ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 5 ᠤ ᠴᠠᠬᠢᠯᠭᠠᠨ ᠮᠡᠳᠡᠭᠡ 4 ᠰᠠᠷ᠎ᠠ ᠶᠢᠨ 5 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠧᠺᠰᠠᠩᠳᠡᠷ · ᠦᠴᠢᠴᠢ ᠳᠤ ᠴᠠᠬᠢᠯᠭᠠᠨ ᠴᠢᠮᠡᠭᠡ ᠶᠠᠪᠤᠭᠤᠯᠵᠤ᠂ | ᠲᠡᠭᠦᠨ ᠤ ᠰᠧᠷᠪᠢᠶ᠎ᠠ ᠶᠢᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠣᠶᠢᠷ᠎ᠠ ᠶᠢᠨ ᠵᠢᠯ ᠳᠤ᠂ ᠳᠤᠮᠳᠠᠳᠤ ᠰᠧᠷᠪᠢᠶ᠎ᠠ ᠶᠢᠨ ᠪᠥᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠥᠷᠨᠢᠨ ᠬᠥᠭᠵᠢᠬᠦ ᠪᠠᠶᠢᠳᠠᠯ ᠢᠶᠠᠨ ᠪᠠᠲᠤᠯᠠᠪᠠ᠃ ᠬᠤᠶᠠᠷ ᠤᠯᠤᠰ ᠤᠨ | ᠤᠯᠤᠰ ᠲᠥᠷᠥ ᠶᠢᠨ ᠢᠲᠡᠭᠡᠯᠴᠡᠭᠡ ᠪᠠᠲᠤ ᠪᠠᠬᠢ ᠪᠠᠶᠢᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ | ᠪᠠᠶᠠᠯᠢᠭ ᠦᠷ᠎ᠡ ᠪᠦᠲᠦᠭᠡᠯ ᠣᠯᠪᠠ᠃ ᠳᠡᠯᠡᠬᠡᠢ ᠶᠢᠨ ᠵᠠᠭᠤᠨ ᠵᠢᠯ ᠤᠨ ᠬᠤᠪᠢᠷᠠᠯᠲᠠ ᠶᠢᠨ ᠡᠮᠦᠨ᠎ᠡ᠂ ᠬᠤᠶᠠᠷ | ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠬᠤ ᠶᠢ ᠪᠠᠷᠢᠮᠲᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠠᠷ ᠬᠤᠯᠪᠣᠨ ᠠᠬᠢᠭᠤᠯᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠪᠢ ᠳᠤᠮᠳᠠᠳᠤ ᠰᠧᠷᠪᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠶᠡᠷᠦᠩᠬᠡᠶᠢᠯᠡᠭᠴᠢ ᠦᠴᠢᠴᠢ ᠲᠠᠢ ᠪᠠᠶᠢᠭᠤᠯᠤᠭᠰᠠᠨ ᠰᠠᠶᠢᠨ ᠰᠠᠶᠢᠬᠠᠨ ᠠᠵᠢᠯ ᠤᠨ ᠬᠠᠷᠢᠯᠴᠠᠭ᠎ᠠ ᠪᠣᠯᠣᠨ ᠨᠥᠬᠦᠷᠯᠡᠯ ᠢ | ᠨᠠᠨᠳᠢᠩᠨᠠᠵᠤ᠂ ᠳᠤᠷᠠᠲᠠᠶ᠎ᠠ ᠶᠡᠷᠦᠩᠬᠡᠶᠢᠯᠡᠭᠴᠢ ᠦᠴᠢᠴᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠤᠯᠤᠰ ᠲᠥᠷᠥ ᠶᠢᠨ | ᠢᠲᠡᠭᠡᠯᠴᠡᠭᠡ ᠪᠠᠨ ᠪᠠᠬᠢᠵᠢᠭᠦᠯᠵᠦ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠨ | ᠭᠦᠨᠵᠡᠭᠡᠶᠢᠷᠡᠭᠦᠯᠵᠦ᠂ ᠳᠤᠮᠳᠠᠳᠤ ᠰᠧᠷᠪᠢᠶ᠎ᠠ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ | ᠣᠯᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ | ᠦᠢᠯᠡᠳᠦᠨ᠎ᠡ ᠭᠡᠵᠦ ᠵᠢᠭᠠᠵᠤ ᠭᠠᠷᠭᠠᠪᠠ᠃ |