ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ 16 ᠤ | ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠤᠨ ︽ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ | ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠡᠶᠢᠭᠡᠮ ᠤᠨ ᠪᠠᠲᠤᠯᠠᠭ᠎ᠠ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ | ᠨᠡᠶᠢᠭᠡᠮ ᠤᠨ ᠡᠷᠬᠡ ᠲᠡᠭᠰᠢ ᠶᠢ ᠬᠠᠮᠠᠭᠠᠯᠠᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠦᠨᠳᠦᠰᠦᠨ | ᠲᠦᠷᠢᠮ ᠤᠨ ᠪᠠᠲᠤᠯᠠᠭ᠎ᠠ ᠮᠥᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠥᠷᠭᠡᠨ ᠣᠯᠠᠨ ᠠᠷᠠᠳ | ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠴᠢᠬᠤᠯᠠ | ᠲᠦᠷᠢᠮ ᠤᠨ ᠲᠣᠬᠢᠷᠠᠭᠤᠯᠤᠯᠲᠠ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠤᠤᠷ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠬᠢᠷᠠᠭᠤᠯᠤᠬᠴᠢ᠂ ᠠᠵᠤ ᠠᠬᠤᠶ ᠶᠢᠨ ᠡᠷᠬᠢᠯᠳᠠ ᠶᠢᠨ ᠳᠣᠷᠭᠢᠯᠲᠠ ᠶᠢ | ᠨᠠᠮᠵᠢᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠢ ᠵᠠᠰᠠᠵᠤ ᠲᠥᠷᠥ ᠶᠢ ᠲᠦᠪᠰᠢᠳᠭᠡᠬᠦ ᠶᠡᠭᠡ ᠠᠰᠠᠭᠤᠳᠠᠯ | ᠮᠥᠨ᠃ ᠲᠠᠬᠢᠨ ᠬᠤᠪᠢᠶᠠᠷᠢᠯᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠯᠴᠠᠨ ᠬᠠᠪᠰᠤᠷᠤᠯᠴᠠᠵᠤ ᠬᠠᠮᠲᠤ ᠪᠠᠷ | ᠲᠤᠰᠠᠯᠠᠬᠤ ᠴᠢᠳᠠᠮᠵᠢ ᠶᠢ ᠴᠢᠩᠭᠠᠳᠬᠠᠨ᠂ ᠨᠡᠩ ᠤᠯᠠᠨ ᠬᠥᠮᠦᠨᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ | ᠣᠷᠣᠭᠤᠯᠵᠤ᠂ ᠥᠷᠭᠡᠨ ᠤᠯᠠᠨ ᠠᠷᠠᠳ ᠲᠦᠮᠡᠨᠳᠤ ᠨᠡᠩ ᠨᠠᠶᠢᠳᠠᠪᠤᠷᠢᠲᠠᠢ ᠨᠡᠩ ᠭᠦᠢᠴᠡᠳ ᠪᠠᠲᠤᠯᠠᠭ᠎ᠠ ᠬᠠᠩᠭᠠᠨ᠂ | ᠠᠷᠠᠳ ᠤᠯᠠᠨ ᠤ ᠤᠯᠠᠨ ᠲᠡᠰ ᠳᠠᠪᠬᠤᠷᠭ᠎ᠠ ᠶᠢᠨ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠲᠠᠰᠤᠷᠠᠯᠳᠠ ᠦᠭᠡᠢ | ᠬᠠᠩᠭᠠᠵᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠬᠦᠯᠦᠭᠰᠡᠨ᠂ ᠲᠥᠪ | ᠭᠤᠣᠯᠴᠢ ᠨᠢᠭᠡᠳᠦᠯᠲᠡᠢ᠂ ᠦᠷᠬᠦᠯᠵᠢᠯᠡᠭᠰᠡᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠤᠯᠠᠮ ᠴᠢᠨᠠᠬᠰᠢᠳᠠ | ᠨᠢᠭᠲᠠ ᠰᠦᠯᠵᠢᠵᠦ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ | ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ | ᠵᠣᠬᠢᠶᠠᠯ ᠳᠤ᠂ ᠮᠠᠨ ᠤ ᠨᠠᠮ ᠶᠡᠷᠦ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ | ᠪᠠᠲᠤᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠪᠠᠶᠢᠭᠤᠯᠤᠯᠲᠠ ᠲᠦᠷᠭᠡᠨ ᠤ ᠵᠠᠮ ᠳᠤ ᠣᠷᠣᠬᠤ ᠶᠢ ᠠᠬᠢᠭᠤᠯᠪᠠ᠃ ᠣᠳᠣᠬᠠᠨ ᠳᠤ᠂ ᠮᠠᠨ ᠤ ᠤᠯᠤᠰ | ᠨᠡᠶᠢᠭᠡᠮ ᠤᠨ ᠳᠠᠭᠠᠳᠬᠠᠯ ᠢᠶᠠᠷ ᠭᠤᠣᠯ ᠴᠣᠭᠴᠠ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ | ᠠᠰᠠᠷᠠᠮᠵᠢ᠂ ᠨᠡᠶᠢᠭᠡᠮ ᠤᠨ ᠠᠰᠠᠷᠠᠨ ᠬᠠᠷᠠᠭᠠᠯᠵᠠᠯ ᠵᠡᠷᠭᠡ ᠲᠦᠷᠢᠮ ᠢ ᠪᠠᠭᠲᠠᠭᠠᠭᠰᠠᠨ᠂ ᠴᠢᠳᠠᠮᠵᠢ ᠨᠢ ᠪᠦᠷᠢᠨ ᠲᠡᠭᠦᠯᠳᠡᠷ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠪᠢᠳᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠤᠯᠤᠰ ᠲᠥᠷᠥ ᠶᠢᠨ | ᠳᠠᠪᠠᠭᠤᠯᠢᠭ ᠢ ᠪᠠᠳᠠᠷᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠬᠠᠮᠲᠤ ᠪᠠᠷ ᠪᠠᠶᠠᠵᠢᠬᠤ ᠶᠢ | ᠪᠠᠷᠢᠮᠲᠠᠯᠠᠵᠤ᠂ ᠪᠠᠶᠢᠭᠤᠯᠤᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠢᠯᠡ ᠲᠣᠳᠣ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠮᠵᠢᠯᠲᠠ ᠲᠠᠢ ᠪᠠᠷ ᠪᠠᠶᠢᠭᠤᠯᠪᠠ᠃ ᠡᠳᠡᠭᠡᠷ | ᠠᠮᠵᠢᠯᠲᠠ ᠲᠠᠢ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠠᠰᠤᠷᠠᠯᠳᠠ ᠦᠭᠡᠢ ᠳ᠋ᠦᠩᠨᠡᠵᠦ᠂ ᠲᠠᠰᠤᠷᠠᠯᠳᠠ ᠦᠭᠡᠢ | ᠤᠷᠤᠭᠰᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠵᠣᠬᠢᠶᠠᠯ ᠳᠤ᠂ ᠰᠢᠰᠲ᠋ᠧᠮᠳᠦ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠶᠢ ᠪᠤᠢ | ᠪᠣᠯᠭᠠᠵᠤ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠳᠡᠯᠡᠬᠡᠢ ᠶᠢᠨ ᠬᠠᠷᠠᠭ᠎ᠠ ᠪᠠᠨ ᠥᠷᠭᠡᠳᠭᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠡᠶᠢᠭᠡᠮ ᠤᠨ ᠪᠠᠲᠤᠯᠠᠭ᠎ᠠ ᠶᠢᠨ | ᠦᠢᠯᠡᠰ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠠ | ᠨᠡᠶᠢᠭᠡᠮ ᠤᠨ ᠪᠠᠲᠤᠯᠠᠭ᠎ᠠ ᠪᠣᠯ ᠤᠰᠤ ᠥᠰᠴᠦ ᠣᠩᠭᠤᠴᠠ ᠳᠡᠭᠡᠭᠰᠢᠯᠡᠬᠦ ᠶᠢᠨ ᠬᠠᠷᠢᠴᠠᠭ᠎ᠠ ᠮᠥᠨ᠂ ᠤᠰᠤ ᠭᠦᠢᠬᠡᠨ | ᠪᠣᠯ ᠵᠢᠵᠢᠭᠭᠡᠨ ᠵᠠᠪᠢ ᠪᠠᠷ ᠵᠠᠮᠨᠠᠵᠤ᠂ ᠤᠰᠤ ᠭᠦᠨ ᠪᠣᠯ ᠶᠡᠭᠡ ᠣᠩᠭᠤᠴᠠ ᠪᠠᠷ ᠠᠶᠠᠯᠠᠵᠤ᠂ ᠵᠢᠮ᠎ᠡ ᠶᠣᠰᠣ ᠶᠢ | ᠵᠥᠷᠢᠴᠡᠪᠡᠯ ᠳᠠᠷᠤᠢ ᠭᠠᠵᠠᠷᠳᠠᠬᠤ ᠪᠤᠶᠤ ᠣᠩᠭᠤᠴᠠ ᠬᠥᠷᠪᠡᠬᠦ ᠪᠣᠯᠤᠨ᠎ᠠ ᠭᠡᠳᠡᠭ ᠶᠣᠰᠣ ᠶᠢ ᠬᠡᠵᠢᠶ᠎ᠡ ᠴᠦ ᠮᠠᠷᠲᠠᠵᠤ | ᠪᠣᠯᠬᠤ ᠦᠭᠡᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠨᠢᠭᠡᠨᠲᠡ | ᠰᠢᠰᠲ᠋ᠧᠮ ᠲᠠᠢ ᠲᠥᠪᠯᠡᠷᠡᠭᠰᠡᠨ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ ᠱᠠᠲᠤᠨ ᠳᠤ ᠣᠷᠣᠪᠠ᠃ ᠨᠡᠶᠢᠭᠡᠮ ᠤᠨ | ᠪᠠᠲᠤᠯᠠᠭ᠎ᠠ ᠶᠢᠨ ᠡᠯ᠎ᠡ ᠲᠠᠯ᠎ᠠ ᠶᠢᠨ ᠬᠤᠭᠤᠷᠣᠨᠳᠣᠬᠢ᠂ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠪᠠ ᠪᠤᠰᠤᠳ | ᠬᠤᠯᠪᠣᠭᠳᠠᠯ ᠪᠦᠬᠦᠢ ᠬᠦᠷᠢᠶᠡᠨ ᠤ ᠬᠤᠭᠤᠷᠣᠨᠳᠣᠬᠢ ᠥᠭᠡᠷᠡᠴᠢᠯᠡᠯᠲᠡ ᠶᠢᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ | ᠨᠢᠭᠡᠳᠦᠯᠲᠡᠢ ᠲᠥᠯᠥᠪᠵᠢᠬᠦᠯᠤᠨ ᠲᠦᠰᠦᠪᠯᠡᠬᠦ ᠪᠠ ᠵᠤᠬᠢᠴᠠᠭᠤᠯᠤᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ | ᠡᠯ᠎ᠡ ᠵᠦᠢᠯ ᠤᠨ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠬᠦ ᠶᠢ | ᠪᠠᠲᠤᠯᠠᠬᠤ ᠬᠡᠷᠡᠭᠲᠡᠢ᠃ ᠨᠠᠰᠤᠵᠢᠯ ᠤᠨ ᠦᠨᠳᠦᠰᠦᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ | ᠲᠥᠯᠥᠪᠵᠢᠭᠦᠯᠬᠦ ᠶᠢ ᠲᠦᠷᠭᠡᠨ ᠪᠡᠶᠡᠯᠡᠭᠦᠯᠬᠦ ᠨᠢ ᠨᠡᠶᠢᠭᠡᠮ ᠤᠨ ᠳᠠᠭᠠᠳᠬᠠᠯ ᠤᠨ ︽ᠶᠡᠭᠡ ᠲᠣᠭᠠᠨ ᠤ ᠵᠢᠮ᠎ᠡ ᠬᠠᠤᠯᠢ︾ | ᠳᠤ ᠨᠡᠶᠢᠴᠡᠬᠦ ᠪᠥᠭᠡᠳ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠪᠣᠯᠤᠨ᠎ᠠ᠃ ︽ᠡᠮ | ᠡᠮᠨᠡᠯᠭᠡ ᠡᠮᠴᠢᠯᠡᠭᠡᠨ ᠤ ᠪᠠᠳᠤᠯᠠᠭ᠎ᠠ ᠡᠮ ᠤᠨ ᠵᠦᠢᠯᠡᠰ ᠤᠨ ᠦᠭᠡᠷᠡᠴᠢᠯᠡᠯᠳᠠ ᠶᠢᠨ ᠬᠤᠯᠪᠣᠭᠠᠯᠠᠨ ᠬᠥᠳᠡᠯᠦᠯᠴᠡᠬᠦ︾ ᠶᠢ | ᠴᠥᠬᠦᠷᠡᠰᠢ ᠥᠬᠡᠶ᠂ ᠬᠠᠮᠵᠢᠯᠴᠠᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠴᠢᠭᠯᠡᠯ᠂ ᠠᠶᠢᠵᠠᠮ᠂ ᠡᠷᠴᠢᠮ ᠢ ᠵᠦᠢ | ᠵᠣᠬᠢᠰᠲᠠᠶ ᠡᠵᠡᠮᠳᠡᠵᠦ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠪᠦᠬᠦ ᠨᠡᠶᠢᠭᠡᠮ ᠤᠨ | ᠬᠠᠮᠲᠤ ᠶᠢᠨ ᠲᠠᠨᠢᠯᠲᠠ ᠪᠠ ᠬᠠᠮᠳᠤᠷᠠᠯ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠡᠨᠡ ᠬᠦ ᠥᠭᠡᠷᠡᠴᠢᠯᠡᠯᠲᠡ ᠶᠢᠨ | ᠡᠭᠦᠷᠭᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠨᠡᠶᠢᠭᠡᠮ ᠤᠨ ᠪᠠᠲᠤᠯᠠᠭ᠎ᠠ ᠶᠢᠨ ᠬᠠᠤᠯᠢᠵᠢᠯ ᠢ ᠠᠬᠢᠭᠤᠯᠵᠤ᠂ ᠬᠠᠤᠯᠢᠵᠢᠯ ᠤᠨ ᠵᠠᠮ ᠳᠡᠭᠡᠷ᠎ᠡ | ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ | ᠪᠠᠲᠤᠯᠠᠭ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠨᠥᠯᠥᠭᠡ ᠶᠢ | ᠠᠷᠭᠠᠴᠠᠭᠠᠬᠤ ᠲᠠᠯ᠎ᠠ ᠪᠠᠷ ᠬᠢ ᠨᠡᠶᠢᠭᠡᠮ ᠤᠨ ᠪᠠᠲᠤᠯᠠᠭ᠎ᠠ ᠶᠢᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ | ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠭᠡᠨᠡᠳᠲᠡ ᠡᠭᠦᠰᠦᠭᠰᠡᠨ ᠬᠦᠨᠳᠦ ᠶᠡᠭᠡ ᠠᠶᠤᠯ ᠲᠦᠭᠰᠢᠭᠦᠷᠢ ᠳᠤ | ᠴᠢᠭᠯᠡᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠤ ᠵᠢᠭᠠᠵᠤ | ᠭᠠᠷᠭᠠᠪᠠ᠃ | ᠵᠣᠬᠢᠶᠠᠯ ᠳᠤ᠂ ᠲᠦᠷᠢᠮ ᠤᠨ ᠨᠢᠭᠡᠳᠦᠮᠡᠯ ᠴᠢᠨᠠᠷ ᠪᠣᠯᠤᠨ ᠵᠢᠷᠤᠮᠵᠢᠯ ᠤᠨ ᠴᠢᠨᠠᠷ ᠢ ᠪᠠᠷᠢᠮᠲᠠᠯᠠᠵᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠳᠤ ᠤᠯᠤᠰ ᠤᠨ ᠦᠵᠦ ᠲᠥᠯᠥᠪᠯᠡᠭᠡ ᠶᠢ ᠪᠠᠷᠢᠮᠲᠠᠯᠠᠵᠤ᠂ ᠪᠦᠬᠦ | ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠪᠣᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠵᠢᠮ᠎ᠡ ᠶᠣᠰᠣ ᠶᠢ ᠡᠵᠡᠮᠰᠢᠨ᠂ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠥᠭᠡᠷᠡᠴᠢᠯᠡᠯᠲᠡ ᠶᠢᠨ ᠲᠥᠰᠦᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ | ᠬᠡᠷᠡᠭᠲᠡᠢ ᠭᠡᠵᠤ ᠴᠢᠬᠤᠯᠠᠴᠢᠯᠠᠪᠠ᠃ | |