ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠶᠡᠭᠡ | ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ | ᠰᠢ ᠶᠢᠨ ᠫᠢᠩ ᠪᠦᠷᠢᠨ ᠪᠢᠯᠧᠲ ᠢᠶᠠᠷ ᠰᠣᠩᠭᠤᠭᠳᠠᠵᠠᠢ | ᠰᠢᠨᠬᠤᠸᠠ ᠬᠤᠷᠢᠶᠠᠨ ᠤ ᠨᠠᠨᠨᠢᠩ ᠤᠨ 4 ᠰᠠᠷ᠎ᠠ ᠶᠢᠨ 22 ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ | ᠬᠤᠸᠠᠩ ᠴᠢᠩ ᠭᠠᠩ︶ 4 ᠰᠠᠷ᠎ᠠ ᠶᠢᠨ 21 — 22 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠲᠥᠯᠥᠭᠡᠯᠡᠭᠴᠢᠳ ᠤᠨ ᠬᠤᠷᠠᠯ ᠨᠠᠨᠨᠢᠩ ᠳᠤ ᠬᠤᠷᠠᠯᠳᠤᠵᠤ᠂ ᠬᠤᠷᠠᠯ ᠠᠴᠠ ᠭᠤᠸᠠᠩᠰᠢ ᠶᠢᠨ ᠵᠤᠸᠠᠩ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ | ᠰᠣᠩᠭᠤᠨ ᠭᠠᠷᠭᠠᠪᠠ᠃ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠰᠣᠩᠭᠤᠭᠤᠯᠢ ᠳᠤ ᠣᠷᠣᠯᠴᠠᠭᠰᠠᠨ ᠨᠠᠮ ᠤᠨ ᠲᠥᠪ ᠬᠤᠷᠢᠶ᠎ᠠ ᠠᠴᠠ ᠨᠡᠷ᠎ᠡ ᠳᠤᠷᠠᠳᠤᠭᠰᠠᠨ ᠲᠥᠯᠥᠭᠡᠯᠡᠭᠴᠢ ᠶᠢᠨ | ᠵᠢᠱᠢᠭᠳᠡᠭᠴᠢ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠲᠥᠯᠥᠭᠡᠯᠡᠭᠴᠢ ᠪᠠᠷ ᠰᠣᠩᠭᠤᠭᠳᠠᠪᠠ᠃ | 22 ᠤᠨ ᠦᠳᠡ ᠶᠢᠨ ᠡᠮᠦᠨ᠎ᠡ᠂ ᠶᠡᠭᠡ ᠬᠤᠷᠠᠯ ᠵᠢᠩᠬᠢᠨᠢ ᠪᠠᠷ ᠰᠣᠩᠭᠤᠭᠤᠯᠢ ᠶᠠᠪᠤᠭᠤᠯᠪᠠ᠃ ᠶᠡᠭᠡ | ᠬᠤᠷᠠᠯ ᠠᠴᠠ ᠰᠢ ᠶᠢᠨ ᠫᠢᠩ ᠨᠥᠬᠦᠷ ᠰᠣᠩᠭᠤᠭᠤᠯᠢ ᠳᠤ ᠪᠦᠷᠢᠨ ᠪᠢᠯᠧᠲ ᠢᠶᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠵᠠᠢ ᠭᠡᠵᠦ ᠨᠡᠶᠢᠲᠡᠯᠡᠬᠦ ᠦᠶᠡᠰ ᠲᠠᠯᠠᠪᠠᠢ ᠳᠠᠶᠠᠭᠠᠷ ᠤᠳᠠᠲᠠᠯ᠎ᠠ ᠠᠯᠠᠭ᠎ᠠ | ᠲᠠᠰᠢᠬᠤ ᠲᠠᠭᠤᠨ ᠨᠢᠵᠢᠭᠢᠨᠡᠪᠡ᠃ | ᠲᠥᠯᠥᠭᠡᠯᠡᠭᠴᠢᠳ᠂ ᠶᠡᠷᠦᠩᠬᠡᠢ ᠱᠦᠵᠢ ᠰᠢ ᠶᠢᠨ ᠫᠢᠩ ᠪᠦᠷᠢᠨ ᠪᠢᠯᠧᠲ ᠢᠶᠠᠷ ᠬᠤᠷᠢᠳᠤᠭᠠᠷ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠶᠠᠪᠤᠳᠠᠯ ᠪᠣᠯ ᠭᠤᠸᠠᠩᠰᠢ ᠶᠢᠨ 250 ᠭᠠᠷᠤᠢ ᠲᠦᠮᠡᠨ | ᠨᠠᠮ ᠤᠨ ᠭᠡᠰᠢᠭᠦᠨ᠂ 15 ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠠᠮᠲᠤ ᠶᠢᠨ ᠬᠦᠰᠡᠯ ᠡᠷᠡᠮᠡᠯᠵᠡᠯ ᠪᠤᠯᠤᠨ᠎ᠠ᠂ ᠭᠤᠸᠠᠩᠰᠢᠶᠢᠨ ᠦᠨᠳᠦᠰᠦᠲᠡᠨ ᠨᠦᠭᠦᠳ ᠤᠨ 5700 ᠲᠦᠮᠡᠨ ᠺᠠᠳ᠋ᠷ | ᠤᠯᠠᠨ ᠲᠦᠮᠡᠨ ᠤ ᠶᠡᠷᠦᠩᠬᠡᠢ ᠱᠦᠵᠢ ᠰᠢ ᠶᠢᠨ ᠫᠢᠩ ᠢ ᠴᠢᠩ ᠰᠡᠳᠭᠢᠯ ᠠᠴᠠ ᠪᠠᠨ ᠬᠠᠶᠢᠷᠠᠯᠠᠨ ᠬᠦᠨᠳᠦᠳᠭᠡᠵᠦ | ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠂ ᠲᠦᠭ ᠲᠦᠮᠡᠨ ᠠᠷᠠᠳ ᠲᠦᠮᠡᠨ ᠤ ᠠᠭᠤᠤ ᠶᠡᠭᠡ ᠰᠡᠷᠭᠦᠨ | ᠮᠠᠨᠳᠤᠯᠲᠠᠶᠢᠨ ᠵᠠᠮᠴᠢᠯᠠᠭᠴᠢ ᠪᠠᠨ ᠰᠠᠯᠤᠯ ᠦᠭᠡᠢ ᠲᠠᠭᠠᠵᠤ ᠴᠤᠭ ᠪᠠᠳᠠᠷᠠᠩᠭᠤᠢ ᠪᠠᠷ ᠡᠷᠡᠮᠡᠬᠡᠶᠢᠯᠡᠨ ᠠᠵᠢᠯᠯᠠᠬᠤ᠂ ᠨᠡᠩ | ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠠᠮᠲᠤ ᠶᠢᠨ ᠰᠡᠳᠭᠢᠯ ᠤᠨ ᠳᠠᠭᠤᠨ ᠪᠠ ᠴᠢᠩᠭ᠎ᠠ ᠬᠦᠰᠡᠯ | ᠡᠷᠡᠮᠡᠯᠵᠡᠯ ᠢ ᠲᠤᠰᠬᠠᠵᠠᠢ ᠭᠡᠵᠦ ᠦᠵᠡᠵᠡᠭᠡᠪᠡ᠃ | ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠯᠢᠩ ᠶᠦᠨ ᠰᠢᠶᠠᠨ ᠤ ᠢᠦᠢ ᠬᠤᠩ ᠰᠢᠶᠠᠩ ᠤᠨ ᠵᠢᠶᠠᠩ | ᠭᠧᠩ ᠼᠦᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳᠤᠨ ᠵᠥᠪᠯᠡᠯ ᠤᠨ ᠡᠷᠬᠢᠯᠡᠭᠴᠢ ᠶᠠ | ᠬᠠᠨ ᠸᠧᠨ᠄ ︽ᠶᠡᠷᠦᠩᠬᠡᠢ ᠱᠦᠵᠢ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠰᠡᠳᠬᠢᠯ ᠳᠡᠭᠡᠨ ᠪᠤᠳᠤᠳᠠᠭ᠃ ᠪᠢ ᠥᠷᠭᠡᠨ ᠤᠯᠠᠨ | ᠦᠨᠳᠦᠰᠦᠨ ᠱᠠᠲᠤᠨ ᠤ ᠨᠠᠮ ᠤᠨ ᠭᠡᠰᠢᠭᠦᠨ ᠢ ᠲᠥᠯᠥᠭᠡᠯᠡᠨ ᠠᠷᠢᠭᠤᠨ ᠲᠠᠷᠬᠠᠨ ᠨᠢᠭᠡ ᠪᠢᠯᠧᠲ ᠢ ᠥᠭᠭᠦᠭᠰᠡᠨ ᠳᠡᠭᠡᠨ | ᠲᠦᠢᠯ ᠤᠨ ᠢᠷᠠᠭᠤ ᠠᠯᠳᠠᠷᠲᠠᠢ ᠪᠥᠭᠡᠳ ᠣᠮᠣᠭᠰᠢᠯᠲᠠᠢ ᠰᠠᠨᠠᠭᠳᠠᠵᠤ ᠪᠠᠶᠢᠨ᠎ᠠ᠃ ᠶᠡᠷᠦᠩᠬᠡᠢ ᠱᠦᠵᠢ ᠶᠢᠨ ᠪᠦᠷᠢᠨ | ᠪᠢᠯᠧᠲ ᠢᠶᠠᠷ ᠰᠣᠩᠭᠤᠭᠳᠠᠭᠰᠠᠨ ᠢ ᠰᠣᠨᠣᠰᠤᠭᠠᠳ᠂ ᠪᠢ ᠲᠦᠢᠯ ᠢᠶᠠᠷ ᠰᠡᠳᠭᠢᠯ ᠳᠣᠭᠳᠣᠯᠵᠤ᠂ ᠶᠡᠬᠡᠳᠡ ᠵᠣᠷᠢᠭᠵᠢᠵᠤ᠂ | ᠡᠨᠡᠬᠦ ᠴᠢᠬᠤᠯᠠ ᠲᠡᠦᠬᠡᠨ ᠴᠠᠭ ᠮᠥᠴᠡ ᠶᠢ ᠭᠡᠷᠡᠴᠢᠯᠡᠭᠰᠡᠨᠳᠡᠭᠡᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠪᠢ | ᠦᠷᠭᠦᠯᠵᠢᠯᠡᠨ ᠲᠣᠰᠬᠤᠨ ᠤ ᠠᠷᠠᠳ ᠢᠶᠠᠨ ᠳᠠᠭᠠᠭᠤᠯᠤᠨ ᠤᠨᠴᠠᠯᠢᠬᠳᠤ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ ᠬᠦᠴᠦᠨ | ᠴᠢᠳᠠᠯ ᠢᠶᠠᠨ ᠡᠷᠭᠦᠨ᠎ᠡ︾ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠯᠢᠦ | ᠵᠧᠦ ᠶᠢᠨ ᠪᠤᠯᠤᠳ ᠲᠡᠮᠦᠷ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠰᠢᠲᠠᠭᠠᠨ ᠪᠠᠷᠢᠯᠳᠤᠭᠤᠯᠬᠤ | ᠦᠢᠯᠡᠳᠪᠦᠷᠢ ᠶᠢᠨ ᠠᠦ᠋ᠲ᠋ᠣᠴᠢᠯᠠᠭᠰᠠᠨ ᠲᠠᠰᠤᠭ ᠤᠨ ᠡᠷᠬᠢᠯᠡᠭᠴᠢ ᠸᠧᠢ ᠯᠢᠦ ᠴᠠᠨ᠄ ︽ᠤᠯᠠᠨ ᠲᠦᠮᠡᠨ ᠤ | ᠠᠮᠢᠳᠤᠷᠠᠯ ᠤᠨ ᠪᠤᠶᠠᠨ ᠵᠢᠷᠭᠠᠯ ᠪᠣᠯ ᠶᠡᠷᠦᠩᠬᠡᠢ ᠱᠦᠵᠢ ᠶᠢᠨ ᠬᠤᠪᠢᠷᠠᠰᠢ ᠦᠭᠡᠢ ᠰᠠᠨᠠᠭᠠᠰᠢᠷᠠᠯ ᠪᠣᠯᠤᠨ᠎ᠠ᠃ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠯᠠᠨ ᠰᠤᠷᠭᠠᠨ ᠬᠥᠮᠦᠵᠢᠯ᠂ ᠡᠮ ᠡᠮᠨᠡᠯᠭᠡ᠂ | ᠣᠷᠣᠨ ᠰᠠᠭᠤᠴᠠ᠂ ᠤᠤᠭᠤᠬᠤ ᠤᠰᠤ ᠵᠡᠷᠭᠡ ᠲᠠᠯ᠎ᠠ ᠪᠠᠷ ᠦᠨᠡᠨ ᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ | ᠬᠦᠷᠳᠡᠪᠡ᠃ ᠶᠡᠷᠦᠩᠬᠡᠢ ᠱᠦᠵᠢ ᠶᠢᠨ ᠲᠠᠭᠠᠭᠤᠯᠭ᠎ᠠ ᠳᠣᠣᠷ᠎ᠠ᠂ ᠤᠯᠠᠨ ᠢᠶᠠᠷ ᠢᠶᠠᠨ ᠯᠠᠪᠲᠠᠢ ᠨᠡᠩ ᠵᠣᠯ ᠵᠢᠷᠭᠠᠯ ᠲᠠᠢ᠂ | ᠨᠡᠩ ᠬᠦᠰᠡᠯ ᠡᠷᠡᠮᠡᠯᠵᠡᠯ ᠲᠠᠢ ᠠᠮᠢᠳᠤᠷᠠᠬᠤ ᠪᠤᠯᠤᠨ᠎ᠠ᠃ ᠭᠠᠭᠴᠠ ᠬᠦ ᠬᠠᠨᠴᠤᠢ ᠰᠢᠮᠠᠯᠠᠨ ᠴᠢᠷᠮᠠᠶᠢᠨ ᠠᠵᠢᠯᠯᠠᠪᠠᠯ ᠰᠠᠶ᠋ᠢ | ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ︾ ᠭᠡᠵᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠭᠤᠸᠠᠩᠰᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠣᠲᠣᠨᠣ ᠪᠠᠷ ᠬᠠᠯᠠᠮᠵᠢᠯᠠᠵᠤ᠂ ᠤᠯᠠᠨ | ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠨᠢᠳᠤᠨᠤᠨ ᠤ 4 ᠰᠠᠷ᠎ᠠ ᠳᠤ᠂ ᠶᠡᠷᠦᠩᠬᠡᠶ ᠱᠦᠵᠢ | ᠭᠤᠸᠠᠩᠰᠢ ᠳᠤ ᠳᠠᠬᠢᠨᠲᠠ ᠰᠢᠨᠵᠢᠯᠡᠨ ᠪᠠᠶᠢᠴᠠᠭᠠᠬᠤ ᠳᠠᠭᠠᠨ᠂ ᠭᠤᠸᠠᠩᠰᠢ ᠶᠢᠨ ᠪᠥᠬᠦ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠠᠬᠢ ︽ᠳᠥᠷᠪᠡᠨ ᠲᠣᠪᠤᠶᠢᠮ᠎ᠠ ᠣᠨᠴᠠᠯᠢᠭ︾ ᠢ ᠨᠠᠷᠢᠯᠢᠭ ᠣᠨᠣᠪᠴᠢᠲᠠᠶ ᠬᠤᠷᠢᠶᠠᠩᠭᠤᠶᠢᠯᠠᠵᠤ᠂ ︽ᠳᠥᠷᠪᠡᠨ | ᠰᠢᠨ᠎ᠡ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠳᠥᠷᠪᠡᠨ ᠲᠠᠯ᠎ᠠ ᠶᠢᠨ ᠴᠢᠬᠤᠯᠠ ᠠᠵᠢᠯ ᠢ ᠲᠣᠪᠤᠶᠢᠮ᠎ᠠ ᠰᠠᠶᠢᠲᠤᠷ | ᠠᠳᠬᠤᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠦᠵᠡᠰᠭᠦᠯᠡᠩᠲᠤ ᠭᠤᠸᠠᠩᠰᠢ ᠶᠢ ᠪᠥᠲᠥᠭᠡᠨ ᠪᠠᠶᠢᠭᠤᠯᠬᠤ ᠬᠡᠷᠡᠭᠲᠡᠶ | ᠭᠡᠵᠦ ᠱᠠᠭᠠᠷᠳᠠᠪᠠ᠃ ︽ᠰᠢᠨ᠎ᠡ ᠴᠠᠭ ᠦᠶ᠎ᠡ ᠳᠤ ᠣᠷᠣᠵᠤ᠂ ᠰᠢᠨ᠎ᠡ ᠠᠶᠠᠨ ᠳᠤ ᠮᠣᠷᠳᠠᠬᠤ ᠳᠤ᠂ ᠶᠡᠷᠦᠩᠬᠡᠢ ᠱᠦᠵᠢ | ᠰᠢ ᠶᠢᠨ ᠫᠢᠩ ᠵᠠᠯᠠᠭᠤᠷ ᠢ ᠡᠵᠡᠮᠳᠡᠵᠤ ᠠᠶᠠᠯᠠᠯᠢ ᠵᠢᠯᠤᠭᠤᠳᠴᠤ ᠪᠠᠶᠢᠨ᠎ᠠ᠂ ᠨᠡᠩ ᠰᠦᠷ ᠳᠠᠯᠠᠶᠢᠴᠠᠲᠠᠢ ᠴᠠᠭ | ᠦᠶ᠎ᠡ ᠶᠢᠨ ᠠᠤᠭ᠎ᠠ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠥᠨᠳᠥᠷ ᠰᠦᠷᠯᠢᠭ ᠲᠤᠮᠤ ᠬᠥᠯᠭᠡ ᠣᠩᠭᠤᠴᠠ ᠶᠢ ᠬᠦᠳᠦᠯᠦᠨ ᠳᠠᠭᠠᠭᠤᠯᠵᠤ ᠭᠡᠷᠡᠯ ᠰᠠᠴᠤᠷᠠᠩᠭᠤᠢ | ᠲᠡᠷᠲᠡᠭᠡ ᠡᠷᠭᠢ ᠳᠤ ᠬᠦᠷᠭᠡᠬᠦ ᠨᠢ ᠯᠠᠪᠲᠠᠢ ᠶᠤᠮ︾ ᠭᠡᠵᠦ ᠲᠥᠯᠥᠭᠡᠯᠡᠭᠴᠢᠳ ᠢᠲᠡᠭᠡᠯ ᠲᠡᠭᠦᠯᠳᠡᠷ ᠢᠶᠠᠷ ᠬᠡᠯᠡᠵᠡᠭᠡᠪᠡ᠃ | ︽ᠶᠡᠷᠦᠩᠬᠡᠢ ᠱᠦᠵᠢ ᠪᠦᠷᠢᠨ ᠪᠢᠯᠧᠲ ᠢᠶᠠᠷ ᠰᠣᠩᠭᠤᠭᠳᠠᠭᠰᠠᠨ ᠨᠢ ᠠᠷᠠᠳ ᠤᠨ ᠰᠡᠳᠭᠢᠯᠤᠨ ᠬᠠᠨᠳᠤᠰᠢ᠂ | ᠤᠯᠠᠨ ᠤ ᠬᠦᠰᠡᠯ ᠰᠠᠨᠠᠭ᠎ᠠ ᠪᠤᠯᠬᠤ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠤᠸᠠᠩᠰᠢ ᠳᠤ ᠯᠤᠲᠤ ᠶᠡᠭᠡ ᠬᠤᠪᠢᠷᠠᠯᠲᠠ ᠭᠠᠷᠴᠠᠢ︾᠃ | ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠨᠠᠨᠨᠢᠩ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠳᠡᠳ᠋ | ᠵᠠᠬᠢᠷᠤᠯ ᠰᠢᠤᠢ ᠬᠤᠸᠠ᠂ ᠬᠤᠶᠢᠰᠢᠳᠠ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ | ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠰ ᠢ ᠠᠬᠢᠭᠤᠯᠬᠤ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠬᠡᠯᠡᠪᠡ᠃ | ᠲᠥᠯᠥᠭᠡᠯᠡᠭᠴᠢᠳ᠂ ︽ᠬᠤᠶᠠᠷ ᠢ ᠲᠣᠭᠲᠠᠭᠠᠭᠰᠠᠨ︾ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠭᠤᠣᠯᠯᠠᠭᠴᠢ ᠳᠠᠭᠠᠨ ᠦᠨᠡᠨᠴᠢ | ᠪᠠᠶᠢᠵᠤ᠂ ᠭᠤᠣᠯᠯᠠᠭᠴᠢ ᠪᠠᠨ ᠬᠠᠶᠢᠷᠠᠯᠠᠵᠤ᠂ ᠭᠤᠣᠯᠯᠠᠭᠴᠢ ᠪᠠᠨ ᠬᠠᠮᠠᠭᠠᠯᠠᠵᠤ᠂ ᠭᠤᠣᠯᠯᠠᠭᠴᠢ ᠪᠠᠨ ᠬᠦᠷᠢᠶᠡᠯᠡᠵᠤ᠂ | ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠣᠯᠤᠨ ᠵᠣᠷᠢᠭᠵᠢᠭᠤᠯᠤᠯ ᠢ ᠠᠵᠢᠯ ᠬᠢᠵᠦ ᠦᠢᠯᠡᠰ ᠪᠤᠰᠬᠠᠬᠤ | ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠢᠳᠡᠷᠬᠡᠭ ᠠᠯᠬᠤᠭ᠎ᠠ ᠪᠠᠷ ᠤᠷᠤᠭᠰᠢᠯᠠᠨ᠎ᠠ ᠭᠡᠵᠦ ᠢᠯᠡᠳᠭᠡᠵᠡᠭᠡᠪᠡ᠃ | |