ᠰᠢᠨᠬᠤᠸᠠ ᠬᠤᠷᠢᠶᠠᠨ ᠤ 4 ᠰᠠᠷ᠎ᠠ ᠶᠢᠨ 6 ᠤ ᠴᠠᠬᠢᠯᠭᠠᠨ ᠮᠡᠳᠡᠭᠡ 4 ᠰᠠᠷ᠎ᠠ ᠶᠢᠨ 6 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠮᠧᠨᠢᠶ᠎ᠠ ᠶᠢᠨ ᠶᠡᠷᠦᠩᠬᠡᠶᠢᠯᠡᠭᠴᠢ ᠺᠠᠴᠠᠲ᠋ᠦ᠋ᠷᠢᠶᠠ ᠯᠤᠭ᠎ᠠ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ | ᠣᠢ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠠᠷᠮᠧᠨᠢᠶ᠎ᠠ ᠪᠣᠯ ᠤᠯᠠᠮᠵᠢᠯᠠᠯᠲᠤ ᠨᠥᠬᠦᠷᠰᠡᠭ ᠬᠠᠮᠲᠤᠷᠠᠯᠴᠠᠭᠠᠨᠤ ᠬᠠᠨᠢᠲᠠᠨ ᠮᠥᠨ᠃ | ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠡᠷᠡᠭᠦᠯ | ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ | ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠠᠬᠢᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠭᠠᠷᠤᠭᠰᠠᠨ ᠤ ᠳᠠᠷᠠᠭ᠎ᠠ᠂ ᠬᠤᠶᠠᠷ ᠤᠯᠤᠰ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠭᠠᠷ ᠬᠤᠯᠪᠣᠨ ᠬᠢᠵᠢᠭ ᠲᠠᠢ ᠲᠡᠮᠡᠴᠡᠵᠦ᠂ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ | ᠢᠯᠡᠷᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠠᠷᠮᠧᠨᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠺᠠᠴᠠᠲ᠋ᠦ᠋ᠷᠢᠶᠠ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ | ᠠᠷᠮᠧᠨᠢᠶ᠎ᠠ ᠶᠢᠨ ᠬᠠᠷᠢᠯᠴᠠᠭ᠎ᠠ ᠪᠣᠯᠣᠨ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠨᠡᠩ ᠣᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ | ᠦᠢᠯᠡᠳᠦᠨ᠎ᠡ ᠭᠡᠵᠦ ᠴᠢᠬᠤᠯᠠᠴᠢᠯᠠᠪᠠ᠃ | ᠺᠠᠴᠠᠲ᠋ᠦ᠋ᠷᠢᠶᠠ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠠᠷᠮᠧᠨᠢᠶ᠎ᠠ ᠳᠤᠮᠳᠠᠳᠤ | ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠠᠷᠮᠧᠨᠢᠶ᠎ᠠ | ᠳᠤᠮᠳᠠᠳᠤ ᠤᠯᠤᠰ ᠤᠨ ᠣᠯᠣᠭᠰᠠᠨ ᠬᠥᠭᠵᠢᠯᠲᠡ ᠳᠠᠪᠰᠢᠯᠲᠠ ᠪᠠ ᠪᠠᠳᠠᠷᠠᠭᠤᠯᠤᠭᠰᠠᠨ ᠣᠯᠠᠨ ᠤᠯᠤᠰ ᠤᠨ | ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠲᠠᠢ | ᠬᠠᠮᠲᠤ ᠪᠠᠷ ᠴᠢᠷᠮᠠᠶᠢᠵᠤ ᠪᠠᠶᠢᠭᠠᠳ ᠠᠷᠮᠧᠨᠢᠶ᠎ᠠ ᠳᠤᠮᠳᠠᠳᠤ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢᠨ | ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ | ᠦᠢᠯᠡᠳᠦᠨ᠎ᠡ ᠭᠡᠵᠦ ᠢᠯᠡᠳᠬᠡᠪᠡ᠃ | |