᠯᠡᠰ ᠤᠨ ᠡᠷᠡᠭᠦᠯ ᠢᠶᠠᠷ ᠬᠥᠭᠵᠢᠬᠦ ᠪᠠ ᠰᠠᠶᠢᠨ ᠰᠠᠶᠢᠬᠠᠨ ᠣᠷᠴᠢᠯ ᠢ ᠠᠬᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠤᠨ | ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠤᠨ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ | ᠬᠡᠷᠡᠭᠲᠡᠢ᠃ ᠥᠭᠡᠷᠡᠴᠢᠯᠡᠯᠲᠡ ᠨᠡᠭᠡᠭᠡᠯᠳᠠ ᠶᠢᠨ ᠲᠦᠷᠦ ᠶᠢᠨ ᠪᠤᠳᠤᠯᠭ᠎ᠠ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ | ᠴᠢᠩᠭᠠᠳᠬᠠᠵᠤ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠠᠬᠢᠭᠤᠯᠵᠤ᠂ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠤᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠰᠠᠶᠢᠲᠤᠷ | ᠠᠳᠬᠤᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠥᠷᠭᠡᠳᠭᠡᠬᠦ ᠬᠡᠷᠡᠭᠲᠡᠢ᠃ ᠨᠡᠶᠢᠭᠡᠮ ᠤᠨ | ᠲᠦᠷᠦ ᠶᠢᠨ ᠪᠤᠳᠤᠯᠭ᠎ᠠ ᠪᠠᠷ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤᠯᠠᠵᠤ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠷᠡᠵᠢᠯ ᠤᠨ ᠰᠢᠨ᠎ᠡ | ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ | ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠠᠴᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ | ᠲᠦᠷᠢᠮ ᠢ ᠪᠦᠷᠢᠨᠰᠢᠬᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠦᠨᠦ ᠵᠢᠯ ᠤᠨ ᠡᠴᠦᠰ ᠢᠷᠡᠬᠦ ᠵᠢᠯ ᠤᠨ ᠡᠬᠢᠨ ᠤ ᠡᠯ᠎ᠠ ᠲᠠᠯ᠎ᠠ ᠶᠢᠨ ᠠᠵᠢᠯ ᠢ ᠰᠠᠶᠢᠲᠤᠷ | ᠬᠢᠵᠦ᠂ ᠠᠷᠠᠳ ᠤᠯᠠᠨ ᠤ ︽ᠬᠤᠶᠠᠷ ᠪᠠᠶᠠᠷ︾ ᠢ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ | ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠤᠳᠤᠨ᠎ᠠ ᠪᠠᠨ ᠲᠠᠬᠢᠨ ᠲᠠᠷᠬᠠᠨ ᠳᠡᠯᠭᠡᠷᠡᠬᠦ ᠶᠢ | ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ | ᠣᠨᠢᠨ ᠲᠡᠭᠡᠷ᠎ᠡ ᠨᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠴᠠᠬᠢᠯᠭᠠᠨ ᠲᠣᠰᠣ ᠬᠡᠢ | ᠲᠡᠭᠡᠭᠡᠪᠦᠷᠢ ᠶᠢᠨ ᠪᠠᠳᠤᠯᠠᠭ᠎ᠠ ᠶᠢᠨ ᠬᠠᠩᠭᠠᠯᠭ᠎ᠠ ᠶᠢ ᠨᠢᠭᠡᠳᠦᠯᠲᠡᠶ ᠲᠦᠯᠦᠪᠵᠢᠭᠦᠯᠦᠨ ᠲᠣᠬᠢᠷᠠᠭᠤᠯᠵᠤ᠂ ᠠᠷᠠᠳ ᠣᠯᠠᠨ ᠤ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ᠃ ᠬᠥᠯᠥᠰᠥᠨ ᠲᠠᠷᠢᠶᠠᠴᠢᠳ ᠤᠨ ᠴᠠᠯᠢᠩ ᠢ ᠥᠭᠬᠦ ᠶᠢ | ᠪᠠᠲᠤᠯᠠᠬᠤ ᠬᠡᠷᠡᠭᠲᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠢ ᠰᠠᠶᠢᠲᠤᠷ ᠬᠢᠵᠦ᠂ | ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠨ | ᠡᠷᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨ ᠨᠠᠮ ᠤᠨ ᠲᠦᠷᠢᠮ ᠪᠣᠯᠤᠨ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠭᠡᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ | ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠶᠢᠨ ᠲᠤᠭᠤᠷᠢᠨ ᠳᠤ ᠤᠯᠤᠰ | ᠲᠥᠷᠥ ᠶᠢᠨ ᠬᠢᠨᠠᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ | ᠴᠥᠬᠦᠷᠡᠰᠢ ᠦᠭᠡᠢ ᠠᠬᠢᠭᠤᠯᠵᠤ᠂ ︽ᠳᠥᠷᠪᠡᠨ ᠰᠤᠷᠲᠠᠯ︾ ᠤᠨ ᠠᠷᠬᠠᠭ ᠬᠡᠮ ᠢ ᠬᠦᠴᠦᠯᠡᠨ ᠵᠠᠯᠠᠷᠠᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠠᠭ ᠢᠮᠠᠭᠲᠠ | ᠵᠣᠭᠰᠣᠯ ᠦᠭᠡᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠤᠨ ᠰᠤᠷᠲᠠᠯ ᠤᠨ ᠠᠰᠠᠭᠤᠳᠠᠯ ᠢ ᠡᠷᠡᠰ | ᠴᠡᠭᠴᠡᠯᠡᠨ ᠵᠠᠰᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠤᠯᠢ ᠪᠠᠷᠢᠬᠤ ᠳᠤ ᠬᠢᠨᠠᠯᠳᠠ ᠲᠠᠯᠪᠢᠬᠤ ᠠᠵᠢᠯ ᠢ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠥᠷᠨᠢᠭᠦᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ | ᠬᠡᠪ ᠰᠤᠷᠲᠠᠯ ᠢ ᠲᠥᠪ ᠴᠢᠩᠭ᠎ᠠ ᠪᠤᠯᠭᠠᠵᠤ᠂ ︽ᠲᠦᠷᠪᠡᠨ ᠵᠦᠢᠯ ᠤᠨ ᠬᠡᠯᠪᠡᠷᠢ︾ ᠶᠢ ᠭᠦᠨᠵᠡᠭᠡᠢ ᠬᠡᠷᠡᠭᠯᠡᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ | ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠴᠡᠪᠡᠷᠰᠢᠭᠦᠯᠬᠦ ᠡᠷᠴᠢᠮ ᠢ ᠴᠢᠩᠭᠠᠷᠠᠭᠤᠯᠵᠤ᠂ ᠢᠯᠵᠢᠷᠡᠬᠦ ᠠᠴᠠ | ᠵᠢᠷᠤᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠶᠢ ᠨᠢᠭᠡ ᠴᠣᠭᠴᠠᠵᠢᠭᠤᠯᠤᠨ | ᠠᠬᠢᠭᠤᠯᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠵᠠᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠮᠠᠨ ᠤ ᠨᠠᠮ ᠤᠨ ᠪᠤᠰᠤᠳ | ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠠᠴᠠ ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ | ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ | ᠥᠭᠴᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠤᠨ ᠵᠤᠷᠢᠬ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠮ ᠤᠨ ᠵᠠᠭᠤᠨ | ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠤᠬᠠᠮᠰᠠᠷ ᠠᠴᠠ ᠪᠠᠨ ᠬᠡᠷᠡᠭᠯᠡᠵᠤ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠤ᠂ | ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠬᠡᠢ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠯᠬᠠᠭᠠᠨ ᠰᠢᠢᠳᠭᠡᠵᠦ ᠰᠦᠷᠳᠡᠭᠦᠯᠬᠦ᠂ | ᠳᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠤᠨ ᠬᠦᠴᠦᠯᠡᠵᠤ᠂ ᠨᠡᠩ | ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠣᠯᠤᠨ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠤᠯᠬᠤ ᠪᠠᠷ | ᠴᠢᠷᠮᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠷᠤᠮᠵᠢᠭᠰᠡᠨ᠂ ᠬᠠᠤᠯᠢᠵᠢᠭᠰᠡᠨ᠂ | ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠵᠤ᠂ ᠪᠠᠳᠤᠯᠠᠨ ᠬᠡᠷᠡᠭᠵᠢᠬᠦᠯᠬᠦ ᠳᠤ ᠬᠢᠨᠠᠯᠲᠠ ᠲᠠᠯᠪᠢᠬᠤ᠂ | ᠲᠡᠭᠦᠯᠳᠡᠷᠵᠢᠭᠦᠯᠦᠨ ᠬᠦᠭᠵᠢᠬᠦᠯᠬᠦ ᠶᠢ ᠠᠬᠢᠭᠤᠯᠬᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠭᠡᠷᠡᠭᠳᠠᠢ ᠬᠡᠵᠤ | ᠴᠢᠬᠤᠯᠠᠴᠢᠯᠠᠪᠠ᠃ | ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 2021 ᠣᠨ ᠤ ᠠᠵᠢᠯ ᠤᠨ ᠪᠠᠶᠢᠳᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠥᠬᠦᠳᠡ | ᠬᠤᠷᠠᠯ ᠤᠨ ᠪᠡᠯᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 18 ᠠᠴᠠ 20 ᠤ ᠡᠳᠦᠷ ᠪᠣᠯᠲᠠᠯ᠎ᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠢ | ᠬᠤᠷᠠᠯᠳᠤᠭᠤᠯᠬᠤ ᠶᠢ ᠵᠥᠪᠰᠢᠶᠡᠷᠡᠪᠡ᠃ | ᠬᠤᠷᠠᠯ ᠠᠴᠠ᠂ ᠨᠠᠮ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭᠠᠲᠤ ᠪᠠᠶᠢᠭᠤᠯᠭ᠎ᠠ ᠪᠣᠯᠤᠨ᠎ᠠ᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠦᠷᠢᠮ︾ ᠨᠢ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠨᠤᠯ ᠤᠨ ᠦᠷ᠎ᠡ | ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠨᠠᠮ ᠤᠨ | ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠶᠢᠭᠤᠯᠤᠮᠵᠢ᠂ ᠪᠤᠢ ᠪᠤᠯᠵᠤ | ᠠᠵᠢᠯᠯᠠᠬᠤ᠂ ᠡᠭᠦᠷᠭᠡ ᠲᠤᠰᠢᠶᠠᠯ ᠬᠠᠷᠢᠭᠤᠴᠠᠯᠭ᠎ᠠ ᠵᠡᠷᠭᠡ ᠶᠢ ᠪᠦᠬᠦ ᠲᠠᠯ᠎ᠠ ᠪᠠᠷ ᠵᠢᠷᠤᠮᠵᠢᠭᠤᠯᠪᠠ᠃ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ ︽ᠲᠦᠷᠢᠮ︾ ᠢ ᠲᠣᠭᠲᠠᠭᠠᠨ ᠨᠡᠶᠢᠲᠡᠯᠡᠭᠰᠡᠨ ᠨᠢ | ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠢ ᠢᠯᠡᠷᠡᠭᠦᠯᠵᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠨᠠᠮ ᠪᠣᠯᠤᠨ ᠤᠯᠤᠰ ᠤᠨ | ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠶᠯᠡᠴᠢᠯᠡᠬᠦ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠤᠨ ᠲᠠᠯ᠎ᠠ ᠪᠠᠷ ᠰᠢᠨ᠎ᠡ ᠦᠢᠯᠡᠳᠦᠯ ᠴᠢᠳᠡᠪᠬᠢ ᠶᠢ ᠪᠠᠳᠠᠷᠠᠭᠤᠯᠵᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ | ᠬᠡᠷᠡᠭᠵᠢᠭᠦᠯᠬᠦ ᠶᠢ ᠤᠶᠠᠯᠳᠤᠭᠤᠯᠬᠤ ᠲᠠᠯ᠎ᠠ ᠪᠠᠷ ᠰᠢᠨ᠎ᠡ ᠲᠣᠭᠲᠡᠴᠡ ᠶᠢ ᠪᠦᠷᠢᠯᠳᠦᠭᠦᠯᠵᠦ᠂ ᠰᠢᠰᠲ᠋ᠧᠮ ᠲᠠᠢ ᠵᠠᠰᠠᠬᠤ᠂ | ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠬᠤ ᠬᠡᠷᠡᠭᠲᠡᠶ᠃ ᠡᠷᠬᠡ ᠶᠢᠨ | ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠳᠣᠲᠣᠭᠠᠳᠤ ᠡᠵᠡᠮᠳᠡᠯ ᠤᠨ ᠲᠣᠭᠲᠡᠴᠡ ᠶᠢ ᠴᠢᠩᠳᠠᠯᠠᠨ᠂ ᠬᠠᠤᠯᠢᠵᠢᠯ ᠤᠨ | ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠯᠵᠢᠷᠡᠯ ᠢ | ᠰᠡᠷᠭᠡᠶᠢᠯᠡᠨ ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠮ᠎ᠡ ᠶᠣᠰᠣᠨ ᠳᠤ | ᠨᠡᠶᠢᠴᠡᠭᠰᠡᠨ ᠵᠣᠬᠢᠶᠠᠨ ᠪᠠᠶᠢᠭᠤᠯᠤᠯᠲᠠ ᠶᠢᠨ ᠲᠦᠷᠢᠮ᠂ ᠠᠵᠢᠯᠯᠠᠭᠠᠨ ᠤ ᠠᠷᠭ᠎ᠠ ᠬᠡᠯᠪᠡᠷᠢ ᠪᠠ ᠬᠢᠨᠠᠨ ᠵᠥᠪᠰᠢᠶᠡᠷᠡᠬᠦ | ᠲᠡᠰ ᠲᠠᠷᠠᠭᠠᠯᠠᠯ ᠢ ᠲᠠᠰᠤᠷᠠᠯᠳᠠ ᠦᠭᠡᠢ ᠪᠦᠷᠢᠨᠰᠢᠬᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠦᠵᠡᠯ | ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠢ ᠮᠡᠷᠭᠡᠵᠢᠯ ᠤᠨ | ᠪᠣᠯᠪᠠᠰᠤᠷᠠᠯ ᠢᠶᠠᠨ ᠴᠢᠩᠭᠠᠳᠬᠠᠵᠤ᠂ ᠲᠤᠰ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠰᠡᠳᠭᠢᠯ ᠳᠡᠭᠡᠨ ᠬᠠᠷᠢᠭᠤᠴᠠᠯᠭ᠎ᠠ ᠪᠠᠨ ᠪᠤᠳᠤᠵᠦ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠨ᠂ | ᠠᠵᠢᠯᠯᠠᠭ᠎ᠠ ᠲᠡᠭᠡᠷ᠎ᠡ ᠪᠠᠨ ᠬᠠᠷᠢᠭᠤᠴᠠᠯᠭ᠎ᠠ ᠪᠠᠨ ᠭᠦᠢᠴᠡᠳᠭᠡᠵᠦ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠵᠢᠷᠦᠮᠯᠠᠨ | ᠬᠠᠤᠯᠢ ᠴᠠᠭᠠᠵᠠ ᠶᠢ ᠰᠠᠬᠢᠬᠤ ᠬᠡᠪ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | |