ᠲᠡᠳᠡ ᠤᠷᠠᠨ ᠵᠢᠷᠤᠭ ᠢᠶᠠᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠶᠤᠨ ᠰᠠᠨᠠᠭᠠᠨ ᠤ ᠬᠦᠴᠦ  ᠨᠡᠮᠡᠷᠢᠯᠡᠪᠡ
ᠨᠡᠶᠢᠲᠡᠯᠡᠭᠰᠡᠨ ᠴᠠᠭ᠄
2021/12/24

      ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠪᠤᠭᠤᠮᠲᠠ ᠰᠢᠪᠲᠤᠯᠬᠤ ᠱᠠᠳᠤᠨ ᠳᠤ ᠤᠷᠤᠵᠤ᠂ ᠡᠯ᠎ᠡ ᠠᠵᠢᠯ  

ᠲᠥᠷᠥᠯ ᠤᠨ ᠬᠥᠮᠦᠰ ᠴᠥᠮ ᠡᠨᠡ ᠤᠳᠠᠭ᠎ᠠ ᠶᠢᠨ ᠣᠲᠤᠭ᠎ᠠ ᠥᠬᠡᠶ ᠳᠠᠶᠢᠯᠠᠯᠳᠤᠭᠠᠨ ᠳᠤ ᠤᠷᠤᠯᠴᠠᠪᠠ᠃ ᠲᠡᠳᠡ  

ᠬᠠᠮᠠᠭᠠᠯᠠᠯᠲᠠ ᠶᠢᠨ ᠬᠤᠪᠴᠠᠰᠤ ᠡᠮᠦᠰᠴᠦ ᠮᠠᠨᠵᠤᠤᠷ ᠤᠨ ᠵᠡᠭᠡᠯᠢ ᠭᠤᠳᠤᠮᠵᠢ ᠪᠠᠷ ᠬᠢᠵᠢᠭ ᠢ ᠰᠡᠷᠭᠡᠶᠢᠯᠡᠨ  

ᠶᠠᠭᠠᠷᠠᠯᠳᠤᠵᠤ᠂ ᠡᠨᠡ ᠬᠤᠲᠠ ᠶᠢ ᠰᠠᠬᠢᠨ ᠬᠠᠮᠠᠭᠠᠯᠠᠵᠤ ᠪᠠᠶᠢᠨ᠎ᠠ᠃

      2021 ᠣᠨ ᠤ 12 ᠰᠠᠷ᠎ᠠ ᠶᠢᠨ 4 ᠤ ᠡᠳᠦᠷ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ  

ᠰᠣᠶᠣᠯ ᠤᠨ ᠣᠷᠳᠣᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ  

ᠭᠡᠰᠢᠭᠦᠳ ᠢ ᠵᠣᠬᠢᠶᠠᠨ ᠪᠠᠶᠢᠭᠤᠯᠵᠤ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠤᠷᠤᠰᠬᠠᠯ ᠰᠦᠷᠦᠨ  

ᠤᠷᠤᠭᠰᠢᠯᠠᠵᠤ ᠪᠠᠶᠢᠭ᠎ᠠ ᠬᠦᠮᠦᠰ ᠤᠨ ᠬᠠᠷᠠᠮ ᠦᠭᠡᠶ ᠵᠣᠷᠢᠭᠤᠯᠬᠤ ᠵᠣᠷᠢᠭ ᠰᠠᠨᠠᠭ᠎ᠠ ᠵᠢᠴᠢ ᠬᠢᠵᠢᠭ ᠢ ᠡᠰᠡᠷᠭᠦᠴᠡᠨ  

ᠵᠠᠪᠠᠯ ᠢᠯᠠᠯᠲᠠ ᠤᠯᠬᠤ ᠡᠷᠡᠰ ᠵᠣᠷᠢᠭ ᠢ ᠪᠢᠷ ᠪᠡᠭᠡ ᠪᠠᠷ ᠢᠯᠡᠷᠡᠭᠦᠯᠵᠦ᠂ ᠪᠢᠷ ᠪᠡᠬᠡᠰ ᠢᠶᠠᠷ ᠬᠢᠵᠢᠭ ᠤᠨ ᠪᠠᠶᠢᠳᠠᠯ ᠢ  

ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠪᠠᠶᠢᠯᠳᠤᠵᠤ ᠪᠠᠶᠢᠭ᠎ᠠ ᠠᠷᠠᠳ ᠤᠨ ᠴᠠᠭᠳᠠᠭ᠎ᠠ᠂ ᠡᠮᠴᠢ ᠰᠤᠪᠢᠯᠠᠭᠴᠢ᠂  

ᠡᠯ᠎ᠡ ᠠᠵᠢᠯ ᠲᠦᠷᠦᠯ ᠤᠨ ᠠᠵᠢᠯᠯᠠᠭᠰᠠᠳ ᠲᠤ ᠡᠷᠴᠢ ᠵᠣᠷᠢᠭ ᠨᠡᠮᠡᠷᠢᠯᠡᠵᠦ᠂ ᠮᠠᠨᠵᠤᠤᠷ ᠲᠤ ᠬᠠᠶᠢᠷ᠎ᠠ ᠬᠠᠯᠠᠮᠵᠢ  

ᠨᠡᠮᠡᠷᠢᠯᠡᠪᠡ᠃

 

 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号