ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠣ᠋ ᠸᠠᠩ ᠶᠠᠩ ᠸᠠᠩ ᠬᠣ᠋ ᠨᠢᠩ ᠵᠤᠤ ᠯᠧ ᠵᠶᠢ ᠸᠠᠩ ᠴᠢ | ᠱᠠᠨ ᠣᠷᠣᠯᠴᠠᠵᠤ ᠬᠠᠨ ᠵᠧᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 8 ᠤ ᠴᠠᠬᠢᠯᠭᠠᠨ ᠮᠡᠳᠡᠭᠡ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ 8 ᠤ ᠦᠳᠡ ᠶᠢᠨ ᠡᠮᠦᠨ᠎ᠡ | ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠠᠭᠤᠤ | ᠶᠡᠭᠡ ᠦᠢᠯᠡᠰ ᠠᠭᠤᠤ ᠶᠡᠭᠡ ᠵᠣᠷᠢᠭ ᠰᠠᠨᠠᠭ᠎ᠠ ᠶᠢ ᠪᠤᠶᠢᠵᠢᠭᠤᠯᠵᠤ᠂ ᠠᠭᠤᠤ ᠶᠡᠭᠡ ᠵᠣᠷᠢᠭ ᠰᠠᠨᠠᠭ᠎ᠠ ᠠᠭᠤᠤ ᠶᠡᠭᠡ | ᠦᠢᠯᠡᠰ ᠢ ᠠᠬᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠷᠭᠡᠨ ᠤᠯᠠᠨ ᠣᠷᠣᠯᠴᠠᠭᠰᠠᠳ ᠠᠭᠤᠤ | ᠶᠡᠭᠡ ᠴᠠᠭ ᠦᠶᠡᠡᠴᠠ ᠣᠯᠭᠤᠭᠰᠠᠨ ᠠᠵᠠ ᠲᠣᠬᠢᠶᠠᠯ ᠢ ᠨᠠᠨᠳᠢᠩᠨᠠᠵᠤ᠂ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠭᠤᠶᠤᠴᠢᠯᠠᠬᠤ᠂ ᠪᠡᠯᠡᠳᠭᠡᠯ ᠠᠵᠢᠯ᠂ ᠡᠷᠬᠢᠯᠡᠭᠰᠡᠨ ᠶᠠᠪᠤᠴᠠ ᠳᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠬᠠᠮᠲᠤ ᠪᠠᠷ | ᠡᠭᠦᠳᠴᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠪᠣᠯ | ᠲᠠᠷᠤᠢ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠬᠤ᠂ ᠢᠲᠡᠭᠡᠯ ᠲᠡᠭᠦᠯᠳᠡᠷ ᠨᠡᠬᠡᠬᠡᠯᠳᠡ ᠲᠠᠢ ᠪᠠᠶᠢᠬᠤ᠂ | ᠬᠦᠴᠢᠷ ᠢ ᠰᠦᠷᠦᠨ ᠤᠷᠤᠭᠰᠢᠯᠠᠬᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ᠂ ᠢᠷᠡᠭᠡᠳᠦᠢ ᠪᠠᠨ ᠬᠠᠮᠲᠤ ᠪᠠᠷ | ᠴᠣᠭᠴᠠᠯᠠᠬᠤ ᠶᠠᠪᠤᠳᠠᠯ ᠪᠣᠯᠤᠨ᠎ᠠ᠃ ᠪᠢᠳᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠩ ᠡᠷᠡᠰ ᠪᠠᠲᠤ ᠢᠲᠡᠭᠡᠯ᠂ ᠨᠡᠩ ᠡᠷᠡᠰ ᠪᠠᠲᠤ ᠰᠥᠰᠥ | ᠵᠣᠷᠢᠭ ᠢᠶᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠯᠬᠡᠭᠯᠡᠨ | ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠺᠧ ᠴᠢᠶᠠᠩ ᠶᠡᠭᠡ ᠬᠤᠷᠠᠯ ᠢ ᠡᠷᠬᠢᠯᠡᠵᠦ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ | ᠸᠠᠩ ᠴᠢ ᠱᠠᠨ ᠣᠷᠣᠯᠴᠠᠵᠤ᠂ ᠬᠠᠨ ᠵᠧᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ | | | | 4 ᠰᠠᠷ᠎ᠠ ᠶᠢᠨ 8 ᠤ ᠡᠳᠦᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ | ᠬᠦᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠲᠡᠬᠡᠷ᠎ᠠ ᠴᠢᠬᠤᠯᠠ ᠶᠠᠷᠢᠶ᠎ᠠ | ᠲᠠᠯᠪᠢᠪᠠ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠯᠢ ᠰᠢᠤᠧᠠᠢ ᠷᠧᠨ ᠰᠡᠬᠦᠳᠡᠷᠯᠡᠪᠡ | 4 ᠰᠠᠷ᠎ᠠ ᠶᠢᠨ 8 ᠤ ᠡᠳᠦᠷ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ | ᠬᠦᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠬᠤᠷᠠᠯ ᠠᠴᠠ ᠡᠮᠦᠨ᠎ᠠ᠂ ᠰᠢ ᠶᠢᠨ ᠫᠢᠩ ᠨᠠᠷ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠬᠠᠮᠳᠤ ᠶᠢᠨ ᠲᠦᠯᠦᠭᠡᠯᠡᠭᠴᠢ᠂ ᠲᠤᠪᠤᠶᠢᠮ᠎ᠠ ᠬᠤᠪᠢ | ᠨᠡᠮᠡᠷᠢ ᠦᠵᠡᠬᠦᠯᠦᠭᠰᠡᠨ ᠬᠤᠪᠢ ᠬᠦᠮᠦᠨ ᠪᠠ ᠲᠤᠮᠳᠠᠳᠤ ᠤᠯᠤᠰ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ | ᠪᠦᠯᠬᠦᠮ ᠤᠨ ᠪᠦᠷᠢᠯᠳᠦᠬᠦᠨ ᠲᠠᠢ ᠠᠭᠤᠯᠵᠠᠬᠰᠠᠨ ᠪᠦᠬᠡᠳ ᠤᠯᠠᠨ ᠲᠠᠢ ᠬᠠᠮᠳᠤ ᠬᠡᠷᠡᠯ ᠵᠢᠷᠤᠭ ᠲᠠᠳᠠᠭᠤᠯᠵᠦ | ᠲᠤᠷᠠᠰᠬᠠᠯ ᠦᠯᠡᠳᠡᠬᠡᠪᠡ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠯᠢᠦ ᠪᠢᠨ ᠰᠡᠬᠦᠳᠡᠷᠯᠡᠪᠡ | | | | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ᠂ ᠠᠭᠤᠷ ᠠᠮᠢᠰᠬᠤᠯ ᠲᠥᠪ | ᠬᠢᠴᠢᠶᠡᠩᠭᠦᠢ ᠪᠥᠭᠡᠳ ᠬᠦᠷ ᠬᠥᠭᠵᠢᠶᠡᠨᠲᠠᠢ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠳ᠋ᠦᠩᠨᠡᠯᠲᠡ ᠬᠢᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ︾ ᠭᠡᠬᠦ | ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠨᠢ ᠭᠡᠷᠡᠯ ᠭᠢᠯᠪᠠᠭ᠎ᠠ ᠰᠠᠴᠤᠷᠠᠭᠰᠠᠨ ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ | ᠭᠠᠷᠯᠠᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠪᠴᠠᠩ ᠳᠡᠭᠡᠷ᠎ᠡ᠄ ︽ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠰᠤᠭᠡᠢ︕︾ ᠭᠡᠬᠦ ᠯᠤᠽᠦ᠋ᠩ ᠡᠯᠬᠦᠵᠡᠢ᠃ | 10 ᠴᠠᠭ 30 ᠮᠢᠨᠦ᠋ᠲ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | ᠬᠠᠨ ᠵᠧᠩ ︽ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠬᠠᠮᠲᠤ ᠪᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠢ ᠬᠥᠬᠢᠭᠦᠯᠦᠨ | ᠰᠠᠶᠢᠰᠢᠶᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠭᠲᠠᠭᠠᠯ ᠳᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ | ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠵᠣᠷᠢᠭᠵᠢᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠭᠦᠯᠬᠦ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠤᠯᠤᠰ ᠤᠨ ᠲᠦᠷᠭᠡᠨ ᠲᠡᠰᠢᠯᠲᠡ ᠶᠢᠨ ᠣᠷᠳᠣᠨ ᠤ ᠲᠠᠯᠠᠪᠤᠷ ᠣᠷᠳᠣᠨ ᠤ | ᠠᠵᠢᠯᠯᠠᠭᠠᠨ ᠤ ᠪᠦᠯᠬᠦᠮ ᠵᠡᠷᠭᠡ 148 ᠬᠠᠮᠲᠤ ᠳᠤ ︽ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ︾ ᠶᠢᠨ ᠴᠣᠯᠠ ᠣᠯᠭᠤᠨ᠎ᠠ︔ ᠰᠣ᠋ ᠢ ᠮᠢᠩ ᠵᠡᠷᠭᠡ 147 | ᠨᠥᠬᠦᠷ ᠲᠤ ︽ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠬᠤᠪᠢ ᠬᠦᠮᠦᠨ︾ ᠤ ᠴᠣᠯᠠ ᠤᠯᠭᠤᠵᠤ᠂ ᠳ᠋ᠧᠩ ᠰᠢᠶᠤᠤ ᠯᠠᠨ ᠨᠥᠬᠦᠷ ᠲᠤ ︽ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠦᠮᠦᠨ︾ ᠤ ᠴᠣᠯᠠ | ᠨᠡᠬᠡᠮᠵᠢᠯᠡᠨ ᠣᠯᠭᠤᠪᠠ ᠭᠡᠵᠦ ᠵᠢᠭᠠᠵᠤ ᠭᠠᠷᠭᠠᠵᠠᠢ᠃ | ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠨᠡᠷ ᠬᠥᠬᠢᠭᠦᠯᠦᠭᠳᠡᠨ | ᠰᠠᠶᠢᠰᠢᠶᠠᠭᠳᠠᠭᠰᠠᠨ ᠬᠤᠪᠢ ᠬᠥᠮᠦᠨ ᠪᠠ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ | ᠰᠢ ᠶᠢᠨ ᠫᠢᠩ᠂ 7 ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠤᠯᠤᠰ᠂ ᠪᠦᠬᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ | ᠤᠯᠤᠰ ᠤᠨ ᠠᠷᠠᠳ ᠲᠦᠮᠡᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠡᠯ᠎ᠡ ᠵᠦᠢᠯ ᠤᠨ ᠬᠦᠴᠢᠷ | ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠣᠯᠢᠮᠫᠢᠺ ᠤᠨ | ᠦᠪᠡᠳᠡᠭᠰᠢ ᠴᠤᠭᠯᠠᠭᠠᠨ ᠢ ᠳᠠᠬᠢᠨᠲᠠ ᠡᠭᠦᠳᠴᠦ᠂ ᠣᠯᠢᠮᠫᠢᠺ ᠤᠨ ᠢᠷᠠᠭᠤ ᠠᠯᠳᠠᠷ ᠢ ᠳᠠᠬᠢᠨᠲᠠ ᠬᠠᠮᠲᠤ ᠪᠠᠷ ᠡᠳ᠋ᠯᠡᠪᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ | ᠲᠦᠪᠰᠢᠨ ᠤᠷᠤᠭᠰᠢᠲᠠᠢ ᠡᠷᠬᠢᠯᠡᠬᠦ ᠶᠢ ᠪᠠᠲᠤᠯᠠᠵᠤ᠂ ︽ᠬᠤᠤᠰ ᠣᠯᠢᠮᠫᠢᠺ ᠤᠨ ᠲᠠᠮᠢᠷ ᠤᠨ ᠴᠤᠭᠯᠠᠭᠠᠨ︾ ᠠᠳᠠᠯᠢᠬᠠᠨ | ᠭᠤᠶᠢᠳᠠ ᠰᠠᠶᠢᠬᠠᠨ ᠪᠣᠯᠬᠤ ᠶᠢ ᠪᠠᠲᠤᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠳᠡᠯᠡᠬᠡᠢ ᠨᠡᠶᠢᠭᠡᠮ ᠳᠤ | ᠬᠢᠭᠰᠡᠨ ᠲᠥᠪ ᠴᠢᠩᠭ᠎ᠠ ᠠᠮᠠᠯᠠᠯᠲᠠ ᠮᠥᠨ᠃ 7 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠮᠣᠵᠢ ᠣᠷᠣᠨ ᠬᠤᠲᠠ ᠪᠦᠯᠬᠦᠮᠳᠡᠨ | ᠬᠠᠮᠵᠢᠯᠴᠠᠵᠤ᠂ ᠬᠦᠴᠢᠷ ᠢ ᠲᠤᠭᠤᠯᠵᠤ ᠪᠡᠷᠭᠡ ᠶᠢ ᠳᠠᠪᠠᠵᠤ᠂ ᠪᠡᠭᠡᠵᠢᠩ ᠴᠢᠭᠤᠯᠤᠯᠲᠤ ᠬᠠᠭᠠᠯᠭ᠎ᠠ ᠲᠠᠢ ᠭᠠᠷ ᠬᠤᠯᠪᠣᠨ | ᠭᠤᠤᠯᠯᠠᠨ ᠡᠷᠬᠢᠯᠡᠬᠦ ᠬᠤᠲᠠ ᠶᠢᠨ ᠬᠤᠪᠢ ᠪᠠᠷ ᠭᠠᠪᠰᠢᠭᠠᠶᠢᠯᠠᠨ ᠪᠠᠶᠢᠯᠳᠤᠵᠤ᠂ ᠪᠦᠬᠦ ᠬᠦᠴᠦᠨ ᠢᠶᠠᠷ ᠢᠶᠠᠨ | ᠣᠷᠣᠯᠴᠠᠵᠤ᠂ ᠣᠯᠠᠨ ᠤᠯᠤᠰ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠵᠥᠪᠯᠡᠯ᠂ ᠤᠯᠠᠨ | ᠤᠯᠤᠰ ᠤᠨ ᠵᠡᠮᠳᠡᠭᠴᠦᠳ ᠤᠨ ᠣᠯᠢᠮᠫᠢᠺᠤᠨ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠵᠥᠪᠯᠡᠯ ᠵᠡᠷᠭᠡ ᠤᠯᠠᠨ | ᠤᠯᠤᠰ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠲᠠᠢ ᠨᠢᠭᠲᠠ ᠬᠠᠮᠲᠤᠷᠠᠯᠴᠠᠵᠤ᠂ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠡᠯ᠎ᠡ ᠵᠦᠢᠯ ᠤᠨ ᠬᠦᠴᠢᠷᠳᠡᠯ ᠥᠷᠢᠰᠥᠯᠳᠦᠭᠡᠨ ᠢ ᠢᠯᠠᠨ | ᠳᠠᠪᠠᠵᠤ᠂ ᠳᠡᠯᠡᠬᠡᠶ ᠳ᠋ᠠᠬᠢᠨ ᠳᠤ ᠨᠢᠭᠡ ᠬᠤᠭᠤᠴᠠᠭᠠᠨ ᠤ ᠠᠷᠪᠢᠴᠢ ᠭᠠᠮᠲᠠᠢ᠂ ᠠᠮᠤᠷ ᠲᠦᠪᠰᠢᠨ᠂ ᠭᠤᠶᠢᠳᠠ ᠰᠠᠶᠢᠬᠠᠨ | ᠣᠯᠢᠮᠫᠢᠺ ᠤᠨ ᠦᠪᠡᠳᠡᠭᠰᠢ ᠴᠤᠭᠯᠠᠭᠠᠨ ᠢ ᠡᠷᠭᠦᠨ ᠪᠠᠷᠢᠵᠤ᠂ ᠳᠡᠯᠡᠬᠡᠶ ᠨᠡᠶᠢᠲᠡ ᠳᠤ ᠬᠢᠭᠰᠡᠨ ᠲᠥᠪ ᠴᠢᠩᠭ᠎ᠠ | ᠠᠮᠠᠯᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠪᠡᠭᠡᠵᠢᠩ ᠪᠦᠬᠦ ᠪᠥᠮᠪᠥᠷᠴᠡᠭ ᠤᠨ ᠠᠩᠬᠠᠳᠠᠭᠴᠢ ︽ᠬᠤᠣᠰ | ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠳᠠ︾ ᠪᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠠᠢ᠃ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ | ᠤᠯᠤᠰ ᠢᠶᠠᠨ ᠬᠠᠶᠢᠷᠠᠯᠠᠬᠤ ᠰᠡᠳᠭᠢᠯᠭᠡ ᠭᠦᠢᠴᠡᠳ ᠢᠯᠡᠷᠡᠵᠦ᠂ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠳᠤ ᠣᠷᠣᠯᠴᠠᠬᠤ︾ ᠨᠢ ᠪᠣᠳᠠᠲᠤ ᠠᠬᠤᠶ ᠪᠣᠯᠵᠣ᠂ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠤ ᠥᠪ ᠬᠥᠷᠥᠩᠭᠡ ᠡᠯᠪᠡᠭ ᠦᠷ᠎ᠡ ᠪᠦᠲᠦᠭᠡᠯ ᠣᠯᠵᠤ᠂ ᠣᠯᠢᠮᠫᠢᠺ ᠤᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠭᠢᠯᠡᠬᠦ ᠪᠠ ᠣᠷᠣᠨ ᠪᠦᠰᠡ ᠶᠢᠨ ᠬᠥᠭᠵᠢᠯᠲᠡ ᠶᠢᠨ ᠬᠤᠤᠰ ᠡᠯᠪᠡᠭ ᠠᠮᠵᠢᠯᠲᠠ ᠶᠢ | ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠠᠷᠢᠯᠢᠭ ᠣᠨᠣᠪᠴᠢᠲᠠᠶ ᠪᠥᠭᠡᠳ ᠪᠦᠲᠦᠮᠵᠢᠲᠡᠶ | ᠶᠠᠪᠤᠭᠳᠠᠵᠤ᠂ ᠪᠦᠯᠬᠦᠮᠳᠡᠨ ᠬᠠᠮᠲᠤᠷᠠᠯᠴᠠᠵᠤ ᠢᠷᠡᠭᠡᠳᠦᠶ ᠲᠡᠶᠢᠰᠢ ᠤᠷᠤᠭᠰᠢᠯᠠᠵᠤ᠂ ᠪᠥᠬᠦ ᠪᠥᠮᠪᠥᠷᠴᠡᠭ ᠤᠨ ᠪᠦᠯᠬᠦᠮᠳᠡᠯ | ᠬᠠᠮᠲᠤᠷᠠᠯᠴᠠᠭ᠎ᠠ᠂ ᠴᠠᠭ ᠤᠨ ᠪᠡᠷᠬᠡ ᠶᠢ ᠬᠠᠮᠲᠤ ᠪᠠᠷ ᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ | ᠦᠵᠡᠭᠦᠯᠦᠭᠰᠡᠨ ᠪᠥᠭᠡᠳ ᠪᠠᠰᠠ ᠣᠷᠤᠭ᠎ᠠ ᠪᠤᠰᠬᠠᠭ᠎ᠠ ᠳᠡᠯᠡᠬᠡᠶ ᠳ᠋ᠠᠬᠢᠨ ᠳᠤ ᠢᠲᠡᠭᠡᠯ ᠪᠠ ᠬᠦᠰᠡᠯ ᠡᠷᠡᠮᠡᠯᠵᠡᠯ | ᠣᠯᠭᠤᠵᠤ᠂ ᠳᠡᠯᠡᠬᠡᠶ ᠳ᠋ᠠᠬᠢᠨ ᠳᠤ ︽ᠢᠷᠡᠭᠡᠳᠦᠶ ᠶᠢ ᠴᠢᠭᠯᠡᠨ ᠬᠠᠮᠲᠤ ᠪᠠᠷ ᠤᠷᠤᠭᠰᠢᠯᠠᠨᠠᠮ︾ ᠭᠡᠬᠦ ᠴᠠᠭ ᠦᠶ᠎ᠡ ᠶᠢᠨ | ᠬᠦᠴᠦᠷᠬᠡᠭ ᠲᠠᠭᠤᠨ ᠢ ᠳᠠᠮᠵᠢᠭᠤᠯᠤᠭᠰᠠᠨ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ 7 ᠵᠢᠯ ᠰᠢᠷᠭᠠᠭᠤ | ᠬᠠᠲᠠᠭᠤᠵᠢᠯᠲᠠᠶ ᠲᠡᠮᠡᠴᠡᠯ ᠬᠡᠷᠡᠯ ᠰᠠᠴᠤᠷᠠᠩᠭᠤᠶ ᠠᠮᠵᠢᠯᠲᠠ ᠳᠤ ᠬᠦᠷᠭᠡᠪᠠ᠃ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠪᠡᠯᠡᠳᠭᠡᠨ ᠡᠷᠭᠢᠯᠡᠬᠦ ᠠᠵᠢᠯ ᠢ ᠣᠨᠴᠠᠭᠠᠶ ᠬᠦᠴᠢᠷᠲᠡᠶ ᠪᠠᠶᠢᠳᠠᠯ ᠳᠤᠤᠷ᠎ᠠ ᠠᠬᠢᠭᠤᠯᠤᠭᠰᠠᠨ ᠶᠤᠮ᠂ ᠪᠥᠬᠦ | ᠣᠷᠣᠯᠴᠠᠭᠴᠢ ︽ᠦᠴᠦᠬᠡᠨ ᠴᠦ ᠵᠣᠭᠰᠣᠩᠭᠤᠶᠢᠷᠠᠵᠤ ᠪᠣᠯᠬᠤ ᠥᠬᠡᠶ᠂ ᠦᠴᠦᠬᠡᠨ ᠴᠤ ᠠᠯᠳᠠᠰᠢ ᠭᠠᠷᠭᠠᠵᠤ ᠪᠣᠯᠬᠤ | ᠥᠬᠡᠶ᠂ ᠨᠢᠭᠡ ᠡᠳᠦᠷ ᠴᠦ ᠭᠡᠰᠡᠨ ᠬᠤᠶᠢᠰᠢᠯᠠᠭᠤᠯᠵᠤ ᠪᠣᠯᠬᠤ ᠥᠬᠡᠶ︾ ᠭᠡᠳᠡᠭ ᠢ ᠪᠠᠷᠢᠮᠲᠠᠯᠠᠵᠤ᠂ ᠰᠢᠷᠭᠠᠭᠤ | ᠬᠠᠲᠠᠭᠤᠵᠢᠯᠲᠠᠶ ᠴᠢᠷᠮᠠᠶᠢᠯᠭ᠎ᠠ ᠭᠠᠷᠭᠠᠪᠠ᠃ ᠮᠠᠨ ᠤ ᠤᠯᠤᠰ ᠤᠨ ᠥᠷᠭᠡᠨ ᠤᠯᠠᠨ ᠲᠠᠮᠢᠷᠴᠢᠨ᠂ ᠲᠠᠰᠬᠠᠯᠵᠢᠭᠤᠯᠤᠭᠴᠢ | ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠲᠡᠮᠡᠴᠡᠵᠦ᠂ ᠥᠪᠡᠷ ᠢ ᠪᠠᠨ | ᠢᠯᠠᠨ ᠳᠠᠪᠠᠵᠤ᠂ ᠮᠠᠨ ᠤ ᠤᠯᠤᠰ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠲᠡᠦᠬᠡ ᠶᠢᠨ ᠬᠠᠮᠤᠭ ᠤᠨ | ᠰᠠᠶᠢᠨ ᠬᠢᠷᠢ ᠪᠦᠲᠦᠮᠵᠢ ᠶᠢ ᠡᠭᠦᠳᠴᠦ᠂ ᠨᠠᠮ ᠪᠣᠯᠤᠨ ᠠᠷᠠᠳ ᠲᠦᠮᠡᠨ ᠳᠤ ᠢᠷᠠᠭᠤ ᠠᠯᠳᠠᠷ ᠢ ᠣᠯᠭᠤᠭᠰᠠᠨ ᠪᠠᠶᠢᠨ᠎ᠠ᠃ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠥᠷᠭᠡᠨ ᠣᠯᠠᠨ ᠣᠷᠣᠯᠴᠠᠭᠴᠢ ᠰᠢᠷᠭᠠᠭᠤ ᠬᠥᠳᠡᠯᠮᠦᠷᠢ᠂ ᠡᠷᠡᠰ ᠬᠠᠳᠠᠨ | ᠵᠣᠷᠢᠭ᠂ ᠯᠤᠲᠤ ᠶᠡᠭᠡ ᠰᠥᠰᠥ ᠵᠣᠷᠢᠭ᠂ ᠴᠢᠩᠭ᠎ᠠ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠢᠷᠠᠭᠤ | ᠠᠯᠳᠠᠷᠲᠤ ᠰᠡᠳᠭᠢᠯᠭᠡ ᠪᠠᠷ ᠡᠯ᠎ᠡ ᠵᠦᠶ᠋ᠯ ᠤᠨ ᠠᠵᠢᠯ ᠤᠨ ᠡᠭᠦᠷᠭᠡ ᠪᠠᠨ ᠭᠢᠯᠠᠯᠵᠠᠮ᠎ᠠ ᠠᠮᠵᠢᠯᠲᠠ ᠲᠠᠢ ᠪᠡᠶᠡᠯᠡᠭᠦᠯᠵᠦ᠂ | ᠡᠬᠡ ᠤᠯᠤᠰ ᠲᠠᠭᠠᠨ ᠣᠰᠣᠯᠳᠠᠬᠤ ᠥᠬᠡᠶ᠂ ᠠᠷᠠᠳ ᠲᠦᠮᠡᠨ ᠳᠡᠭᠡᠨ ᠣᠰᠣᠯᠳᠠᠬᠤ ᠥᠬᠡᠶ᠂ ᠴᠠᠭ ᠦᠶ᠎ᠡ ᠳᠤ | ᠣᠰᠣᠯᠳᠠᠬᠤ ᠥᠬᠡᠶ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠡᠭᠦᠳᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠠ ᠠᠴᠠ᠂ ᠬᠥᠬᠢᠭᠦᠯᠦᠨ ᠰᠠᠶᠢᠰᠢᠶᠠᠭᠳᠠᠭᠰᠠᠨ ᠲᠤᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠬᠠᠮᠲᠤ ᠪᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠬᠠᠯᠠᠭᠤᠨ | ᠪᠠᠶᠠᠷ ᠬᠦᠷᠭᠡᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠭᠡᠨ ᠡᠷᠭᠢᠯᠡᠬᠦ ᠳᠤ ᠲᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠪᠥᠬᠦ ᠪᠥᠲᠥᠭᠡᠨ ᠪᠠᠶᠢᠭᠤᠯᠤᠭᠴᠢ᠂ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢ᠂ | ᠥᠷᠭᠡᠨ ᠣᠯᠠᠨ ᠲᠠᠮᠢᠷᠴᠢᠨ᠂ ᠲᠠᠰᠬᠠᠯᠵᠢᠭᠤᠯᠤᠭᠴᠢ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠭᠴᠢ | ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ | ᠵᠢᠯᠣᠭᠤᠳᠣᠭᠴᠢ ᠪᠠᠶᠢᠯᠳᠤᠭᠴᠢ ᠳᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠤ᠂ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠬᠠᠯᠠᠭᠤᠨ ᠢᠶᠠᠷ ᠳᠡᠮᠵᠢᠭᠰᠡᠨ ᠥᠷᠭᠡᠨ ᠤᠯᠠᠨ ᠰᠢᠶᠠᠩᠭᠠᠩ ᠤᠨ ᠠᠬ᠎ᠠ ᠳᠡᠭᠦᠦ᠂ ᠣᠣᠮᠧᠨ ᠤ | ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ ᠪᠠ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠲᠤ ᠴᠢᠩ | ᠰᠡᠳᠭᠢᠯ ᠤᠨ ᠲᠠᠯᠠᠷᠬᠠᠯ ᠢᠶᠠᠨ ᠢᠯᠡᠳᠭᠡᠪᠡ᠃ | ᠰᠢ ᠶᠢᠨ ᠫᠢᠩ᠂ ᠪᠡᠯᠡᠳᠭᠡᠨ ᠡᠷᠬᠢᠯᠡᠬᠦ ᠶᠠᠪᠤᠴᠠ ᠳᠤ᠂ ᠳᠡᠯᠡᠬᠡᠢ ᠶᠢᠨ ᠣᠯᠢᠮᠫᠢᠺ ᠤᠨ ᠪᠠᠶ᠎ᠠ ᠶᠢᠨ ᠲᠠᠮᠢᠷ ᠤᠨ | ᠬᠦᠳᠡᠯᠭᠡᠭᠡᠨ ᠤ ᠵᠥᠪᠯᠡᠯ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ | ᠵᠥᠪᠯᠡᠯ ᠵᠢᠴᠢ ᠣᠯᠢᠮᠫᠢᠺ ᠤᠨ ᠶᠡᠭᠡ ᠭᠡᠷ ᠪᠦᠯᠢ᠂ ᠵᠡᠮᠳᠡᠭᠴᠦᠳ ᠤᠨ ᠣᠯᠢᠮᠫᠢᠺ ᠤᠨ ᠶᠡᠭᠡ ᠭᠡᠷ ᠪᠦᠯᠢ ᠶᠢᠨ | ᠪᠦᠷᠢᠯᠳᠦᠬᠦᠨ ᠮᠠᠨ ᠤ ᠠᠵᠢᠯ ᠳᠤ ᠢᠳᠡᠪᠬᠢᠲᠡᠢ ᠬᠠᠪᠰᠤᠷᠤᠯᠭ᠎ᠠ ᠦᠵᠡᠭᠦᠯᠵᠦ᠂ ᠡᠯ᠎ᠡ ᠤᠯᠤᠰ ᠤᠨ ᠵᠠᠰᠠᠭ ᠤᠨ | ᠣᠷᠳᠣᠨ ᠪᠣᠯᠤᠨ ᠠᠷᠠᠳ ᠲᠦᠮᠡᠨ᠂ ᠤᠯᠠᠨ ᠤᠯᠤᠰ ᠤᠨ ᠨᠥᠬᠦᠷᠰᠡᠭ ᠬᠥᠮᠦᠰ ᠬᠦᠴᠦᠲᠡᠢ ᠳᠡᠮᠵᠢᠯᠭᠡ ᠦᠵᠡᠭᠦᠯᠵᠡᠢ᠃ | ᠳᠡᠯᠡᠬᠡᠢ ᠶᠢᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠲᠤᠷᠪᠢᠯᠢᠭ ᠲᠠᠮᠢᠷᠴᠢᠳ ᠤᠷᠤᠯᠳᠤᠭᠠᠨ ᠤ ᠲᠠᠯᠠᠪᠤᠷ ᠲᠤ | ᠬᠠᠷᠢᠯᠴᠠᠨ ᠬᠦᠨᠳᠦᠳᠭᠡᠵᠦ᠂ ᠬᠠᠷᠢᠯᠴᠠᠨ ᠵᠣᠷᠢᠭᠵᠢᠭᠤᠯᠵᠤ᠂ ᠲᠦᠢᠯ ᠳᠡᠭᠡᠨ ᠲᠤᠯᠳᠠᠯ᠎ᠠ ᠲᠡᠮᠡᠴᠡᠵᠦ᠂ ᠣᠷᠭᠢᠯᠤᠮ᠎ᠠ | ᠬᠠᠯᠠᠭᠤᠨ ᠤᠷᠤᠯᠳᠤᠭᠠᠨ ᠳᠤ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ — ᠨᠡᠩ ᠪᠦᠯᠬᠦᠮᠳᠡᠯ ᠲᠠᠢ︾ | ᠣᠯᠢᠮᠫᠢᠺ ᠤᠨ ᠰᠤᠷᠭᠠᠯ ᠦᠭᠡ ᠪᠣᠯᠤᠨ ︽ᠰᠥᠰᠥ ᠵᠣᠷᠢᠭ᠂ ᠡᠷᠴᠢ ᠵᠣᠷᠢᠭ᠂ ᠵᠣᠷᠢᠭᠵᠢᠭᠤᠯᠤᠯ᠂ ᠡᠷᠬᠡ ᠲᠡᠭᠰᠢ︾ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠷᠳᠡᠭ ᠤᠨ ᠦᠵᠡᠯᠲᠡ ᠶᠢ ᠲᠡᠭᠦᠯᠳᠡᠷ ᠰᠠᠶᠢᠬᠠᠨ | ᠬᠠᠷᠠᠭᠤᠯᠵᠠᠢ ᠭᠡᠵᠤ ᠵᠢᠭᠠᠵᠤ ᠭᠠᠷᠭᠠᠪᠠ᠃ ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ 14 | ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠳᠡᠯᠡᠬᠡᠢ ᠶᠢᠨ ᠣᠯᠢᠮᠫᠢᠺ ᠤᠨ | ᠪᠠᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠠᠶ᠎ᠠ ᠶᠢᠨ | ᠲᠠᠮᠢᠷ ᠤᠨ ᠬᠦᠳᠡᠯᠭᠡᠭᠡᠨ ᠤ ᠵᠥᠪᠯᠡᠯ ᠵᠢᠴᠢ ᠣᠯᠢᠮᠫᠢᠺ ᠤᠨ ᠶᠡᠭᠡ ᠭᠡᠷ ᠪᠦᠯᠢ᠂ ᠵᠡᠮᠳᠡᠭᠴᠦᠳ ᠤᠨ ᠣᠯᠢᠮᠫᠢᠺ ᠤᠨ ᠶᠡᠭᠡ | ᠭᠡᠷ ᠪᠦᠯᠢ ᠶᠢᠨ ᠪᠦᠷᠢᠯᠳᠦᠬᠦᠨ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠨᠠᠶᠢᠵᠠ ᠨᠠᠷ ᠲᠤ ᠴᠢᠩ | ᠰᠡᠳᠭᠢᠯ ᠤᠨ ᠲᠠᠯᠠᠷᠬᠠᠯ ᠳᠡᠪᠰᠢᠭᠦᠯᠵᠦ ᠪᠠᠶᠢᠬᠤ ᠪᠠᠨ ᠢᠯᠡᠳᠭᠡᠵᠦ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠳᠡᠭᠡᠷ᠎ᠡ ᠡᠷᠡᠯᠬᠡᠭᠯᠡᠨ ᠲᠡᠮᠡᠴᠡᠭᠰᠡᠨ ᠡᠯ᠎ᠡ ᠤᠯᠤᠰ ᠤᠨ ᠲᠠᠮᠢᠷᠴᠢᠳ ᠲᠤ ᠡᠷᠬᠢᠮ ᠳᠡᠭᠡᠳᠦ ᠬᠦᠨᠳᠦᠳᠭᠡᠯ | ᠳᠡᠪᠰᠢᠭᠦᠯᠵᠦ ᠪᠠᠶᠢᠬᠤ ᠪᠠᠨ ᠢᠯᠡᠳᠭᠡᠵᠡᠢ᠃ | ᠰᠢ ᠶᠢᠨ ᠫᠢᠩ᠂ ᠠᠮᠵᠢᠯᠲᠠ ᠪᠦᠲᠦᠮᠵᠢ ᠲᠡᠮᠡᠴᠡᠯ ᠠᠴᠠ ᠢᠷᠡᠵᠤ᠂ ᠢᠯᠠᠯᠲᠠ ᠶᠢ ᠤᠯᠬᠤ ᠳᠤ ᠬᠢᠯᠪᠠᠷ ᠪᠤᠰᠤ | ᠶᠤᠮ᠃ 7 ᠵᠢᠯ ᠤᠨ ᠲᠤᠷᠰᠢᠬᠢ ᠪᠡᠯᠡᠳᠭᠡᠨ ᠡᠷᠭᠢᠯᠡᠭᠰᠡᠨ ᠶᠡᠷᠦ ᠪᠤᠰᠤ ᠶᠢᠨ ᠥᠩᠭᠡᠷᠡᠯᠲᠡ ᠶᠢ ᠡᠷᠭᠢᠴᠡᠭᠦᠯᠪᠡᠯ᠂ ᠪᠢᠳᠡ | ᠲᠡᠮᠡᠴᠡᠯ ᠤᠨ ᠳᠤᠮᠳᠠ ᠠᠮᠵᠢᠯᠲᠠ ᠶᠢᠨ ᠪᠠᠶᠠᠷ ᠪᠠᠭ᠋ᠠᠳᠤᠯ ᠣᠯᠤᠭᠰᠠᠨ ᠢᠶᠠᠷ ᠪᠠᠷᠠᠬᠤ ᠥᠬᠡᠶ᠂ ᠲᠡᠮᠡᠴᠡᠯ ᠤᠨ ᠳᠤᠮᠳᠠ | ᠡᠯᠪᠡᠭ ᠪᠠᠶᠠᠯᠢᠭ ᠣᠶᠤᠨ ᠰᠠᠨᠠᠭᠠᠨ ᠤ ᠡᠳ᠋ ᠪᠠᠶᠠᠯᠢᠭ ᠢ ᠴᠤ ᠣᠯᠵᠤ᠂ ᠡᠷᠬᠢᠮ ᠨᠠᠨᠳᠢᠨ ᠲᠤᠷᠰᠢᠯᠭ᠎ᠠ ᠶᠢ ᠴᠤ | ᠣᠯᠤᠭᠰᠠᠨ ᠶᠤᠮ᠂ ᠡᠭᠦᠨ ᠢ ᠪᠢᠳᠡ ᠮᠠᠰᠢ ᠨᠠᠨᠳᠢᠩᠨᠠᠵᠤ᠂ ᠪᠠᠳᠠᠷᠠᠭᠤᠯᠤᠨ ᠳᠡᠯᠭᠡᠷᠡᠭᠦᠯᠦᠭᠦᠰᠢᠲᠡᠶ ᠶᠤᠮ᠃ ᠡᠷᠬᠡᠪᠰᠢ | ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠳᠤᠮᠳᠠᠳᠤ ᠤᠯᠤᠰ ᠤᠨ ᠡᠪ | ᠬᠠᠮᠲᠤ ᠨᠠᠮ ᠪᠣᠯ ᠮᠠᠨ ᠤ ᠠᠭᠤᠤ ᠦᠢᠯᠡᠰ ᠢ ᠪᠦᠲᠦᠭᠡᠬᠦ ᠶᠢᠨ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ | ᠮᠥᠨ᠂ ᠨᠠᠮ ᠤᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠳᠠᠭ ᠯᠠ ᠶᠤᠮ ᠪᠣᠯ | ᠤᠷᠤᠭᠰᠢᠯᠠᠯᠲᠠ ᠶᠢᠨ ᠵᠠᠮ ᠳᠡᠭᠡᠷᠡᠬᠢ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠯᠠᠪᠲᠠᠢ ᠢᠯᠠᠨ ᠳᠠᠪᠠᠵᠤ᠂ | ᠮᠠᠨ ᠤ ᠬᠢᠶ᠎ᠠ ᠭᠡᠵᠤ ᠪᠤᠳᠤᠵᠤ ᠪᠠᠶᠢᠭ᠎ᠠ ᠶᠠᠮᠠᠷᠪᠠ ᠶᠠᠪᠤᠳᠠᠯ ᠢ ᠯᠠᠪᠲᠠᠢ ᠪᠦᠲᠦᠭᠡᠵᠦ ᠴᠢᠳᠠᠬᠤ ᠶᠤᠮ᠃ ᠡᠷᠬᠡᠪᠰᠢ | ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠬᠢᠬᠦ ᠶᠢ ᠪᠠᠷᠢᠮᠲᠠᠯᠠᠬᠤ ᠬᠡᠷᠡᠭᠲᠡᠢ᠂ ᠮᠠᠨ ᠤ ᠤᠯᠤᠰ ᠤᠨ ᠨᠡᠶᠢᠭᠡᠮ | ᠵᠢᠷᠤᠮᠲᠤ ᠪᠠᠶᠢᠭᠤᠯᠤᠯ ᠤᠨ ᠶᠡᠷᠦ ᠪᠤᠰᠤ ᠶᠢᠨ ᠵᠣᠬᠢᠶᠠᠨ ᠪᠠᠶᠢᠭᠤᠯᠵᠤ ᠳᠠᠶᠢᠴᠢᠯᠠᠬᠤ ᠴᠢᠳᠠᠪᠤᠷᠢ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ᠂ ᠲᠤᠭᠤᠰᠢᠯᠠᠭᠤᠯᠤᠨ ᠭᠦᠢᠴᠡᠳᠭᠡᠬᠦ ᠴᠢᠳᠠᠪᠤᠷᠢ᠂ ᠮᠠᠨ ᠤ ᠤᠯᠤᠰ ᠤᠨ | ᠪᠠᠲᠤ ᠪᠠᠬᠢ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ | ᠤᠯᠤᠰ ᠤᠨ ᠶᠡᠷᠦᠩᠬᠡᠢ ᠬᠦᠴᠦᠨ ᠨᠢ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠳᠤ | ᠬᠦᠴᠦᠷᠬᠡᠭ ᠶᠡᠭᠡ ᠢᠲᠡᠭᠡᠯ ᠵᠣᠷᠢᠭ ᠪᠠ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠷᠬᠡᠪᠰᠢ | ᠡᠯ᠎ᠡ ᠵᠦᠶ᠋ᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠭᠠᠴᠡᠭᠠᠬᠤ ᠶᠢ | ᠪᠠᠷᠢᠮᠲᠠᠯᠠᠬᠤ ᠬᠡᠷᠡᠭᠳᠠᠢ᠂ ᠬᠤᠷᠢᠭ᠎ᠠ ᠱᠤᠭᠤᠮ ᠤᠨ ᠰᠡᠳᠭᠢᠬᠦᠶ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ | ᠠᠷᠢᠯᠭᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠰᠢᠭᠳᠠᠢ ᠰᠢᠲᠠᠷ᠎ᠠ ᠶᠢ ᠰᠠᠶᠢᠲᠤᠷ ᠲᠠᠯᠪᠢᠵᠤ᠂ ᠰᠠᠨᠠᠭᠠᠴᠢᠯᠠᠭᠠᠲᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠤᠷᠤᠯᠳᠤᠭᠠᠨ ᠡᠷᠬᠢᠯᠡᠬᠦ ᠪᠠ ᠠᠷᠠᠳ ᠲᠦᠮᠡᠨ ᠳᠤ ᠦᠢᠯᠡᠴᠢᠯᠡᠬᠦ᠂ | ᠬᠥᠭᠵᠢᠯᠲᠡ ᠶᠢ ᠠᠬᠢᠭᠤᠯᠬᠤ ᠶᠢ ᠡᠷᠬᠡᠪᠰᠢ ᠤᠶᠠᠯᠳᠤᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠦᠷ᠎ᠡ ᠪᠦᠲᠦᠭᠡᠯ ᠢ ᠠᠷᠠᠳ ᠲᠦᠮᠡᠨ ᠳᠤ ᠡᠳ᠋ᠯᠡᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠡᠶ᠎ᠡ | ᠰᠡᠳᠭᠢᠯ ᠢ ᠨᠡᠩ ᠡᠷᠡᠭᠦᠯ ᠴᠢᠭᠢᠷᠠᠭ᠂ ᠠᠵᠢᠯ ᠣᠯᠭᠤᠯᠲᠠ ᠶᠢ ᠨᠡᠩ ᠭᠦᠢᠴᠡᠳ᠂ ᠠᠮᠢᠳᠤᠷᠠᠯ ᠢ ᠨᠡᠩ ᠰᠠᠶᠢᠨ ᠰᠠᠶᠢᠬᠠᠨ | ᠪᠣᠯᠭᠠᠵᠤ᠂ ᠬᠠᠮᠲᠤ ᠪᠠᠷ ᠣᠷᠣᠯᠴᠠᠬᠤ᠂ ᠬᠠᠮᠲᠤ ᠪᠠᠷ ᠴᠢᠷᠮᠠᠶᠢᠬᠤ᠂ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠢ ᠭᠡᠵᠤ | ᠴᠢᠬᠤᠯᠠᠴᠢᠯᠠᠵᠠᠢ᠃ | ᠰᠢ ᠶᠢᠨ ᠫᠢᠩ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠬᠤ᠂ ᠢᠲᠡᠭᠡᠯ ᠲᠡᠭᠦᠯᠳᠡᠷ | ᠨᠡᠬᠡᠬᠡᠯᠳᠡ ᠲᠠᠢ ᠪᠠᠶᠢᠬᠤ᠂ ᠬᠦᠴᠢᠷ ᠢ ᠰᠦᠷᠦᠨ ᠤᠷᠤᠭᠰᠢᠯᠠᠬᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ᠂ | ᠢᠷᠡᠭᠡᠳᠦᠢ ᠪᠠᠨ ᠬᠠᠮᠲᠤ ᠪᠠᠷ ᠴᠣᠭᠴᠠᠯᠠᠬᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠵᠣᠷᠢᠭ ᠰᠠᠨᠠᠭ᠎ᠠ ᠶᠢ ᠲᠣᠳᠣᠷᠬᠠᠶᠢᠯᠠᠨ ᠥᠭᠦᠯᠡᠪᠡ᠃ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ | ᠪᠠᠭᠲᠠᠭᠠᠬᠤ ᠪᠤᠯ ᠳᠠᠷᠤᠢ ᠡᠬᠡ ᠤᠯᠤᠰ ᠲᠠᠢ ᠪᠠᠨ ᠰᠡᠳᠭᠢᠯ ᠵᠢᠷᠦᠬᠡ ᠪᠠᠨ ᠬᠤᠯᠪᠣᠵᠤ᠂ ᠠᠯᠤᠰ ᠬᠡᠳᠦ ᠶᠢᠨ | ᠵᠣᠷᠢᠯᠲᠠ ᠲᠠᠢ ᠪᠠᠶᠢᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠭᠡᠨ ᠡᠷᠬᠢᠯᠡᠬᠦ ᠶᠢ ︽ᠤᠯᠤᠰ ᠤᠨ | ᠶᠡᠭᠡ ᠶᠠᠪᠤᠳᠠᠯ︾ ᠪᠣᠯᠭᠠᠵᠤ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠬᠤ ᠪᠠᠷ ᠡᠭᠦᠷᠭᠡ ᠪᠣᠯᠭᠠᠵᠤ᠂ ᠡᠬᠡ | ᠤᠯᠤᠰ ᠲᠠᠭᠠᠨ ᠭᠠᠪᠢᠶ᠎ᠠ ᠪᠠᠶᠢᠭᠤᠯᠬᠤ ᠪᠠᠷ ᠢᠷᠠᠭᠤ ᠠᠯᠳᠠᠷ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ | ᠡᠭᠦᠷᠭᠡᠯᠡᠵᠦ᠂ ᠡᠬᠡ ᠤᠯᠤᠰ ᠪᠣᠯᠤᠨ ᠠᠷᠠᠳ ᠲᠦᠮᠡᠨ ᠤ ᠪᠠᠨ ᠲᠥᠯᠥᠭᠡ ᠪᠦᠯᠬᠦᠮᠳᠡᠨ ᠨᠢᠭᠡᠳᠴᠦ᠂ ᠡᠷᠡᠯᠬᠡᠭᠯᠡᠨ | ᠲᠡᠮᠡᠴᠡᠬᠦ ᠬᠡᠷᠡᠭᠲᠡᠢ᠃ ᠢᠲᠡᠭᠡᠯ ᠲᠡᠭᠦᠯᠳᠡᠷ ᠨᠡᠬᠡᠬᠡᠯᠳᠡ ᠲᠠᠢ ᠪᠠᠶᠢᠬᠤ ᠪᠣᠯ ᠳᠠᠷᠤᠢ ᠠᠭᠤᠳᠠᠮᠴᠢ ᠪᠠᠭᠲᠠᠭᠠᠮᠵᠢᠲᠠᠢ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠪᠠᠷᠢᠮᠲᠠᠯᠠᠨ᠂ ᠪᠦᠲᠦᠭᠡᠯᠴᠢ | ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠪᠠᠷ ᠭᠦᠨ ᠵᠤᠵᠠᠭᠠᠨ ᠰᠣᠶᠣᠯ ᠤᠨ | ᠠᠭᠤᠯᠤᠭᠳᠠᠬᠤᠨ ᠢ ᠳᠠᠮᠵᠢᠭᠤᠯᠵᠤ᠂ ᠳᠦᠭᠦᠮ ᠤᠶᠢᠯᠠᠭᠠᠮᠵᠢᠳᠠᠢ ᠶᠡᠭᠡ ᠶᠤᠰᠤᠨ ᠢᠶᠠᠷ ᠥᠨᠢ ᠤᠳᠠᠭᠠᠨ ᠪᠣᠯᠪᠠᠰᠤᠨ ᠤ | ᠣᠶᠢᠯᠠᠭᠠᠭᠳᠠᠬᠤᠨ ᠢ ᠢᠯᠡᠷᠡᠭᠦᠯᠵᠦ᠂ ᠬᠠᠯᠠᠭᠤᠮᠰᠤᠭ ᠵᠣᠴᠢᠨᠰᠠᠭ ᠢᠶᠠᠷ ᠳᠤᠮᠳᠠᠳᠤ ᠤᠯᠤᠰ ᠤᠨ ᠠᠷᠠᠳ ᠲᠦᠮᠡᠨ ᠤ | ᠴᠢᠩ ᠦᠨᠡᠨᠴᠢ ᠨᠦᠬᠦᠷᠰᠡᠭ ᠢ ᠢᠯᠡᠷᠡᠭᠦᠯᠵᠦ᠂ ᠪᠣᠯᠪᠠᠰᠤᠨ ᠤ ᠰᠣᠯᠢᠯᠴᠠᠭ᠎ᠠ ᠪᠠᠷ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠠᠬᠢᠭᠤᠯᠬᠤ ᠶᠠᠪᠤᠳᠠᠯ ᠪᠣᠯᠤᠨ᠎ᠠ᠃ ᠬᠦᠴᠢᠷ ᠢ ᠰᠦᠷᠦᠨ | ᠤᠷᠤᠭᠰᠢᠯᠠᠬᠤ ᠪᠣᠯ ᠳᠠᠷᠤᠢ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠲᠡᠮᠡᠴᠡᠵᠦ᠂ | ᠬᠦᠨᠳᠦ ᠡᠭᠦᠷᠭᠡ ᠶᠢ ᠡᠭᠦᠷᠭᠡᠯᠡᠬᠦ᠂ ᠥᠷᠢᠰᠥᠯᠳᠦᠭᠡᠨ ᠳᠤ ᠰᠢᠭᠤᠳ ᠬᠠᠨᠳᠤᠬᠤ ᠣᠮᠤᠭ ᠲᠡᠭᠦᠯᠳᠡᠷ ᠲᠡᠮᠡᠴᠡᠯ ᠤᠨ | ᠵᠣᠷᠢᠭ ᠢᠶᠠᠨ ᠪᠠᠲᠤᠯᠠᠵᠤ᠂ ᠴᠦᠬᠦᠷᠡᠰᠢ ᠦᠭᠡᠢ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠶᠤᠯ ᠲᠦᠭᠰᠢᠭᠦᠷᠢ ᠶᠢ | ᠲᠤᠭᠤᠯᠵᠤ᠂ ᠢᠯᠠᠯᠲᠠ ᠶᠢᠨ ᠲᠥᠯᠥᠭᠡ ᠡᠷᠡᠯᠬᠡᠭᠯᠡᠨ ᠤᠷᠤᠭᠰᠢᠯᠠᠬᠤ ᠶᠠᠪᠤᠳᠠᠯ ᠪᠣᠯᠤᠨ᠎ᠠ᠃ ᠭᠠᠷᠮᠠᠭᠠᠢ ᠠᠮᠵᠢᠯᠲᠠ ᠶᠢ | ᠬᠥᠭᠡᠭᠡᠴᠡᠯᠳᠦᠬᠦ ᠪᠤᠯ ᠳᠠᠷᠤᠢ ᠨᠢᠭᠡ ᠰᠡᠳᠭᠢᠯ ᠢᠶᠠᠷ ᠠᠩᠬᠠᠷᠤᠯ ᠢᠶᠠᠨ ᠲᠥᠪᠯᠡᠷᠡᠭᠦᠯᠵᠦ᠂ ᠥᠴᠦᠬᠡᠨ ᠴᠦ ᠣᠰᠣᠯᠳᠠᠬᠤ | ᠦᠭᠡᠢ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠨᠠᠷᠢᠨ ᠨᠢᠮᠪᠠᠢ | ᠲᠥᠯᠥᠪᠵᠢᠭᠦᠯᠵᠤ᠂ ᠨᠠᠷᠢᠨ ᠨᠢᠮᠪᠠᠢ ᠰᠡᠶᠢᠯᠪᠦᠷᠢᠯᠡᠨ ᠤᠷᠠᠯᠠᠵᠤ᠂ ᠨᠠᠷᠢᠨ ᠨᠢᠮᠪᠠᠢ ᠤᠶᠢᠯᠠᠭᠠᠯᠴᠠᠨ ᠪᠤᠯᠪᠠᠰᠤᠷᠠᠵᠤ᠂ | ᠲᠠᠰᠤᠷᠠᠯᠳᠠ ᠦᠭᠡᠢ ᠰᠢᠪᠲᠤᠯᠤᠯᠲᠠ ᠭᠠᠷᠭᠠᠵᠤ ᠭᠠᠶᠢᠬᠠᠮᠰᠢᠭ ᠢ ᠡᠭᠦᠳᠬᠦ ᠶᠠᠪᠤᠳᠠᠯ ᠪᠣᠯᠤᠨ᠎ᠠ᠃ ᠢᠷᠡᠭᠡᠳᠦᠢ ᠶᠢ | ᠬᠠᠮᠲᠤ ᠪᠠᠷ ᠴᠣᠭᠴᠠᠯᠠᠬᠤ ᠪᠣᠯ ᠳᠠᠷᠤᠢ ᠬᠠᠮᠵᠢᠯᠴᠠᠨ ᠬᠥᠳᠡᠯᠦᠯᠴᠡᠵᠦ᠂ ᠨᠢᠭᠳᠠᠷᠠᠨ ᠭᠠᠷ ᠬᠤᠯᠪᠣᠯᠴᠠᠵᠤ᠂ | ︽ᠢᠷᠡᠭᠡᠳᠦᠢ ᠶᠢ ᠴᠢᠭᠯᠡᠨ ᠬᠠᠮᠲᠤ ᠪᠠᠷ ᠤᠷᠤᠭᠰᠢᠯᠠᠬᠤ︾ ᠪᠠ ︽ᠨᠡᠩ ᠪᠦᠯᠬᠦᠮᠳᠡᠯ ᠲᠠᠢ ᠪᠠᠶᠢᠬᠤ︾ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠵᠦᠭ ᠬᠠᠨᠳᠤᠨ᠂ ᠬᠥᠮᠦᠨ | ᠲᠥᠷᠥᠯᠬᠢᠲᠡᠨ ᠤ ᠬᠥᠭᠵᠢᠯᠲᠡ ᠶᠢᠨ ᠢᠷᠡᠭᠡᠳᠦᠢ ᠵᠦᠭ ᠬᠠᠨᠳᠤᠵᠤ᠂ ᠳᠡᠯᠡᠬᠡᠢ ᠳ᠋ᠠᠬᠢᠨ ᠳᠤ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠤᠨ ᠪᠠᠶᠢᠭᠤᠯᠬᠤ ᠬᠠᠯᠠᠭᠤᠨ ᠤᠷᠢᠶᠠᠯᠠᠭ᠎ᠠ ᠭᠠᠷᠭᠠᠬᠤ | ᠶᠠᠪᠤᠳᠠᠯ ᠪᠣᠯᠤᠨ᠎ᠠ᠃ | ᠰᠢ ᠶᠢᠨ ᠫᠢᠩ᠂ 7 ᠵᠢᠯ ᠴᠦᠬᠦᠷᠡᠰᠢ ᠦᠭᠡᠢ ᠴᠢᠷᠮᠠᠶᠢᠭᠰᠠᠨ ᠰᠠᠭᠤᠷᠢᠨ ᠳᠤ ᠡᠷᠡᠮᠡᠬᠡᠶᠢᠯᠡᠨ ᠲᠡᠮᠡᠴᠡᠵᠦ | ᠠᠶᠠᠨ ᠳᠠᠭᠠᠨ ᠲᠠᠬᠢᠨ ᠮᠣᠷᠳᠠᠪᠠ᠃ ᠪᠢᠳᠡ ᠢᠳᠡᠪᠬᠢᠲᠡᠢ ᠲᠥᠯᠥᠪᠵᠢᠭᠦᠯᠵᠦ᠂ ᠦᠷᠭᠦᠯᠵᠢᠯᠡᠨ ᠲᠡᠮᠡᠴᠡᠵᠦ᠂ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪ ᠢ ᠰᠠᠶᠢᠲᠤᠷ ᠬᠠᠮᠢᠶᠠᠷᠴᠤ᠂ ᠰᠠᠶᠢᠲᠤᠷ | ᠠᠰᠢᠭᠯᠠᠬᠤ ᠬᠡᠷᠡᠭᠲᠡᠢ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠲᠠᠯᠠᠪᠤᠷ ᠣᠷᠳᠣᠨ ᠤ ᠲᠥᠬᠦᠭᠡᠷᠦᠮᠵᠢ | ᠵᠡᠷᠭᠡ ᠪᠣᠳᠠᠰ ᠤᠨ ᠥᠪ ᠪᠠᠶᠢᠳᠠᠭ ᠮᠥᠷᠲᠡᠭᠡᠨ ᠪᠠᠰᠠ ᠰᠣᠶᠣᠯ ᠪᠠ ᠴᠢᠳᠠᠪᠤᠷᠢᠲᠠᠨ ᠤ ᠥᠪ ᠪᠠᠶᠢᠳᠠᠭ᠂ ᠡᠳᠡᠭᠡᠷ ᠪᠣᠯ | ᠴᠥᠮ ᠡᠷᠬᠢᠮ ᠨᠠᠨᠳᠢᠨ ᠡᠳ᠋ ᠪᠠᠶᠠᠯᠢᠭ ᠮᠥᠨ᠂ ᠡᠭᠦᠨ ᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ᠃ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠠᠶᠢᠯᠳᠤᠬᠤ | ᠪᠤᠳᠤᠯᠭ᠎ᠠ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨ ᠤ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠬᠠᠯᠠᠭᠤᠨ ᠰᠡᠳᠭᠢᠯᠭᠡ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠣᠶᠣᠯ ᠤᠨ ᠡᠬᠢ ᠪᠠᠶᠠᠯᠢᠭ ᠢ ᠭᠦᠢᠴᠡᠳ | ᠠᠭᠤᠳᠠᠯᠤᠨ ᠠᠰᠢᠭᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠲᠡᠭᠡᠯ ᠲᠠᠢ ᠯᠠᠪᠳᠠᠭᠤᠨ | ᠲᠣᠭᠲᠠᠭᠤᠨ ᠢᠶᠠᠷ ᠳᠤᠮᠳᠠᠳᠤ ᠤᠯᠤᠰ ᠤᠨ ᠳᠠᠭᠤᠨ ᠢ ᠳᠠᠮᠵᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ | ᠶᠠᠷᠢᠬᠤ ᠬᠡᠷᠡᠭᠲᠡᠢ᠃ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠮᠦᠨ ᠤ ᠡᠷᠬᠡ ᠶᠢ ᠬᠦᠨᠳᠦᠳᠭᠡᠨ | ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠶᠢᠭᠡᠮ | ᠳᠠᠶᠠᠭᠠᠷ ᠲᠤ ᠬᠠᠷᠠᠮ ᠦᠭᠡᠢ ᠵᠣᠷᠢᠭᠤᠯᠬᠤ᠂ ᠨᠥᠬᠦᠷᠰᠡᠭ ᠳᠣᠲᠣᠨᠣ ᠪᠠᠶᠢᠬᠤ᠂ ᠬᠠᠷᠢᠯᠴᠠᠨ ᠬᠠᠪᠰᠤᠷᠤᠯᠴᠠᠬᠤ᠂ | ᠲᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢ | ᠠᠬᠢᠭᠤᠯᠬᠤ ᠬᠡᠷᠡᠭᠲᠡᠢ᠃ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠢᠮᠫᠢᠺ ᠤᠨ ᠬᠥᠮᠦᠨ | ᠲᠥᠷᠥᠯᠬᠢᠲᠡᠨ ᠤ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠴᠢᠬᠤᠯᠠ ᠦᠢᠯᠡᠳᠦᠯ ᠢ ᠪᠠᠳᠠᠷᠠᠭᠤᠯᠵᠤ᠂ ᠬᠥᠮᠦᠨ | ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠨᠡᠩ ᠤᠯᠠᠨ ᠳᠤᠮᠳᠠᠳᠤ ᠤᠯᠤᠰ ᠤᠨ ᠤᠶᠤᠨ ᠤᠬᠠᠭᠠᠨ ᠪᠣᠯᠤᠨ | ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ᠃ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠳᠤᠮᠳᠠᠬᠢ ᠪᠡᠶ᠎ᠡ ᠶᠢᠨ ᠲᠠᠮᠢᠷ ᠤᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ | ᠬᠠᠮᠲᠤ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠦᠷᠭᠦᠯᠵᠢᠯᠡᠨ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠥᠷᠭᠡᠨ | ᠤᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ | ᠤᠬᠠᠮᠰᠠᠷ ᠢ ᠴᠢᠩᠭᠠᠳᠬᠠᠵᠤ᠂ ᠮᠠᠨ ᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ | ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠢ ᠪᠠᠶᠢᠭᠤᠯᠬᠤ ᠠᠯᠬᠤᠴᠠ ᠪᠠᠨ ᠲᠦᠷᠭᠡᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠯᠤᠲᠤ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ 7 | ᠵᠢᠯ ᠤᠨ ᠪᠡᠯᠡᠳᠭᠡᠯ ᠤᠷᠤᠯᠳᠤᠭᠠᠨ ᠤ ᠶᠡᠷᠦ ᠪᠤᠰᠤ ᠶᠢᠨ ᠲᠡᠦᠬᠡᠨ ᠶᠠᠪᠤᠴᠠ ᠶᠢ ᠪᠦᠬᠦ ᠲᠠᠯ᠎ᠠ ᠪᠠᠷ ᠡᠷᠭᠢᠴᠡᠭᠦᠯᠵᠦ᠂ | ᠪᠡᠯᠡᠳᠭᠡᠯ ᠠᠵᠢᠯ ᠤᠨ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪ ᠢ ᠰᠠᠶᠢᠲᠤᠷ ᠠᠰᠢᠭᠯᠠᠵᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ | ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠬᠤᠷᠠᠯ ᠳᠡᠭᠡᠷ᠎ᠡ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ | ᠪᠦᠯᠬᠦᠮ ᠤᠨ ᠲᠥᠯᠥᠭᠡᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠨᠢ ᠬᠤᠶ ᠵᠥᠩ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ | ᠲᠥᠯᠥᠭᠡᠯᠡᠭᠴᠢ᠂ ᠤᠯᠤᠰ ᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ | ᠭᠡᠭᠡᠷᠡᠯᠡᠨ ᠴᠠᠨᠠᠯᠠᠬᠤ ᠪᠠ ᠡᠪᠦᠯ ᠤᠨ ᠤᠯᠠᠷᠢᠯ ᠤᠨ ᠬᠤᠶᠠᠷ ᠵᠦᠢᠯ ᠤᠨ ᠠᠩᠭᠢ ᠶᠢᠨ ᠲᠠᠮᠢᠷᠴᠢᠨ ᠶᠠᠩ ᠬᠤᠩ | ᠴᠢᠶᠦ᠋ᠩ᠂ ᠰᠠᠶᠢᠨ ᠲᠤᠷᠠᠴᠤᠳ ᠤᠨ ᠲᠥᠯᠥᠭᠡᠯᠡᠭᠴᠢ᠂ ᠾᠧᠪᠧᠶ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ | ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠰᠣᠷᠣᠭᠴᠢ ᠶᠤᠸᠠᠨ ᠸᠧᠶ ᠲᠢᠩ᠂ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠥᠯᠥᠭᠡᠯᠡᠭᠴᠢ᠂ | ᠶᠠᠨᠴᠢᠩ ᠤᠨ ᠠᠵᠢᠯᠯᠠᠭᠠᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠰᠤ᠋ ᡁᠢ ᠦᠭᠡ ᠬᠡᠯᠡᠪᠡ᠃ | ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠶᠢᠨ ᠲᠥᠯᠥᠭᠡᠯᠡᠭᠴᠢ᠂ ᠲᠤᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠣᠯᠤᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ | ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠶᠡᠭᠡ ᠬᠤᠷᠠᠯ ᠳᠤ ᠣᠷᠣᠯᠴᠠᠪᠠ᠃ ᠲᠥᠪ ᠤᠨ ᠨᠠᠮ | ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠵᠢᠴᠢ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ | ᠬᠠᠷᠢᠭᠤᠴᠠᠯᠭᠠᠲᠠᠨ ᠨᠥᠬᠦᠳ᠂ ᠪᠡᠭᠡᠵᠢᠩ ᠬᠤᠳᠠ᠂ ᠾᠧᠪᠸᠢ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰᠤᠨ ᠪᠡᠶ᠎ᠡ ᠶᠢᠨ ᠲᠠᠮᠢᠷ ᠤᠨ | ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ᠂ ᠠᠵᠢᠯᠳᠠᠨ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠰᠠᠶᠢᠨ | ᠲᠤᠷᠠᠴᠤᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠪᠠ᠃ | |