ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ ᠬᠥᠮᠦᠨ ᠲᠥᠷᠥᠯᠬᠢᠲᠡᠨ ᠪᠣᠯ | ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠵᠦ ᠡᠯ᠎ᠡ | ᠤᠯᠤᠰ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠡᠨ | ᠰᠡᠳᠬᠢᠯ ᠠᠴᠠ ᠪᠠᠨ ᠲᠠᠮᠵᠢᠯᠴᠡᠨ ᠲᠤᠰᠠᠯᠠᠯᠴᠠᠵᠤ ᠬᠠᠮᠲᠤᠷᠠᠯᠴᠠᠨ ᠢᠷᠡᠭᠡᠳᠦᠢ ᠪᠠᠨ ᠴᠣᠭᠴᠠᠯᠠᠶ᠎ᠠ ᠭᠡᠵᠤ | ᠴᠢᠬᠤᠯᠠᠴᠢᠯᠠᠵᠠᠢ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ ᠪᠥᠸᠧ ᠤᠣ ᠶᠢᠨ | ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2022 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ | 21 ᠤ ᠦᠳᠡ ᠶᠢᠨ ᠡᠮᠦᠨ᠎ᠡ ᠬᠠᠶᠢᠨᠠᠨ ᠤ ᠪᠥᠸᠧ ᠤᠣ ᠳᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠸᠢᠳᠢᠣ᠋ ᠪᠠᠷ ︽ᠭᠠᠷ ᠬᠤᠯᠪᠣᠯᠴᠠᠨ ᠥᠷᠢᠰᠥᠯᠳᠦᠭᠡᠨ ᠢ ᠤᠭᠲᠤᠵᠤ᠂ ᠬᠠᠮᠲᠤᠷᠠᠯᠴᠠᠨ ᠢᠷᠡᠭᠡᠳᠦᠢ ᠪᠠᠨ ᠴᠣᠭᠴᠠᠯᠠᠶ᠎ᠠ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ | ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠬᠡᠯᠪᠡᠷᠢ ᠪᠠᠷ ᠳᠡᠯᠭᠡᠭᠳᠡᠵᠦ᠂ ᠬᠥᠮᠦᠨ ᠲᠥᠷᠥᠯᠬᠢᠲᠡᠨ ᠳᠤ | ᠡᠷᠬᠡᠪᠰᠢ ᠲᠥᠪ ᠴᠢᠩᠭ᠎ᠠ ᠬᠠᠨᠳᠤᠬᠤ ᠴᠢᠬᠤᠯᠠᠲᠠᠢ ᠥᠷᠢᠰᠥᠯᠳᠦᠭᠡᠨ ᠢ ᠳᠤᠷᠠᠳᠴᠠᠢ᠃ ᠬᠦᠴᠢᠷ ᠪᠡᠷᠬᠡᠰᠢᠶᠡᠯ ᠲᠠᠢ ᠴᠠᠭ | ᠮᠥᠴᠡ ᠪᠣᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠬᠤ ᠬᠡᠷᠡᠭᠲᠡᠢ ᠭᠡᠳᠡᠭ ᠢ ᠬᠥᠮᠦᠨ | ᠲᠥᠷᠥᠯᠬᠢᠲᠡᠨ ᠤ ᠲᠡᠦᠬᠡ ᠪᠢᠳᠡᠨ ᠳᠤ ᠬᠡᠯᠡᠵᠦ ᠥᠭᠪᠡ᠃ ᠶᠠᠮᠠᠷᠪᠠ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠴᠦ | ᠭᠡᠳ ᠲᠡᠦᠬᠡ ᠶᠢᠨ ᠤᠷᠤᠭᠰᠢᠯᠠᠯᠲᠠ ᠶᠢᠨ ᠬᠦᠷᠳᠦ ᠶᠢ ᠬᠤᠷᠢᠭᠯᠠᠵᠤ ᠴᠢᠳᠠᠬᠤ ᠦᠭᠡᠢ ᠶᠤᠮ᠃ ᠳᠠᠪᠬᠤᠷ ᠳᠠᠪᠬᠤᠷ | ᠥᠷᠢᠰᠥᠯᠳᠦᠭᠡᠨ ᠤ ᠡᠮᠦᠨ᠎ᠡ᠂ ᠪᠢᠳᠡ ᠶᠠᠭᠠᠬᠢᠭᠰᠠᠨ ᠴᠤ ᠢᠲᠡᠭᠡᠯ ᠵᠣᠷᠢᠭ ᠢᠶᠠᠨ ᠠᠯᠳᠠᠵᠤ᠂ ᠡᠷᠡᠭᠡᠯᠵᠡᠨ ᠤᠬᠤᠷᠢᠵᠤ | ᠪᠣᠯᠬᠤ ᠦᠭᠡᠢ᠂ ᠬᠠᠷᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠭᠡᠶᠢᠯᠡᠨ ᠤᠷᠤᠭᠰᠢᠯᠠᠬᠤ ᠬᠡᠷᠡᠭᠲᠡᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠬᠦᠴᠢᠷ ᠪᠡᠷᠭᠡᠰᠢᠶᠠᠯ ᠢ ᠲᠤᠭᠤᠯᠤᠨ ᠭᠡᠭᠡᠨ ᠰᠠᠷᠠᠭᠤᠯ ᠲᠡᠶᠢᠰᠢ ᠤᠷᠤᠭᠰᠢᠯᠠᠬᠤ ᠳᠤ᠂ | ᠬᠠᠮᠤᠭ ᠤᠨ ᠬᠦᠴᠦᠷᠬᠡᠭ ᠬᠦᠴᠦᠨ ᠪᠣᠯ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠤᠨ᠎ᠠ᠂ | ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠲᠠᠮᠵᠢᠯᠴᠡᠨ ᠬᠠᠪᠰᠤᠷᠤᠯᠴᠠᠬᠤ ᠶᠠᠪᠤᠳᠠᠯ | ᠪᠣᠯᠤᠨ᠎ᠠ᠃ ᠥᠩᠭᠡᠷᠡᠭᠰᠡᠨ ᠬᠤᠶᠠᠷ ᠵᠢᠯ ᠭᠠᠷᠤᠢ ᠶᠢᠨ ᠲᠤᠷᠰᠢ᠂ ᠳᠡᠯᠡᠬᠡᠢ ᠨᠡᠶᠢᠭᠡᠮ ᠢᠶᠠᠷ ᠢᠶᠠᠨ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ | ᠬᠥᠭᠵᠢᠯᠲᠡ ᠶᠢ ᠠᠬᠢᠭᠤᠯᠬᠤ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠃ ᠬᠥᠮᠦᠨ ᠲᠥᠷᠥᠯᠬᠢᠲᠡᠨ ᠪᠣᠯ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠡᠯ᠎ᠡ ᠤᠯᠤᠰ ᠡᠩᠬᠡ | ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠴᠠᠭ ᠦᠶ᠎ᠡ ᠶᠢᠨ ᠤᠷᠤᠰᠬᠠᠯ ᠳᠤ | ᠵᠣᠬᠢᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠵᠥᠪ ᠴᠢᠭᠯᠡᠯ | ᠲᠡᠶᠢᠰᠢ ᠭᠠᠷ ᠬᠤᠯᠪᠣᠯᠴᠠᠨ ᠥᠷᠢᠰᠥᠯᠳᠦᠭᠡᠨ ᠢ ᠤᠭᠲᠤᠵᠤ᠂ ᠬᠠᠮᠲᠤᠷᠠᠯᠴᠠᠨ ᠢᠷᠡᠭᠡᠳᠦᠢ ᠪᠠᠨ ᠴᠣᠭᠴᠠᠯᠡᠪᠡᠯ ᠵᠤᠬᠢᠨ᠎ᠠ | ᠭᠡᠳᠡᠭ ᠢ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠪᠢᠳᠡᠨ ᠳᠤ ᠤᠯᠠᠮ ᠴᠢᠨᠠᠭᠰᠢᠳᠠ ᠬᠡᠯᠡᠵᠦ ᠥᠭᠴᠠᠢ᠃ | — ᠪᠢᠳᠠ ᠬᠠᠮᠲᠤ ᠪᠠᠷ ᠬᠥᠮᠦᠨ ᠲᠥᠷᠥᠯᠬᠢᠲᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠶ᠎ᠠ᠃ ᠬᠥᠮᠦᠨ | ᠲᠥᠷᠥᠯᠬᠢᠲᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠬᠤ ᠳᠤ | ᠪᠠᠰᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠤᠮ᠃ ᠡᠯ᠎ᠡ ᠤᠯᠤᠰ ᠬᠠᠷᠢᠯᠴᠠᠨ ᠲᠡᠮᠵᠢᠵᠥ᠂ | ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ | ᠬᠦᠴᠦᠷᠬᠡᠭ ᠶᠡᠭᠡ ᠤᠯᠠᠨ ᠤᠯᠤᠰ ᠤᠨ ᠬᠠᠮᠲᠤᠷᠠᠯ ᠬᠦᠴᠦᠨ ᠢ ᠪᠦᠷᠢᠯᠳᠦᠭᠦᠯᠦᠶ᠎ᠡ᠃ ᠸᠠᠺᠼᠢᠨ ᠢ ᠪᠦᠬᠦ | ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠣᠯᠭᠠᠬᠤ ᠰᠢᠨᠵᠢ ᠴᠢᠨᠠᠷ ᠢ ᠪᠠᠷᠢᠮᠲᠠᠯᠠᠵᠤ᠂ ᠸᠠᠺᠼᠢᠨ ᠤ | ᠬᠥᠭᠵᠢᠵᠦ ᠪᠠᠶᠢᠭ᠎ᠠ ᠤᠯᠤᠰ ᠲᠠᠬᠢ ᠪᠣᠯᠤᠮᠵᠢᠲᠤ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ | ᠪᠠᠲᠤᠯᠠᠶᠡ᠃ ᠳᠤᠮᠳᠠᠳᠤ ᠤᠯᠤᠰ ᠨᠢᠭᠡᠨᠲᠡ 120 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠳᠤ 21 ᠳ᠋ᠦᠩᠰᠢᠭᠤᠷ ᠭᠠᠷᠤᠶ ᠬᠤᠪᠢ ᠸᠠᠺᠼᠢᠨ ᠬᠠᠩᠭᠠᠵᠤ᠂ ᠠᠹᠷᠢᠺᠠ ᠲᠢᠪ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢ ᠦᠷᠬᠦᠯᠵᠢᠯᠡᠨ ᠲᠣᠰ ᠲᠣᠰ 6 ᠳ᠋ᠦᠩᠰᠢᠭᠤᠷ᠂ 1.5 ᠳ᠋ᠦᠩᠰᠢᠭᠤᠷ | ᠬᠤᠪᠢ ᠸᠠᠺᠼᠢᠨ ᠢᠶᠠᠷ ᠲᠤᠰᠠᠯᠠᠵᠤ᠂ ︽ᠡᠭᠡᠯᠢᠯᠡᠭᠡ ᠶᠢᠨ ᠵᠠᠭᠠᠭ︾ ᠢ ᠠᠷᠢᠯᠭᠠᠬᠤ ᠪᠠᠷ ᠦᠷᠭᠦᠯᠵᠢᠯᠡᠨ ᠢᠳᠡᠪᠬᠢᠲᠡᠶ | ᠴᠢᠷᠮᠠᠶᠢᠨ᠎ᠠ᠃ | — ᠪᠢᠳᠠ ᠬᠠᠮᠲᠤ ᠪᠠᠷ ᠠᠵᠤ ᠠᠬᠤᠢ ᠶᠢᠨ ᠰᠡᠷᠭᠦᠯᠲᠡ ᠶᠢ ᠠᠬᠢᠭᠤᠯᠤᠶ᠎ᠠ᠃ ᠨᠡᠭᠡᠭᠡᠯᠲᠡᠲᠦ ᠮᠠᠶ᠋ᠢᠭ ᠤᠨ | ᠳᠡᠯᠡᠬᠡᠢ ᠶᠢᠨ ᠠᠵᠤ ᠠᠬᠤᠢ ᠶᠢ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ | ᠵᠣᠬᠢᠴᠠᠭᠤᠯᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠲᠡᠩᠴᠡᠭᠦᠷᠢᠲᠡᠢ᠂ ᠵᠣᠬᠢᠴᠠᠩᠭᠤᠢ᠂ | ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠤᠶ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ | ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ᠂ ᠠᠮᠤ ᠪᠤᠳᠠᠭᠠᠨ ᠤ ᠠᠮᠤᠷ ᠲᠦᠪᠰᠢᠨ᠂ ᠬᠥᠭᠵᠢᠯᠲᠡ ᠶᠢᠨ | ᠪᠡᠯᠡ ᠮᠦᠡᠭᠭᠦ ᠴᠤᠭᠯᠠᠭᠤᠯᠬᠤ᠂ ᠠᠵᠤ ᠦᠢᠯᠡᠳᠪᠦᠷᠢᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ | ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠤᠶ᠎ᠡ᠃ | — ᠪᠢᠳᠠ ᠬᠠᠮᠲᠤ ᠪᠠᠷ ᠳᠡᠯᠡᠬᠡᠶ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠶ᠎ᠠ᠃ ᠬᠦᠢᠳᠡᠨ | ᠲᠠᠶᠢᠨ ᠤ ᠰᠡᠳᠭᠢᠬᠦᠢ ᠨᠢ ᠵᠥᠪᠬᠡᠨ ᠪᠦᠬᠦ ᠪᠥᠮᠪᠥᠷᠴᠡᠭ ᠤᠨ ᠡᠩᠬᠡ ᠲᠠᠶᠢᠪᠤᠩ ᠤᠨ ᠪᠣᠷᠣ ᠲᠥᠯᠥᠪ ᠢ ᠡᠪᠳᠡᠬᠦ | ᠪᠣᠯᠤᠨ᠎ᠠ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠨᠢ ᠵᠥᠪᠬᠡᠨ ᠳᠡᠯᠡᠬᠡᠢ ᠶᠢᠨ ᠡᠩᠬᠡ ᠲᠠᠶᠢᠪᠤᠩ ᠢ | ᠬᠤᠬᠢᠷᠠᠭᠤᠯᠵᠤ᠂ ᠪᠦᠯᠦᠭᠯᠡᠯ ᠤᠨ ᠡᠰᠡᠷᠭᠦᠴᠡᠯᠳᠦᠯ ᠨᠢ ᠵᠥᠪᠬᠡᠨ 21 ᠳ᠋ᠤᠭᠡᠷ ᠵᠠᠭᠤᠨ ᠤ ᠠᠮᠤᠷ ᠲᠦᠪᠰᠢᠨ ᠤ | ᠦᠷᠢᠰᠤᠯᠳᠤᠭᠡᠨ ᠢ ᠬᠤᠷᠴᠠᠳᠬᠠᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠦᠬᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢ ᠳᠤᠷᠠᠳᠤᠨ᠎ᠠ᠄ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ | ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠠᠮᠤᠷ ᠲᠦᠪᠰᠢᠨ ᠢ | ᠬᠠᠮᠲᠤ ᠪᠠᠷ ᠬᠠᠮᠠᠭᠠᠯᠠᠶ᠎ᠠ︔ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ | ᠬᠦᠨᠳᠦᠳᠭᠡᠬᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠦᠯᠦ ᠲᠦᠷᠦᠭᠦ᠂ ᠡᠯ᠎ᠡ ᠤᠯᠤᠰ ᠤᠨ ᠠᠷᠠᠳ | ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ | ᠬᠦᠨᠳᠦᠳᠭᠡᠬᠦ ᠶᠢ ᠪᠠᠷᠢᠮᠲᠠᠯᠠᠶ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠠ ᠵᠠᠷᠴᠢᠮ ᠢ ᠵᠢᠷᠤᠮᠯᠠᠨ ᠰᠠᠬᠢᠬᠤ ᠶᠢ ᠪᠠᠷᠢᠮᠲᠠᠯᠠᠵᠤ᠂ ᠬᠦᠢᠲᠡᠨ ᠳᠠᠶᠢᠨ ᠤ ᠰᠡᠳᠭᠢᠬᠦᠢ ᠶᠢ ᠲᠠᠶᠠᠭᠳᠠᠵᠤ᠂ | ᠭᠠᠭᠴᠠ ᠲᠠᠯᠠᠲᠤ ᠦᠵᠡᠯ ᠢ ᠡᠰᠡᠷᠭᠦᠴᠡᠨ᠂ ᠪᠦᠯᠦᠭᠯᠡᠯ ᠤᠨ ᠤᠯᠤᠰ ᠲᠦᠷᠦ ᠪᠠ ᠯᠡᠭᠧᠷ ᠤᠨ ᠡᠰᠡᠷᠭᠦᠴᠡᠯᠳᠦᠯ ᠢ | ᠭᠠᠷᠭᠠᠬᠤ ᠦᠭᠡᠢ ᠪᠠᠶᠢᠬᠤ ᠶᠢ ᠪᠠᠷᠢᠮᠳᠠᠯᠠᠶ᠎ᠠ︔ ᠡᠯ᠎ᠡ ᠤᠯᠤᠰ ᠤᠨ ᠵᠦᠢ ᠶᠤᠰᠤᠨ ᠤ ᠠᠮᠤᠷ ᠲᠦᠪᠰᠢᠨ ᠤ ᠠᠩᠬᠠᠷᠤᠯ ᠢ | ᠴᠢᠬᠤᠯᠠᠴᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠢ ᠰᠠᠯᠭᠠᠵᠤ ᠪᠣᠯᠤᠰᠢ ᠦᠭᠡᠢ ᠵᠠᠷᠴᠢᠮ ᠢ ᠪᠠᠷᠢᠮᠲᠠᠯᠠᠵᠤ᠂ | ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠠᠮᠤᠷ ᠲᠦᠪᠰᠢᠨ ᠤ ᠪᠦᠲᠦᠴᠡ ᠶᠢ ᠪᠠᠶᠢᠭᠤᠯᠵᠤ᠂ ᠲᠤᠰ ᠤᠯᠤᠰ ᠤᠨ | ᠠᠮᠤᠷ ᠲᠦᠪᠰᠢᠨ ᠢᠶᠠᠨ ᠪᠤᠰᠤᠳ ᠤᠯᠤᠰ ᠤᠨ ᠠᠮᠤᠷ ᠲᠦᠪᠰᠢᠨ ᠪᠤᠰᠤ ᠰᠠᠭᠤᠷᠢᠨ ᠳᠡᠭᠡᠷ᠎ᠡ ᠪᠠᠶᠢᠭᠤᠯᠬᠤ ᠶᠢ | ᠡᠰᠡᠷᠭᠦᠴᠡᠶᠠ︔ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠬᠢ ᠵᠥᠷᠢᠯᠳᠦᠭᠡᠨ ᠪᠠ | ᠮᠠᠷᠭᠤᠯᠳᠤᠭᠠᠨ ᠢ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠶᠢ ᠪᠠᠷᠢᠮᠲᠠᠯᠠᠵᠤ᠂ ᠬᠢᠮᠤᠷᠠᠯ ᠢ ᠨᠠᠶᠢᠷᠠᠮᠳᠠᠯ ᠢᠶᠠᠷ | ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠲᠡᠮᠵᠢᠵᠦ᠂ ᠳᠠᠪᠬᠤᠷ ᠪᠠᠷᠢᠮᠵᠢᠶ᠎ᠠ ᠲᠣᠭᠲᠠᠭᠠᠵᠤ ᠪᠣᠯᠬᠤ | ᠦᠭᠡᠢ᠂ ᠭᠠᠭᠴᠠ ᠲᠠᠯ᠎ᠠ ᠶᠢᠨ ᠵᠠᠯᠬᠠᠭᠠᠯ ᠪᠠ ︽ᠭᠠᠷ ᠰᠤᠩᠭᠠᠭᠰᠠᠨ ᠬᠠᠷᠢᠶᠠᠯᠠᠯ︾ ᠢ ᠳᠤᠷ᠎ᠠ ᠪᠠᠷ ᠢᠶᠠᠨ ᠬᠡᠷᠡᠭᠯᠡᠬᠦ ᠶᠢ | ᠡᠰᠡᠷᠭᠦᠴᠡᠶ᠎ᠡ︔ ᠤᠯᠠᠮᠵᠢᠯᠠᠯᠲᠤ ᠬᠦᠷᠢᠶ᠎ᠡ ᠪᠠ ᠤᠯᠠᠮᠵᠢᠯᠠᠯᠲᠤ ᠪᠤᠰᠤ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠨ ᠬᠠᠮᠠᠭᠠᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠵᠦᠷᠢᠯᠳᠦᠭᠡᠨ ᠪᠠ ᠰᠦᠷᠳᠡᠭᠦᠯᠬᠦ ᠦᠵᠡᠯ᠂ ᠠᠭᠤᠷ | ᠠᠮᠢᠰᠬᠤᠯ ᠤᠨ ᠬᠤᠪᠢᠷᠠᠯᠲᠠ᠂ ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠪᠦᠬᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠢ ᠬᠠᠮᠲᠤ ᠪᠠᠷ ᠠᠷᠭᠠᠴᠠᠭᠠᠶ᠎ᠠ᠃ | — ᠪᠢᠳᠡ ᠪᠦᠬᠦ ᠪᠥᠮᠪᠥᠷᠴᠡᠭ ᠤᠨ ᠵᠠᠰᠠᠯᠲᠠ ᠶᠢᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠶ᠎ᠠ᠃ | ᠳᠡᠯᠡᠬᠡᠢ ᠶᠢᠨ ᠡᠯ᠎ᠡ ᠤᠯᠤᠰ ᠬᠤᠪᠢ ᠵᠠᠶᠠᠭ᠎ᠠ ᠪᠠᠨ ᠬᠠᠮᠲᠤᠳᠬᠠᠭᠰᠠᠨ ᠲᠤᠮᠤ ᠣᠩᠭᠤᠴᠠᠨ ᠳᠡᠭᠡᠷ᠎ᠡ ᠰᠠᠭᠤᠵᠤ᠂ | ᠲᠤᠬᠰᠢᠨ ᠰᠢᠷᠦᠭᠦᠨ ᠳᠠᠪᠠᠯᠭᠠᠨ ᠢ ᠲᠤᠭᠤᠯᠵᠤ᠂ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠬᠤ ᠳᠤ᠂ ᠡᠷᠬᠡᠪᠰᠢ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠡᠨ ᠨᠢᠭᠡ ᠶᠢ ᠨᠢ ᠲᠠᠯᠠᠢ ᠳᠤ ᠬᠠᠶᠠᠬᠤ ᠭᠡᠰᠡᠨ ᠭᠤᠷᠢᠳᠠᠯ ᠢ ᠴᠥᠮ | ᠬᠦᠯᠢᠶᠡᠨ ᠠᠪᠴᠤ ᠪᠣᠯᠤᠰᠢ ᠦᠭᠡᠢ ᠶᠤᠮ᠃ | ᠳᠡᠯᠡᠬᠡᠢ ᠨᠡᠶᠢᠭᠡᠮ ᠢᠶᠠᠷ ᠢᠶᠠᠨ ᠬᠥᠭᠵᠢᠭᠡᠳ ᠡᠳᠦᠭᠡ ᠪᠣᠯᠬᠤ ᠳᠤ ᠨᠢᠭᠡᠨᠲᠡ ᠨᠢᠭᠡᠨ ᠨᠠᠷᠢᠨ ᠪᠤᠳᠤᠯᠢᠶᠠᠨᠲᠠᠢ | ᠤᠷᠠᠨ ᠨᠠᠷᠢᠯᠢᠭ᠂ ᠣᠷᠭᠠᠨᠢᠭ ᠨᠢᠭᠡ ᠴᠣᠭᠴᠠᠵᠢᠭᠰᠠᠨ ᠮᠠᠰᠢᠨ ᠪᠣᠯᠤᠭᠰᠠᠨ ᠪᠠᠶᠢᠨ᠎ᠠ᠂ ᠨᠢᠭᠡ ᠰᠡᠯᠪᠢᠭ ᠲᠤᠨᠤᠭ ᠢ | ᠵᠠᠳᠠᠯᠪᠠᠯ ᠪᠦᠬᠦ᠋ᠢᠯᠡ ᠮᠠᠰᠢᠨ ᠤ ᠠᠵᠢᠯᠯᠠᠭᠠᠨ ᠨᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠵᠤ᠂ ᠵᠠᠳᠠᠯᠤᠭᠳᠠᠭᠰᠠᠨ | ᠬᠥᠮᠦᠨ ᠨᠢ ᠬᠤᠬᠢᠷᠠᠵᠤ᠂ ᠵᠠᠳᠠᠯᠵᠤ ᠪᠠᠶᠢᠭ᠎ᠠ ᠬᠥᠮᠦᠨ ᠨᠢ ᠴᠦ ᠬᠤᠬᠢᠷᠠᠬᠤ ᠪᠣᠯᠤᠨ᠎ᠠ᠃ ᠬᠠᠮᠲᠤ ᠪᠠᠷ ᠵᠥᠪᠳᠡᠬᠦ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ | ᠦᠢᠯᠡᠳᠦᠯᠭᠡᠵᠢᠭᠦᠯᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠠᠳᠠᠯᠢ ᠪᠤᠰᠤ | ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠰᠠᠨᠠᠭᠠᠴᠢᠯᠠᠶ᠎ᠠ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ | ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠡ᠃ ᠲᠤᠮᠤ | ᠤᠯᠤᠰ ᠨᠡᠩ ᠴᠤ ᠦᠯᠢᠭᠡᠷ ᠳᠠᠭᠤᠷᠢᠶᠠᠯ ᠦᠵᠡᠭᠦᠯᠵᠦ᠂ ᠲᠦᠷᠦᠭᠦᠯᠡᠨ ᠡᠷᠬᠡ ᠲᠡᠭᠰᠢ ᠶᠢ ᠡᠷᠬᠢᠮᠯᠡᠵᠦ᠂ | ᠬᠠᠮᠲᠤᠷᠠᠯᠴᠠᠭ᠎ᠠ ᠶᠢ ᠡᠷᠬᠢᠮᠯᠡᠵᠦ᠂ ᠦᠨᠡᠨᠴᠢ ᠢᠲᠡᠭᠡᠮᠵᠢ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠲᠤᠮᠤ ᠤᠯᠤᠰ ᠤᠨ | ᠲᠦᠷᠢ ᠲᠥᠷᠬᠦ ᠶᠢ ᠢᠯᠡᠷᠡᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠩᠭᠡᠷᠡᠭᠰᠡᠨ ᠬᠡᠳᠦᠨ ᠠᠷᠪᠠᠨ ᠵᠢᠯ ᠳᠤ᠂ ᠠᠽᠢᠶ᠎ᠠ ᠲᠢᠪ ᠤᠨ ᠭᠠᠵᠠᠷ ᠣᠷᠣᠨ | ᠶᠡᠷᠦᠩᠬᠡᠢ ᠳᠡᠭᠡᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠦᠷᠭᠦᠯᠵᠢᠯᠡᠨ ᠲᠦᠷᠭᠡᠨ ᠨᠡᠮᠡᠭᠳᠡᠵᠦ᠂ | ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠴᠡᠢ᠃ ᠠᠽᠢᠶ᠎ᠠ ᠲᠢᠪ ᠰᠠᠶᠢᠨ ᠪᠠᠶᠢᠪᠠᠯ ᠲᠡᠯᠡᠬᠡᠢ ᠶᠢᠷᠲᠢᠨᠴᠦ ᠰᠠᠶ᠋ᠢ ᠨᠠᠩ | ᠰᠠᠶᠢᠨ ᠪᠠᠶᠢᠵᠤ ᠴᠢᠳᠠᠨ᠎ᠠ᠃ ᠪᠢᠳᠡ ᠠᠽᠢᠶ᠎ᠠ ᠲᠢᠪ ᠢ ᠦᠷᠭᠦᠯᠵᠢᠯᠡᠨ ᠰᠠᠶᠢᠲᠤᠷ ᠬᠥᠭᠵᠢᠭᠦᠯᠵᠦ᠂ ᠰᠠᠶᠢᠲᠤᠷ ᠪᠦᠳᠦᠭᠡᠨ | ᠪᠠᠶᠢᠭᠤᠯᠵᠤ᠂ ᠠᠽᠢᠶ᠎ᠠ ᠲᠢᠪ ᠤᠨ ᠤᠶᠠᠨ ᠬᠠᠳᠠᠨ ᠴᠢᠨᠠᠷ᠂ ᠤᠶᠤᠨ ᠤᠬᠠᠭᠠᠨ᠂ ᠬᠦᠴᠦᠨ ᠴᠢᠳᠠᠯ ᠢ ᠢᠯᠡᠷᠡᠭᠦᠯᠵᠦ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠬᠠᠮᠠᠭᠠᠯᠠᠬᠴᠢ᠂ ᠨᠡᠮᠡᠭᠳᠡᠯ ᠤᠨ ᠬᠥᠳᠡᠯᠭᠡᠬᠦ ᠬᠦᠴᠦᠨ ᠤ ᠡᠬᠢ᠂ | ᠬᠠᠮᠲᠤᠷᠠᠯᠴᠠᠭᠠᠨ ᠤ ᠰᠢᠨ᠎ᠡ ᠥᠨᠳᠦᠷᠯᠢᠭ ᠢ ᠴᠣᠭᠴᠠᠯᠠᠶᠡ᠃ | ᠨᠢᠭᠡᠳᠦᠭᠡᠷ ᠲᠤ᠂ ᠠᠽᠢᠶ᠎ᠠ ᠲᠢᠪ ᠤᠨ ᠡᠩᠬᠡ ᠲᠠᠶᠢᠪᠤᠩ ᠢ ᠡᠷᠡᠰ ᠬᠠᠮᠠᠭᠠᠯᠠᠶ᠎ᠡ᠃ ᠥᠨᠥᠳᠦᠷ᠂ ᠠᠽᠢᠶ᠎ᠠ | ᠲᠢᠪ ᠤᠨ ᠠᠩᠬ᠎ᠠ ᠰᠠᠨᠠᠭᠠᠴᠢᠯᠠᠭᠰᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ | ︽ᠪᠠᠨᠳᠦ᠋ᠩ ᠤᠨ ᠵᠣᠷᠢᠭ ᠰᠠᠨᠠᠭ᠎ᠠ︾ ᠨᠢ ᠨᠡᠩ ᠠᠬᠤᠶᠢᠴᠢ ᠠᠴᠢ ᠬᠤᠯᠪᠣᠭᠳᠠᠯ ᠲᠠᠢ ᠪᠣᠯᠵᠠᠢ᠃ ᠬᠠᠷᠢᠯᠴᠠᠨ | ᠬᠦᠨᠳᠦᠳᠭᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠵᠡᠷᠭᠡ | ᠵᠠᠷᠴᠢᠮ ᠢ ᠪᠠᠷᠢᠮᠲᠠᠯᠠᠵᠤ᠂ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ | ᠬᠤᠶᠠᠳᠤᠭᠠᠷ ᠲᠤ᠂ ᠠᠽᠢᠶ᠎ᠠ ᠲᠢᠪ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠶ᠎ᠠ᠃ ︽ᠣᠷᠣᠨ | ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠵᠢᠩᠬᠢᠨᠢ ᠪᠠᠷ | ᠬᠦᠴᠦᠨ ᠲᠠᠢ ᠪᠤᠯᠵᠤ᠂ ᠳᠤᠮᠳᠠᠳᠤ ᠯᠠᠤᠰ ᠤᠨ ᠲᠡᠮᠦᠷ ᠵᠠᠮ ᠲᠡᠷᠭᠡ ᠨᠡᠪᠳᠡᠷᠡᠵᠤ᠂ ᠭᠠᠵᠠᠷ ᠣᠷᠣᠨ ᠤ ᠬᠠᠲᠠᠭᠤ | ᠬᠤᠯᠪᠣᠯᠳᠤᠨ ᠨᠡᠪᠲᠡᠷᠡᠯᠴᠡᠬᠦ᠂ ᠵᠥᠭᠡᠯᠡᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ | ᠡᠭᠦᠨ ᠢᠶᠠᠷ ᠠᠵᠠ ᠲᠣᠬᠢᠶᠠᠯ ᠪᠣᠯᠭᠠᠵᠤ᠂ ᠠᠽᠢᠶ᠎ᠠ ᠲᠢᠪ ᠤᠨ ᠨᠡᠩ ᠨᠡᠭᠡᠭᠡᠯᠲᠡᠲᠡᠢ ᠲᠤᠮᠤ ᠵᠠᠬ᠎ᠠ ᠳᠡᠯᠭᠡᠭᠦᠷ ᠢ ᠪᠤᠢ | ᠪᠣᠯᠭᠠᠬᠤ ᠶᠢ ᠠᠬᠢᠭᠤᠯᠵᠤ᠂ ᠠᠽᠢᠶ᠎ᠠ ᠲᠢᠪ ᠤᠨ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠶᠢᠨ ᠰᠢᠨ᠎ᠡ | ᠠᠯᠬᠤᠮ ᠢ ᠠᠯᠬᠤᠬᠤ ᠶᠢ ᠠᠬᠢᠭᠤᠯᠤᠶ᠎ᠡ᠃ | ᠭᠤᠷᠪᠠᠳᠤᠭᠠᠷ ᠲᠤ᠂ ᠠᠽᠢᠶ᠎ᠠ ᠲᠢᠪ ᠤᠨ ᠪᠦᠯᠬᠦᠮᠳᠡᠯ ᠢ ᠬᠠᠮᠲᠤ ᠪᠠᠷ ᠠᠬᠢᠭᠤᠯᠤᠶ᠎ᠠ᠃ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠭᠠᠵᠠᠷ ᠣᠷᠣᠨ ᠤ ᠪᠦᠲᠦᠴᠡ ᠳᠠᠬᠢ ᠭᠤᠣᠯᠯᠠᠬᠤ ᠪᠠᠶᠢᠷᠢ | ᠰᠠᠭᠤᠷᠢ ᠶᠢ ᠪᠠᠬᠢᠵᠢᠭᠦᠯᠵᠦ᠂ ᠡᠯ᠎ᠡ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠬᠤ᠂ ᠡᠯ᠎ᠡ | ᠲᠠᠯ᠎ᠠ ᠶᠢᠨ ᠠᠰᠢᠭ ᠲᠤᠰᠠ ᠶᠢ ᠪᠠᠭᠲᠠᠭᠠᠬᠤ ᠣᠷᠣᠨ ᠪᠦᠰᠡ ᠶᠢᠨ ᠡᠮᠬᠢ ᠳᠢᠭᠯᠢᠮ ᠢ ᠬᠠᠮᠠᠭᠠᠯᠠᠶ᠎ᠡ᠃ ᠤᠯᠤᠰ | ᠣᠷᠣᠨ ᠨᠢ ᠶᠡᠭᠡ ᠪᠠᠭ᠎ᠠ ᠬᠦᠴᠦᠷᠬᠡᠭ ᠪᠠᠭᠤᠷᠠᠢ ᠭᠡᠰᠡᠨ ᠴᠦ ᠲᠡᠷᠡ᠂ ᠣᠷᠣᠨ ᠪᠦᠰᠡ ᠶᠢᠨ ᠳᠣᠲᠣᠷ᠎ᠠ ᠭᠠᠳᠠᠨᠠᠬᠢ | ᠭᠡᠰᠡᠨ ᠴᠦ ᠲᠡᠷᠡ᠂ ᠴᠥᠮ ᠠᠽᠢᠶ᠎ᠠ ᠲᠢᠪ ᠲᠤ ᠭᠡᠷᠡᠯ ᠭᠢᠯᠪᠠᠭ᠎ᠠ ᠨᠡᠮᠡᠷᠢᠯᠡᠬᠦ ᠠᠴᠠ ᠪᠢᠰᠢ ᠶᠠᠷᠰᠢᠭ ᠲᠦᠪᠡᠭ ᠨᠡᠮᠡᠬᠦ | ᠦᠭᠡᠢ ᠪᠠᠶᠢᠵᠤ᠂ ᠴᠥᠮ ᠡᠩᠬᠡ ᠲᠠᠶᠢᠪᠤᠩ ᠬᠥᠭᠵᠢᠯᠲᠡ ᠶᠢᠨ ᠶᠡᠭᠡ ᠵᠠᠮ ᠢᠶᠠᠷ ᠬᠠᠮᠲᠤ ᠪᠠᠷ ᠵᠠᠮᠨᠠᠵᠤ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠡᠭᠡ ᠪᠤᠳᠤᠯᠭ᠎ᠠ ᠶᠢ ᠬᠠᠮᠲᠤ ᠪᠠᠷ ᠰᠦᠪᠡᠭᠴᠢᠯᠡᠵᠦ᠂ ᠪᠦᠯᠬᠦᠮᠳᠡᠨ | ᠳᠠᠪᠰᠢᠭᠰᠠᠨ ᠠᠽᠢᠶ᠎ᠠ ᠲᠢᠪ ᠤᠨ ᠶᠡᠭᠡ ᠭᠡᠷ ᠪᠦᠯᠢ ᠶᠢ ᠬᠠᠮᠲᠤ ᠪᠠᠷ ᠴᠣᠭᠴᠠᠯᠠᠪᠠᠯ ᠵᠤᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠲᠠᠯᠳᠠ | ᠬᠦᠴᠦᠨ ᠭᠦᠢᠴᠡᠳ᠂ ᠡᠷᠬᠢᠯᠳᠡᠳᠦ ᠤᠷᠤᠨ ᠵᠠᠢ ᠥᠷᠭᠡᠨ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ | ᠪᠠᠶᠢᠳᠠᠯ ᠬᠤᠪᠢᠷᠠᠬᠤ ᠦᠭᠡᠢ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠳᠤ ᠬᠦᠴᠦᠷᠬᠡᠭ ᠶᠡᠭᠡ | ᠬᠥᠳᠡᠯᠭᠡᠬᠦ ᠡᠨᠧᠷᠭᠢ ᠬᠠᠩᠭᠠᠵᠤ᠂ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ | ᠬᠠᠩᠭᠠᠬᠤ ᠪᠣᠯᠤᠨ᠎ᠠ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠳᠡᠯᠡᠬᠡᠢ ᠳ᠋ᠠᠬᠢᠨ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ | ᠤᠯᠤᠰ ᠤᠨ ᠥᠭᠡᠷᠡᠴᠢᠯᠡᠯᠲᠡ ᠨᠡᠭᠡᠭᠡᠯᠳᠠ ᠬᠢᠬᠦ ᠢᠲᠡᠭᠡᠯ ᠵᠣᠷᠢᠭ ᠴᠥᠮ ᠭᠤᠶᠢᠪᠢᠯᠵᠠᠬᠤ ᠦᠭᠡᠢ ᠶᠤᠮ᠃ ᠳᠤᠮᠳᠠᠳᠤ | ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ | ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠪᠣᠯᠤᠨ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠳᠦᠷ ᠪᠤᠯᠭᠠᠨ ᠶᠠᠪᠤᠪᠠᠰᠦ ᠮᠢᠩᠭᠠᠨ ᠭᠠᠵᠠᠷ ᠢ ᠳᠤᠭᠤᠯᠵᠦ | ᠴᠢᠳᠠᠮᠤᠢ︔ ᠲᠠᠬᠢᠨ ᠲᠠᠪᠳᠡᠨ ᠬᠢᠪᠡᠰᠦ ᠲᠦᠮᠡᠨ ᠶᠠᠪᠤᠳᠠᠯ ᠢ ᠪᠦᠳᠦᠬᠡᠵᠦ ᠴᠢᠳᠠᠮᠤᠢ᠃ ᠪᠢᠳᠡ ᠭᠠᠷ ᠬᠤᠯᠪᠣᠯᠴᠠᠨ | ᠰᠡᠳᠭᠢᠯ ᠢᠶᠠᠨ ᠨᠢᠭᠡᠳᠭᠡᠵᠦ᠂ ᠴᠥᠬᠦᠷᠡᠰᠢ ᠦᠭᠡᠢ ᠤᠷᠤᠭᠰᠢᠯᠠᠳᠠᠭ ᠯᠠ ᠶᠤᠮ ᠪᠣᠯ ᠯᠠᠪᠲᠠᠢ ᠬᠠᠮᠲᠤᠷᠠᠯᠴᠠᠵᠤ | ᠬᠠᠮᠲᠤ ᠪᠠᠷ ᠠᠰᠢᠭ ᠬᠦᠷᠳᠡᠬᠦ ᠠᠤᠭ᠎ᠠ ᠬᠦᠴᠦᠨ ᠢ ᠨᠢᠭᠲᠠᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ | ᠵᠦᠢᠯ ᠤᠨ ᠥᠷᠢᠰᠥᠯᠳᠦᠭᠡᠨ ᠢ ᠢᠯᠠᠨ ᠳᠠᠪᠠᠵᠤ᠂ ᠬᠥᠮᠦᠨ ᠲᠥᠷᠥᠯᠬᠢᠲᠡᠨ ᠤ ᠨᠡᠩ ᠭᠡᠭᠡᠨ ᠰᠠᠷᠠᠭᠤᠯ ᠰᠠᠶᠢᠨ ᠰᠠᠶᠢᠬᠠᠨ | ᠢᠷᠡᠭᠡᠳᠦᠢ ᠶᠢ ᠤᠭᠲᠤᠨ ᠠᠪᠴᠢᠷᠠᠵᠤ ᠴᠢᠳᠠᠨ᠎ᠠ ᠭᠡᠵᠦ ᠬᠡᠯᠡᠪᠡ᠃ | |