ᠤᠯᠤᠰ ᠤᠨ ᠲᠡᠷᠢᠭᠦᠯᠡᠭᠴᠢ ᠰᠢ ᠶᠢᠨ ᠫᠢᠩ 3 ᠰᠠᠷ᠎ᠠ ᠶᠢᠨ 25 ᠤ ᠦᠳᠡ ᠶᠢᠨ ᠬᠤᠶᠢᠨ᠎ᠠ ᠠᠩᠭ᠍ᠯᠢ ᠶᠢᠨ | ᠲᠡᠷᠢᠭᠦᠨ ᠰᠠᠶᠢᠳ ᠵᠤᠨᠰᠤᠨ ᠲᠠᠢ ᠤᠲᠠᠰᠤ ᠪᠠᠷ ᠶᠠᠷᠢᠯᠴᠠᠵᠠᠢ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠩᠭ᠍ᠯᠢ ᠡᠯᠴᠢᠨ ᠰᠠᠶᠢᠳ ᠤᠨ ᠲᠡᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠃ ᠬᠠᠭᠠᠰ ᠵᠠᠭᠤᠨ ᠤ ᠲᠤᠷᠰᠢ᠂ ᠳᠤᠮᠳᠠᠳᠤ ᠠᠩᠭ᠍ᠯᠢ ᠶᠢᠨ | ᠬᠠᠷᠢᠯᠴᠠᠭ᠎ᠠ ᠬᠡᠳᠦ᠋ᠢᠪᠡᠷ ᠨᠤᠭᠤᠷᠠᠯ ᠪᠦᠳᠦᠷᠢᠯ ᠳᠤ ᠤᠴᠠᠷᠠᠭᠰᠠᠨ ᠪᠣᠯᠪᠠᠴᠤ ᠶᠡᠷᠦᠩᠬᠡᠢ ᠳᠡᠭᠡᠨ ᠲᠠᠰᠤᠷᠠᠯᠳᠠ ᠦᠭᠡᠢ | ᠬᠥᠭᠵᠢᠪᠡ᠃ ᠬᠤᠶᠠᠷ ᠤᠯᠤᠰ ᠤᠨ ᠠᠷᠠᠯᠵᠢᠶᠠᠨ ᠤ ᠬᠡᠮᠵᠢᠶ᠎ᠡ 3 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ ᠮᠢᠩᠭᠠᠨ | ᠳ᠋ᠦᠩᠰᠢᠭᠤᠷ ᠳ᠋ᠣᠯᠯᠠᠷ ᠪᠣᠯᠤᠨ ᠨᠡᠮᠡᠭᠳᠡᠵᠦ᠂ ᠬᠤᠣᠰ ᠴᠢᠭᠯᠡᠯᠲᠦ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷᠤᠭ ᠦᠬᠡᠢ | ᠪᠠᠶᠢᠭᠰᠠᠨ ᠠᠴᠠ ᠪᠠᠨ 500 ᠳ᠋ᠦᠩᠰᠢᠭᠤᠷ ᠳ᠋ᠣᠯᠯᠠᠷ ᠪᠣᠯᠤᠨ ᠨᠡᠮᠡᠭᠳᠡᠪᠡ᠃ ᠨᠢᠳᠤᠨᠤᠨ ᠳᠤᠮᠳᠠᠳᠤ ᠠᠩᠭ᠍ᠯᠢᠶᠢᠨ | ᠠᠷᠠᠯᠵᠢᠶ᠎ᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠤᠨ ᠠᠩᠭ᠍ᠯᠢ ᠳᠠᠬᠢ ᠪᠠᠯᠠ ᠣᠷᠣᠭᠤᠯᠤᠯᠲᠠ | ᠬᠤᠶᠠᠷ ᠳᠠᠬᠢᠨ ᠭᠠᠷᠤᠶ ᠨᠡᠮᠡᠭᠳᠡᠵᠠᠢ᠃ ᠠᠩᠭ᠍ᠯᠢ ᠶᠢᠨ ᠪᠡᠯᠡ ᠤᠷᠤᠭᠤᠯᠤᠬᠰᠠᠨ ᠠᠵᠤ ᠠᠬᠤᠶᠢᠯᠠᠯ ᠳᠤᠮᠳᠠᠳᠤ | ᠤᠯᠤᠰ ᠤᠨ ᠥᠭᠡᠷᠡᠴᠢᠯᠡᠯᠲᠡ ᠨᠡᠬᠡᠬᠡᠯᠳᠡ ᠳᠤ ᠢᠳᠡᠪᠬᠢᠲᠡᠢ ᠣᠷᠣᠯᠴᠠᠪᠠ᠃ ᠯᠣᠨᠳᠣᠨ ᠠᠷᠠᠳ ᠤᠨ ᠵᠣᠭᠤᠰ ᠤᠨ | ᠳᠡᠯᠡᠬᠡᠶ ᠳᠡᠭᠡᠷᠡᠬᠢ ᠬᠠᠮᠤᠭ ᠤᠨ ᠲᠣᠮᠣ ᠬᠢᠯᠢ ᠶᠢᠨ ᠭᠠᠳᠠᠨᠠᠬᠢ ᠠᠷᠠᠯᠵᠢᠶᠠᠨ ᠤ ᠲᠥᠪ ᠪᠣᠯᠪᠠ᠃ ᠬᠤᠶᠠᠷ ᠤᠯᠤᠰ ᠪᠦᠬᠦ | ᠪᠥᠮᠪᠥᠷᠴᠡᠭ ᠤᠨ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠲᠠᠯ᠎ᠠ ᠪᠠᠷ ᠵᠣᠬᠢᠴᠠᠭᠤᠯᠤᠨ | ᠬᠠᠮᠵᠢᠯᠴᠠᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠬᠤ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠠᠩᠭ᠍ᠯᠢ ᠶᠢᠨ ᠤᠯᠤᠰ ᠤᠨ ᠪᠠᠶᠢᠳᠠᠯ ᠠᠳᠠᠯᠢ ᠦᠭᠡᠢ᠂ ᠬᠥᠭᠵᠢᠯᠲᠡ ᠶᠢᠨ ᠵᠠᠮ ᠴᠤ | ᠠᠳᠠᠯᠢ ᠦᠭᠡᠢ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠪᠣᠯᠤᠨ ᠠᠯᠤᠰ ᠬᠡᠳᠤ ᠠᠴᠠ ᠪᠣᠳᠣᠯᠬᠢᠯᠠᠵᠤ᠂ | ᠬᠠᠷᠢᠯᠴᠠᠨ ᠬᠦᠨᠳᠦᠳᠭᠡᠬᠦ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠤᠪᠤᠷ ᠢᠶᠠᠷ᠂ ᠶᠠᠷᠢᠯᠴᠠᠭ᠎ᠠ | ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠭᠡᠪᠡᠯ ᠵᠣᠬᠢᠨ᠎ᠠ᠃ | ᠳᠤᠮᠳᠠᠳᠤ ᠶᠢᠨ ᠲᠠᠯ᠎ᠠ ᠳᠤᠷᠠᠲᠠᠶ᠎ᠠ ᠦᠨᠡᠨᠴᠢ᠂ ᠨᠡᠭᠡᠭᠡᠯᠲᠡᠲᠡᠢ᠂ ᠪᠠᠭᠲᠠᠭᠠᠮᠵᠢᠲᠠᠢ ᠣᠪᠣᠷ ᠢᠶᠠᠷ ᠠᠩᠭ᠍ᠯᠢ ᠶᠢᠨ ᠲᠠᠯ᠎ᠠ ᠲᠠᠢ | ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠦᠨ᠎ᠡ᠂ ᠠᠩᠭ᠍ᠯᠢ ᠶᠢᠨ ᠲᠠᠯ᠎ᠠ ᠶᠢᠨ ᠬᠢᠨ ᠪᠤᠰᠤᠳᠴᠢ ᠲᠥᠪ ᠭᠤᠣᠯᠴᠢ | ᠣᠪᠣᠷ ᠢᠶᠠᠷ ᠳᠤᠮᠳᠠᠳᠤ ᠤᠯᠤᠰ ᠪᠣᠯᠤᠨ ᠳᠤᠮᠳᠠᠳᠤ ᠠᠩᠭ᠍ᠯᠢ ᠶᠢᠨ ᠬᠠᠷᠢᠯᠴᠠᠭ᠎ᠠ ᠳᠤ ᠬᠠᠨᠳᠤᠵᠤ᠂ ᠳᠤᠮᠳᠠᠳᠤ ᠶᠢᠨ | ᠲᠠᠯ᠎ᠠ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠶᠢ | ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃ | ᠵᠤᠨᠰᠤᠨ᠂ ᠠᠩᠭ᠍ᠯᠢ ᠳᠤᠮᠳᠠᠳᠤ ᠶᠢᠨ ᠬᠠᠷᠢᠯᠴᠠᠭ᠎ᠠ ᠲᠦᠢᠯ ᠤᠨ ᠴᠢᠬᠤᠯᠠ ᠶᠤᠮ᠃ ᠠᠩᠭ᠍ᠯᠢ ᠳᠤᠮᠳᠠᠳᠤ ᠶᠢᠨ | ᠠᠷᠠᠯᠵᠢᠶ᠎ᠠ ᠲᠦᠷᠭᠡᠨ ᠨᠡᠮᠡᠭᠳᠡᠵᠦ᠂ ᠠᠩᠭ᠍ᠯᠢ ᠳᠤ ᠰᠤᠷᠤᠯᠴᠠᠵᠤ ᠪᠠᠶᠢᠭ᠎ᠠ ᠳᠤᠮᠳᠠᠳᠤ ᠤᠯᠤᠰ ᠤᠨ ᠰᠤᠷᠤᠭᠴᠢ ᠧᠦ᠋ᠷᠣᠫᠠ | ᠲᠢᠪ ᠤᠨ ᠠᠯᠢ ᠨᠢᠭᠡᠨ ᠤᠯᠤᠰ ᠤᠨ ᠬᠢ ᠠᠴᠠ ᠴᠤ ᠪᠦᠷ ᠠᠷᠪᠢᠨ ᠪᠠᠶᠢᠨ᠎ᠠ᠂ ᠠᠩᠭ᠍ᠯᠢ ᠶᠢᠨ ᠲᠠᠯ᠎ᠠ ᠡᠭᠦᠨ ᠳᠤ | ᠣᠮᠣᠭᠰᠢᠵᠤ ᠪᠠᠶᠢᠨ᠎ᠠ᠃ ᠠᠩᠭ᠍ᠯᠢ ᠳᠤᠮᠳᠠᠳᠤ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ | ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠮᠥᠨ᠂ ᠮᠠᠰᠢ ᠤᠯᠠᠨ ᠠᠰᠠᠭᠤᠳᠠᠯ ᠳᠡᠭᠡᠷ᠎ᠡ | ᠬᠠᠮᠲᠤ ᠶᠢᠨ ᠠᠰᠢᠭ ᠲᠤᠰᠠ ᠲᠠᠢ ᠪᠠᠶᠢᠵᠤ᠂ ᠬᠠᠮᠲᠤᠷᠠᠨ ᠠᠵᠢᠯᠯᠠᠵᠤ ᠪᠣᠯᠬᠤ ᠶᠠᠪᠤᠳᠠᠯ ᠮᠠᠰᠢ ᠤᠯᠠᠨ ᠪᠠᠶᠢᠨ᠎ᠠ᠃ | ᠠᠩᠭ᠍ᠯᠢ ᠶᠢᠨ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠦᠨᠡᠨᠴᠢ ᠶᠠᠷᠢᠯᠴᠠᠭ᠎ᠠ ᠥᠷᠨᠢᠭᠦᠯᠵᠦ᠂ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ | ᠥᠷᠭᠡᠳᠭᠡᠵᠦ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠪᠦᠬᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠪᠣᠯᠤᠨ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ | ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠦᠨ᠎ᠡ ᠭᠡᠵᠦ ᠢᠯᠡᠳᠭᠡᠪᠡ᠃ | ᠬᠤᠶᠠᠷ ᠤᠯᠤᠰ ᠤᠨ ᠤᠳᠤᠷᠢᠳᠬᠤ ᠬᠥᠮᠦᠨ ᠪᠠᠰᠠ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ | ᠰᠣᠯᠢᠯᠴᠠᠵᠠᠶ᠃ | ᠰᠢ ᠶᠢᠨ ᠫᠢᠩ ᠳᠤᠮᠳᠠᠳᠤ ᠶᠢᠨ ᠲᠠᠯ᠎ᠠ ᠶᠢᠨ ᠵᠠᠷᠴᠢᠮ ᠪᠠ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ | ᠳᠡᠯᠡᠬᠡᠶ ᠨᠡᠶᠢᠬᠡᠮ ᠢᠶᠠᠷ ᠢᠶᠠᠨ ᠦᠨᠡᠨ ᠬᠦ ᠨᠠᠶᠢᠷᠠᠮᠳᠠᠬᠤ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠨ᠂ ᠦᠺᠷᠠᠶᠢᠨ ᠤ | ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠦᠺᠷᠠᠶᠢᠨ ᠡᠷᠲᠡᠬᠡᠨ | ᠡᠩᠬᠡ ᠲᠠᠶᠢᠪᠤᠩ ᠪᠤᠯᠬᠤ ᠶᠢ ᠠᠬᠢᠭᠤᠯᠪᠠᠯ ᠵᠤᠬᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠦᠷᠭᠦᠯᠵᠢᠯᠡᠨ ᠡᠭᠦᠨ ᠤ | ᠲᠥᠯᠥᠭᠡ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠤ ᠴᠢᠬᠤᠯᠠᠴᠢᠯᠠᠪᠠ᠃ |