| | | | 3 ᠰᠠᠷ᠎ᠠ ᠶᠢᠨ 30 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ | ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠪᠡᠭᠡᠵᠢᠩ | ᠬᠤᠳᠠ ᠶᠢᠨ ᠳ᠋ᠠᠰᠢᠩ ᠲᠤᠭᠤᠷᠢᠭ ᠤᠨ ᠬᠤᠸᠠᠩ ᠼᠦᠨ ᠪᠠᠯᠭᠠᠰᠤᠨ ᠳᠤ ᠬᠦᠷᠴᠤ ᠨᠡᠶᠢᠰᠯᠡᠯ ᠤᠨ ᠠᠯᠪᠠᠨ ᠵᠢᠷᠤᠮ ᠤᠨ | ᠮᠤᠳᠤ ᠲᠠᠷᠢᠬᠤ ᠠᠵᠢᠯᠯᠠᠭ᠎ᠠ ᠳᠤ ᠤᠷᠤᠯᠴᠠᠵᠠᠢ᠃ ᠵᠢᠷᠤᠭ ᠪᠤᠯ ᠰᠢ ᠶᠢᠨ ᠫᠢᠩ ᠤᠯᠠᠨ ᠲᠠᠢ ᠬᠠᠮᠳᠤ ᠮᠤᠳᠤ ᠲᠠᠷᠢᠵᠤ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢ 10 ᠵᠢᠯ | ᠳᠠᠷᠠᠭᠠᠯᠠᠨ ᠤᠯᠠᠨ ᠲᠠᠢ ᠬᠠᠮᠲᠤ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠦ | ᠪᠤᠢ᠂ ᠡᠨᠡᠨᠢ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠢᠬᠡᠨ ᠬᠤᠪᠢᠶᠢᠨ | ᠬᠦᠴᠦᠨ ᠨᠡᠮᠡᠷᠢᠯᠡᠬᠦ ᠶᠢᠨ ᠲᠥᠯᠥᠭᠡ ᠶᠤᠮ᠂ ᠮᠥᠨ ᠴᠦ ᠪᠦᠬᠦ ᠨᠡᠶᠢᠭᠡᠮ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ | ᠰᠡᠳᠭᠢᠯ ᠳᠤ ᠠᠮᠢ ᠠᠬᠤᠢ ᠶᠢᠨ ᠪᠣᠯᠪᠠᠰᠤᠨ ᠤ ᠦᠷ᠎ᠡ ᠶᠢ ᠦᠨᠳᠦᠰᠦᠯᠡᠭᠦᠯᠬᠦ ᠶᠢ ᠠᠬᠢᠭᠤᠯᠬᠤ ᠶᠢᠨ ᠲᠦᠯᠦᠬᠡ ᠶᠤᠮ᠂ | ᠤᠯᠠᠨ ᠢᠶᠠᠷ ᠢᠶᠠᠨ ᠴᠦᠮ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ | ᠠᠬᠢᠭᠤᠯᠤᠭᠴᠢ ᠪᠣᠯᠤᠭᠠᠷᠠᠢ ᠭᠡᠵᠦ ᠤᠷᠢᠶᠠᠯᠠᠶ᠎ᠠ᠂ ᠤᠷᠳᠦ ᠬᠤᠭᠤᠴᠠᠭ᠎ᠠ ᠪᠠᠷ ᠪᠠᠷᠢᠮᠲᠠᠯᠠᠵᠤ᠂ ᠤᠳᠠᠭᠠᠨ ᠳᠠᠭᠠᠭᠠᠮᠠᠭᠠᠶ | ᠵᠢᠳᠬᠦᠨ ᠴᠢᠷᠮᠠᠶᠢᠵᠤ᠂ ᠪᠢᠳᠡᠨ ᠤ ᠡᠬᠡ ᠤᠯᠤᠰ ᠤᠨ ᠤᠬᠳᠠᠷᠭᠤᠢ ᠶᠢ ᠨᠡᠩ ᠬᠥᠬᠡᠮᠳᠦᠭ᠂ ᠠᠭᠤᠯᠠ ᠶᠢ ᠨᠡᠩ ᠨᠤᠮᠢᠨ | ᠨᠤᠭᠤᠭᠠᠨ᠂ ᠤᠰᠤ ᠶᠢ ᠨᠡᠩ ᠲᠤᠩᠭᠠᠯᠠᠭ᠂ ᠠᠮᠢ ᠠᠬᠤᠢ ᠣᠷᠴᠢᠨ ᠲᠣᠭᠤᠷᠢᠨ ᠢ ᠨᠡᠩ ᠥᠵᠡᠰᠬᠦᠯᠡᠩᠲᠤ ᠰᠠᠶᠢᠬᠠᠨ | ᠪᠤᠯᠭᠠᠶ᠎ᠠ ᠭᠡᠵᠦ ᠴᠢᠬᠤᠯᠠᠴᠢᠯᠠᠪᠠ᠃ | ᠤᠷᠢᠬᠠᠨ ᠬᠠᠪᠤᠷ ᠡᠬᠡ ᠲᠠᠯᠡᠬᠡᠢ ᠳᠤ ᠰᠠᠭᠠᠳᠠᠵᠤ᠂ ᠲᠦᠮᠡᠨ ᠪᠣᠳᠠᠰ ᠲᠥᠯᠵᠢᠨ ᠠᠮᠢᠯᠠᠨ᠎ᠠ᠃ ᠦᠳᠡ ᠶᠢᠨ | ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ ᠰᠢ ᠶᠢᠨ | ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ | ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ᠂ ᠪᠡᠭᠡᠵᠢᠩ ᠬᠤᠳᠠ ᠶᠢᠨ ᠳ᠋ᠠᠰᠢᠩ ᠲᠣᠭᠤᠷᠢᠭ ᠤᠨ ᠬᠤᠸᠠᠩ ᠼᠦᠨ | ᠪᠠᠯᠭᠠᠰᠤ ᠶᠢᠨ ᠮᠣᠳᠣ ᠲᠠᠷᠢᠬᠤ ᠭᠠᠵᠠᠷ ᠲᠤ ᠬᠦᠷᠴᠦ᠂ ᠨᠡᠶᠢᠰᠯᠡᠯ ᠤᠨ ᠤᠯᠠᠨ ᠲᠦᠮᠡᠨ ᠲᠠᠢ ᠬᠠᠮᠲᠤ ᠠᠯᠪᠠᠨ | ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠲᠠᠷᠢᠬᠤ ᠭᠠᠵᠠᠷ ᠨᠢ ᠳ᠋ᠡᠰᠢᠩ ᠰᠢᠨ᠎ᠡ ᠬᠤᠲᠠ ᠶᠢᠨ ᠬᠤᠲᠠ ᠶᠢᠨ ᠵᠤᠭ᠎ᠠ ᠰᠡᠯᠡᠭᠦᠴᠡᠯ ᠤᠨ | ᠴᠡᠴᠡᠷᠯᠢᠭ ᠲᠤ ᠪᠠᠶᠢᠷᠢᠯᠠᠵᠤ᠂ 1500 ᠰᠢᠬᠠᠮ ᠮᠦ ᠲᠠᠯᠠᠪᠠᠢ ᠲᠠᠢ᠃ ᠡᠨᠡ ᠬᠡᠰᠡᠭ ᠭᠠᠵᠠᠷ ᠤᠤᠯ ᠨᠢ ᠤᠰᠤᠨ | ᠴᠥᠭᠦᠷᠥᠮ ᠤᠨ ᠭᠤᠤᠯ ᠤᠨ ᠰᠠᠶᠢᠷᠭᠠᠯ ᠭᠠᠵᠠᠷ ᠪᠠᠶᠢᠵᠠᠢ᠂ ᠣᠳᠣᠬᠠᠨ ᠳᠤ ᠬᠤᠲᠠ ᠶᠢᠨ ᠴᠡᠴᠡᠷᠯᠢᠭ ᠢᠶᠠᠷ | ᠲᠥᠯᠥᠪᠵᠢᠭᠦᠯᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠷᠭᠢᠨ ᠲᠣᠭᠤᠷᠢᠨ ᠤ ᠣᠯᠠᠨ ᠲᠦᠮᠡᠨ ᠤ ᠵᠤᠭ᠎ᠠ | ᠴᠡᠩᠭᠡᠯ᠂ ᠡᠬᠡ ᠪᠠᠶᠢᠭᠠᠯᠢ ᠲᠠᠢ ᠤᠶᠢᠷᠠᠳᠬᠤ ᠠᠮᠢ ᠠᠬᠤᠢ ᠶᠢᠨ ᠣᠷᠣᠨ ᠵᠠᠢ ᠪᠣᠯᠬᠤ ᠪᠣᠯᠤᠨ᠎ᠠ᠃ | | | | | | ᠶᠡᠷᠦᠩᠬᠡᠢ ᠱᠦᠵᠢ ᠬᠦᠷᠴᠦ ᠢᠷᠡᠭᠰᠡᠨ ᠢ ᠦᠵᠡᠭᠡᠳ᠂ ᠠᠳᠡ ᠮᠣᠳᠣ ᠲᠠᠷᠢᠵᠤ ᠪᠠᠶᠢᠭᠰᠠᠨ ᠺᠠᠳ᠋ᠷ ᠤᠯᠠᠨ | ᠲᠦᠮᠡᠨ ᠶᠡᠷᠦᠩᠬᠡᠢ ᠱᠦᠵᠢ ᠲᠠᠢ ᠳᠣᠲᠣᠨᠣᠰᠤᠭ ᠢᠶᠠᠷ ᠮᠡᠨᠳᠦᠴᠢᠯᠡᠵᠦ ᠪᠠᠶᠢᠯ᠎ᠠ᠃ ᠰᠢᠶᠢᠨ ᠫᠢᠩ ᠤᠯᠠᠨ ᠤ ᠵᠦᠭ ᠭᠠᠷ | ᠳᠠᠯᠠᠯᠤᠨ ᠮᠡᠨᠳᠦᠴᠢᠯᠡᠵᠦ᠂ ᠬᠦᠷᠵᠡ ᠠᠳᠬᠤᠨ ᠮᠣᠳᠣ ᠲᠠᠷᠢᠬᠤ ᠭᠠᠵᠠᠷ ᠲᠤ ᠬᠦᠷᠴᠦ᠂ ᠳᠠᠷᠠᠭ᠎ᠠ ᠨᠢ ᠪᠡᠭᠡᠵᠢᠩ ᠬᠤᠳᠠ᠂ | ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ | ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠠᠢ ᠬᠠᠮᠲᠤ | ᠶᠠᠭᠠᠷᠠᠯᠳᠤᠵᠤ ᠡᠬᠢᠯᠡᠪᠡ᠃ | ᠬᠦᠷᠵᠡ ᠠᠳᠬᠤᠨ ᠰᠢᠷᠣᠢ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠲᠡᠭᠦᠵᠢᠯᠡᠨ ᠤᠰᠤᠯᠠᠨ᠎ᠠ ᠁ | ᠰᠢ ᠶᠢᠨ ᠫᠢᠩ ᠨᠠᠷᠠᠰᠤᠨ ᠮᠣᠳᠣ᠂ ᠪᠢᠨᠳᠤᠷ ᠴᠡᠴᠡᠭ᠂ ᠴᠠᠭᠠᠨ ᠬᠠᠰ ᠤᠨ ᠴᠡᠴᠡᠭ᠂ ᠬᠠᠶᠢᠲᠠᠩ ᠮᠣᠳᠣ᠂ ᠵᠢᠵᠢᠭ | ᠨᠠᠪᠴᠢᠲᠤ ᠴᠠᠭᠠᠨ ᠪᠢᠯᠦ ᠮᠤᠳᠤ ᠵᠡᠷᠭᠡ ᠤᠯᠠᠨ ᠰᠠᠭᠤᠷᠢ ᠮᠣᠳᠣᠨ ᠴᠢᠬᠢ ᠶᠢ ᠵᠠᠯᠭᠠᠭ᠎ᠠ ᠪᠠᠷ ᠲᠠᠷᠢᠪᠠ᠃ ᠰᠢ ᠶᠢᠨ ᠫᠢᠩ | ᠬᠥᠳᠡᠯᠮᠦᠷᠢᠯᠡᠬᠦ ᠶᠢᠨ ᠳᠠᠭᠠᠤ ᠬᠡᠦᠬᠡᠳ ᠤᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ | ᠲᠡᠳᠡᠨ ᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ | ᠬᠥᠭᠵᠢᠬᠦ ᠬᠡᠷᠡᠭᠲᠡᠢ᠂ ︽ᠬᠥᠳᠡᠯᠮᠦᠷᠢ︾ ᠶᠢᠨ ᠦᠢᠯᠡᠳᠦᠯ ᠢ ᠣᠮᠲᠣᠭᠠᠶᠢᠯᠠᠵᠤ ᠪᠣᠯᠬᠤ ᠦᠭᠡᠢ᠂ ᠪᠠᠭ᠎ᠠ ᠠᠴᠠ ᠪᠠᠨ | ᠬᠥᠳᠡᠯᠮᠦᠷᠢ ᠶᠢᠨ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠷᠪᠢᠯᠠᠨ ᠭᠠᠮᠨᠠᠬᠤ ᠤᠬᠠᠮᠰᠠᠷ ᠢ | ᠬᠥᠮᠦᠵᠢᠭᠦᠯᠵᠦ᠂ ᠰᠠᠶᠢᠨ ᠶᠠᠪᠤᠳᠠᠯ ᠢ ᠦᠴᠦᠬᠡᠨ ᠬᠡᠮᠡᠨ ᠬᠢᠬᠦ ᠦᠭᠡᠢ ᠪᠠᠶᠢᠵᠤ ᠦᠯᠦ ᠪᠤᠯᠤᠨ᠎ᠠ᠂ ᠪᠠᠭ᠎ᠠ ᠶᠠᠪᠤᠳᠠᠯ ᠠᠴᠠ | ᠭᠠᠷᠲᠠᠨ ᠬᠢᠵᠦ᠂ ᠨᠠᠮ ᠪᠣᠯᠤᠨ ᠠᠷᠠᠳ ᠲᠦᠮᠡᠨ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠬᠤ ᠪᠠᠷ ᠴᠢᠷᠮᠠᠶᠢᠬᠤ | ᠬᠡᠷᠡᠭᠲᠡᠢ ᠭᠡᠵᠦ ᠵᠠᠬᠢᠪᠠ᠃ ᠮᠣᠳᠣ ᠲᠠᠷᠢᠬᠤ ᠠᠬᠤᠢ ᠲᠠᠯᠠᠪᠠᠢ ᠳᠤ ᠲᠦᠢᠯ ᠤᠨ ᠶᠠᠭᠠᠷᠠᠯᠲᠠᠶ ᠪᠠᠶᠢᠵᠤ᠂ ᠬᠥᠳᠡᠯᠮᠦᠷᠢ ᠳᠤ | ᠣᠷᠣᠯᠴᠠᠭᠰᠠᠨ ᠤᠳᠤᠷᠢᠳᠬᠤ ᠨᠥᠬᠦᠳ ᠣᠯᠠᠨ ᠲᠠᠢ ᠬᠠᠮᠲᠤ ᠴᠢᠬᠢ ᠮᠤᠲᠤ ᠵᠠᠶᠢᠯᠠᠨ ᠰᠢᠷᠣᠶ ᠨᠡᠮᠡᠵᠦ ᠰᠠᠭᠤᠯᠠᠭ᠎ᠠ | ᠲᠡᠭᠦᠵᠢᠯᠡᠨ ᠤᠰᠤᠯᠠᠵᠤ᠂ ᠳᠣᠲᠣᠨᠣ ᠪᠠᠷ ᠶᠠᠷᠢᠯᠴᠠᠵᠤ᠂ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠮᠣᠳᠣ ᠲᠠᠷᠢᠬᠤ ᠵᠠᠪᠰᠠᠷ ᠲᠤ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ | ᠲᠦᠮᠡᠨ ᠳᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠪᠣᠯ | ᠢᠮᠠᠭᠲᠠ ᠪᠢᠳᠡᠨ ᠤ ᠴᠥᠬᠦᠷᠡᠰᠢ ᠦᠭᠡᠢ ᠬᠥᠭᠡᠭᠡᠴᠡᠯᠳᠦᠬᠦ ᠬᠠᠷᠠᠯᠲᠠ ᠮᠥᠨ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠮᠣᠳᠣ ᠲᠠᠷᠢᠵᠤ ᠣᠶᠢᠵᠢᠭᠤᠯᠤᠨ᠂ ᠡᠬᠡ ᠤᠯᠤᠰ ᠢᠶᠠᠨ ᠨᠣᠭᠤᠭᠠᠷᠠᠭᠤᠯᠵᠤ᠂ ᠲᠡᠦᠬᠡᠲᠦ | ᠴᠢᠨᠠᠷᠲᠠᠢ ᠠᠮᠵᠢᠯᠲᠠ ᠣᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠢ ᠠᠬᠤᠢ ᠶᠢᠨ ᠭᠠᠶᠢᠬᠠᠮᠰᠢᠭ ᠢ | ᠡᠭᠦᠳᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠤᠲᠤᠭ ᠳᠡᠪᠢᠰᠭᠡᠷ ᠤᠨ | ᠨᠣᠭᠤᠭᠠᠷᠠᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠰᠠᠶᠢᠵᠢᠷᠠᠭᠤᠯᠤᠭᠰᠠᠨ ᠠᠴᠠ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠲᠠᠰᠤᠷᠠᠯᠳᠠ ᠦᠭᠡᠢ | ᠪᠣᠳᠠᠲᠤ ᠠᠬᠤᠢ ᠪᠣᠯᠵᠤ ᠬᠤᠪᠢᠷᠠᠪᠠ᠃ ᠡᠭᠦᠨ ᠤ ᠬᠠᠮᠲᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ᠂ | ᠠᠮᠢ ᠠᠬᠤᠢ ᠶᠢᠨ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠨᠢᠭᠡ ᠯᠡ ᠳᠡᠭᠡᠷ᠎ᠡ | ᠪᠡᠶᠡᠯᠡᠭᠦᠯᠴᠢᠬᠡᠬᠦ ᠪᠢᠰᠢ᠂ ᠮᠥᠨ ᠯᠡ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ | ᠴᠢᠬᠤᠯᠠᠲᠠᠢ᠂ ᠡᠷᠬᠡᠪᠰᠢ ᠰᠢᠨᠲᠠᠷᠠᠰᠢ ᠦᠭᠡᠢ ᠴᠢᠷᠮᠠᠶᠢᠵᠤ᠂ ᠴᠦᠬᠦᠷᠡᠰᠢ ᠦᠭᠡᠢ ᠲᠡᠮᠡᠴᠡᠬᠦ ᠬᠡᠷᠡᠭᠲᠡᠢ ᠭᠡᠳᠡᠭ ᠢ ᠪᠢᠳᠡ | ᠪᠠᠰᠠ ᠣᠯᠵᠤ ᠬᠠᠷᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠰᠢ ᠶᠢᠨ ᠫᠢᠩ᠂ ᠣᠶ ᠰᠢᠭᠤᠢ ᠪᠣᠯ ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ | ᠬᠥᠮᠥᠷᠭᠡ ᠮᠥᠨ᠂ ᠣᠲᠣ ᠪᠠᠰᠠ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢ ᠨᠡᠮᠡᠪᠡᠯ ᠵᠣᠬᠢᠨ᠎ᠠ᠃ ᠤᠢ ᠰᠢᠭᠤᠢ ᠪᠠ | ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠦᠢᠯᠡᠳᠦᠯ ᠦᠵᠡᠭᠦᠯᠵᠦ᠂ ᠤᠢ ᠰᠢᠭᠤᠢ ᠡᠪᠡᠰᠦ ᠪᠡᠯᠴᠢᠭᠡᠷ ᠬᠥᠭᠵᠢᠪᠡᠯ ᠠᠮᠢ ᠠᠬᠤᠢ | ᠬᠥᠭᠵᠢᠨ᠎ᠡ᠃ ᠤᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠠᠮᠢ ᠠᠬᠤᠢ ᠶᠢᠨ | ᠣᠷᠴᠢᠨ ᠲᠣᠭᠤᠷᠢᠨ ᠤ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠢ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ | ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠳᠤᠯ ᠦᠭᠡᠢ | ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠨᠤᠲᠤᠭ ᠳᠡᠪᠢᠰᠭᠡᠷ ᠤᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠮᠢ ᠠᠬᠤᠢ ᠶᠢᠨ ᠰᠢᠰᠲ᠋ᠧᠮ ᠤᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠴᠢᠩᠭᠠᠳᠬᠠᠵᠤ᠂ ᠪᠦᠬᠦ ᠪᠥᠮᠪᠥᠷᠴᠡᠭ ᠤᠨ | ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠣᠭᠤᠭᠠᠷᠠᠭᠤᠯᠵᠤ ᠨᠣᠭᠤᠭᠠᠷᠠᠭᠤᠯᠤᠯᠲᠠ ᠶᠢ ᠬᠠᠮᠠᠭᠠᠯᠠᠬᠤ᠂ ᠪᠠᠶᠢᠭᠠᠯᠢ ᠶᠢ ᠬᠠᠯᠠᠮᠵᠢᠯᠠᠨ | ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠨ ᠰᠠᠶᠢᠬᠠᠨ ᠰᠤᠷᠲᠠᠯ ᠮᠥᠨ᠃ | ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯ ᠢ ᠦᠷᠭᠦᠯᠵᠢᠯᠡᠨ ᠠᠬᠢᠭᠤᠯᠵᠤ᠂ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ᠂ | ᠠᠷᠪᠢᠴᠢ ᠭᠠᠮᠲᠠᠢ᠂ ᠪᠣᠳᠠᠲᠠᠢ ᠶᠢ ᠡᠷᠬᠢᠮᠯᠡᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠪᠠ ᠠᠮᠢ ᠠᠬᠤᠢ ᠶᠢᠨ ᠪᠣᠯᠪᠠᠰᠤᠨᠤ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠵᠡᠰᠭᠦᠯᠡᠩᠲᠦ ᠰᠠᠶᠢᠬᠠᠨ ᠠᠭᠤᠯᠠ | ᠤᠰᠤ ᠪᠠᠷ ᠠᠷᠠᠳ ᠲᠦᠮᠡᠨ ᠳᠤ ᠠᠵᠠ ᠵᠢᠷᠭᠠᠯ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠳ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠪᠠ᠃ | |