ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ ᠳᠤᠮᠳᠠᠳᠤ ᠤᠯᠤᠰ ᠤᠨ ᠣᠨᠴᠠᠯᠢᠭ ᠲᠠᠢ ᠳᠡᠯᠡᠬᠡᠶ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠰᠢᠨ᠎ᠡ ᠵᠠᠮ ᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠸᠠᠩ ᠬᠣ᠋ ᠨᠢᠩ ᠪᠠᠷ᠎ᠠ ᠪᠤᠯᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/10/12
      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 25 ᠤ ᠴᠠᠬᠢᠯᠭᠠᠨ ᠮᠡᠳᠡᠭᠡ  ︽5 · 4︾ ᠤ ᠵᠠᠯᠠᠭᠤᠴᠤᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 25 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠬᠴᠢ ᠠᠵᠢᠯᠳᠠᠳ᠂ ᠪᠦᠬᠦ ᠤᠯᠤᠰ ᠤᠨ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠳᠠᠳ ᠵᠢᠴᠢ ᠢᠳᠡᠷ ᠵᠠᠯᠠᠭᠤ ᠠᠵᠢᠯᠳᠠᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠤᠨ ᠨᠠᠮ ᠤᠨ ᠰᠤᠷᠭᠠᠯ ᠢ ᠪᠠᠲᠤ ᠴᠡᠭᠡᠵᠢᠯᠡᠵᠦ᠂ ᠦᠨᠳᠦᠰᠦᠲᠡᠨ ᠢᠶᠠᠨ ᠰᠡᠷᠭᠦᠨ ᠮᠠᠨᠳᠤᠭᠤᠯᠬᠤ ᠪᠠᠷ ᠵᠣᠷᠢᠭ ᠰᠢᠭᠤᠳᠤᠨ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠴᠠᠭ ᠦᠶ᠎ᠡ‌‍ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠪᠠᠶᠢᠵᠤ᠂ ᠵᠠᠯᠠᠭᠤ ᠨᠠᠰᠤᠨ ᠤ ᠤᠷᠤᠯᠳᠤᠭᠠᠨ ᠤ ᠵᠠᠮ ᠢᠶᠠᠷ ᠬᠦᠴᠦᠯᠡᠨ ᠤᠷᠤᠭᠰᠢᠯᠠᠵᠤ᠂ ᠤᠳᠤ ᠦᠶ᠎ᠡ ᠶᠢᠨ ᠵᠠᠯᠠᠭᠤᠴᠤᠳ ᠤᠨ ᠬᠠᠮᠤᠭ ᠤᠨ ᠰᠠᠶᠢᠨ ᠬᠢᠷᠢ ᠪᠦᠲᠦᠮᠵᠢ ᠶᠢ ᠴᠢᠷᠮᠠᠶᠢᠨ ᠲᠡᠮᠡᠴᠡᠨ ᠤᠯᠬᠤ ᠶᠢ ᠬᠦᠰᠡᠪᠡ︕
      ᠰᠢ ᠶᠢᠨ ᠫᠢᠩ᠂ ︽ᠬᠡᠨ ᠤ ᠲᠥᠯᠥᠭᠡ ᠬᠥᠮᠦᠨ ᠬᠥᠮᠦᠵᠢᠭᠦᠯᠬᠦ᠂ ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ︾ ᠪᠣᠯ ᠢᠮᠠᠭᠲᠠ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠪᠣᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠦᠢᠯᠡᠴᠢᠯᠡᠬᠦ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠳᠤᠮᠳᠠᠳᠤ ᠶᠢᠨ ᠡᠬᠡ ᠭᠠᠵᠠᠷ ᠲᠤ ᠦᠨᠳᠦᠰᠦᠯᠡᠨ ᠶᠡᠭᠡ ᠰᠤᠷᠭᠠᠭᠤᠯᠢ ᠡᠷᠬᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠰᠢᠨ᠎ᠡ ᠵᠠᠮ ᠢ ᠨᠡᠭᠡᠭᠡᠬᠦ ᠬᠡᠷᠡᠭᠲᠡᠢ᠃ ᠥᠷᠭᠡᠨ ᠤᠯᠠᠨ ᠵᠠᠯᠠᠭᠤᠴᠤᠳ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠡᠷᠡᠰ ᠪᠠᠲᠤ ᠢᠳᠡᠬᠡᠨ ᠪᠢᠰᠢᠷᠡᠭᠴᠢ᠂ ᠢᠳᠡᠪᠬᠢᠲᠡᠢ ᠤᠯᠠᠮᠵᠢᠯᠠᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ ᠪᠤᠯᠵᠤ᠂ ᠪᠠᠭᠠᠲᠤᠷᠴᠤᠳ ᠠᠴᠠ ᠰᠤᠷᠤᠯᠴᠠᠵᠤ᠂ ᠠᠬᠠᠮᠠᠳ ᠦᠶ᠎ᠡ ᠶᠢᠨ ᠬᠢᠨ ᠠᠴᠠ ᠰᠤᠷᠤᠯᠴᠠᠵᠤ᠂ ᠦᠯᠢᠭᠡᠷ ᠳᠠᠭᠤᠷᠢᠶᠠᠯ ᠠᠴᠠ ᠰᠤᠷᠤᠯᠴᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠠᠭ ᠦᠶ᠎ᠡ ᠶᠢᠨ ᠦᠷᠬᠡᠨ ᠤᠷᠤᠰᠬᠠᠯ ᠳᠤᠮᠳᠠ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
        ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠰᠭᠡᠨ ᠪᠠᠶᠢᠭᠤᠯᠤᠭᠰᠠᠨ ᠠᠩᠬᠠᠳᠠᠭᠴᠢ ᠰᠢᠨ᠎ᠡ ᠬᠡᠯᠪᠡᠷᠢ ᠶᠢᠨ ᠵᠢᠩᠬᠢᠨᠢ ᠶᠡᠭᠡ ᠰᠤᠷᠭᠠᠭᠤᠯᠢ ᠪᠣᠯᠤᠨ᠎ᠠ᠂ ᠤᠤᠯ ᠤᠨ 1937 ᠣᠨ ᠳᠤ ᠶᠠᠫᠣᠨ ᠢ ᠡᠰᠡᠷᠭᠦᠴᠡᠬᠦ ᠲᠡᠶᠢᠨ ᠤ ᠳᠤᠮᠳᠠ ᠮᠡᠨᠳᠦᠯᠡᠭᠰᠡᠨ ᠱᠠᠨᠪᠸᠢ ᠶᠢᠨ ᠠᠯᠪᠠᠨ ᠤ ᠰᠤᠷᠭᠠᠭᠤᠯᠢ ᠵᠢᠴᠢ ᠬᠤᠵᠢᠮ ᠤᠨ ᠤᠮᠠᠷᠠᠲᠤ ᠶᠢᠨ ᠬᠤᠯᠪᠣᠭᠠᠲᠤ ᠶᠡᠭᠡ ᠰᠤᠷᠭᠠᠭᠤᠯᠢ ᠪᠣᠯᠤᠨ ᠤᠮᠠᠷᠠᠲᠤ ᠶᠢᠨ ᠶᠡᠭᠡ ᠰᠤᠷᠭᠠᠭᠤᠯᠢ᠂ ᠬᠤᠸᠠᠪᠸᠢ ᠶᠡᠭᠡ ᠰᠤᠷᠭᠠᠭᠤᠯᠢ ᠪᠠᠶᠢᠵᠤ᠂ ᠣᠷᠳᠣ ᠬᠤᠭᠤᠴᠠᠭᠠᠨ ᠤ ᠰᠤᠷᠭᠠᠭᠤᠯᠢ ᠡᠷᠭᠢᠯᠡᠬᠦ ᠦᠢᠯᠡᠳᠦᠯᠭᠡ ᠳᠤᠮᠳᠠ᠂ ᠰᠤᠶᠤᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠠ ᠮᠠᠷᠺᠰ ᠤᠨ ᠦᠵᠡᠯ ᠤᠨ ᠵᠢᠭᠠᠨ ᠰᠤᠷᠭᠠᠯᠲᠠ ᠬᠢᠭᠡᠳ ᠰᠤᠳᠤᠯᠤᠯ ᠢ ᠴᠢᠬᠤᠯᠠᠴᠢᠯᠠᠵᠤ᠂ ︽ᠮᠠᠨ ᠤ ᠤᠯᠤᠰ ᠤᠨ ᠰᠤᠶᠤᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠨᠢᠭᠡᠨ ᠲᠤᠭ ᠲᠡᠮᠳᠡᠭ︾ ᠬᠡᠬᠦ ᠢᠷᠠᠭᠤ ᠠᠯᠳᠠᠷ ᠢ ᠤᠯᠵᠠᠢ᠃       ᠦᠳᠡ ᠶᠢᠨ ᠡᠮᠦᠨᠡᠬᠢ 9 ᠴᠠᠭ 20 ᠮᠢᠨᠦ᠋ᠲ ᠤᠨ ᠦᠶ᠎ᠡ ᠪᠠᠷ᠂ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠠᠩ ᠳ᠋ᠦᠩ ᠭᠠᠩ᠂ ᠰᠤᠷᠭᠠᠭᠤᠯᠢ ᠶᠢᠨ ᠵᠠᠬᠢᠷᠤᠯ ᠯᠢᠦ ᠸᠧᠢ ᠶᠢᠨ ᠪᠠᠷ᠎ᠠ ᠪᠤᠯᠤᠯᠭ᠎ᠠ ᠲᠠᠢ ᠪᠠᠷ᠂ ᠡᠩ ᠲᠡᠷᠢᠭᠦᠨ‌‍ᠳᠤ ᠯᠢ ᠳ᠋ᠧ ᠠᠰᠠᠷ ᠲᠤ ᠬᠦᠷᠴᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠣᠶᠤᠨᠴᠢ ᠬᠢᠴᠢᠶᠡᠯ ᠤᠨ ᠭᠡᠷ ᠤᠨ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢ ᠲᠣᠭᠤᠷᠢᠨ ᠦᠵᠡᠪᠡ᠃ ᠰᠢ ᠶᠢᠨ ᠫᠢᠩ ᠵᠠᠯᠠᠭᠤ ᠰᠤᠷᠤᠭᠴᠢᠳ ᠲᠠᠢ ᠬᠠᠮᠲᠤ ᠰᠠᠭᠤᠵᠤ᠂ ᠨᠠᠷᠢᠨ ᠬᠢᠨᠠᠮᠠᠭᠠᠢ ᠰᠣᠨᠣᠰᠬᠤ‌‍ᠶᠢᠨ ᠬᠠᠮᠲᠤ ᠶᠠᠷᠢᠯᠴᠠᠭ᠎ᠠ ᠳᠤ ᠣᠷᠣᠯᠴᠠᠵᠤ᠂ ᠰᠤᠷᠭᠠᠭᠤᠯᠢ ᠶᠢᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠲᠡᠭᠡᠲᠤ ᠨᠠᠷᠢᠯᠢᠭ ᠣᠷᠦ᠋ᠢᠯᠠᠭᠰᠠᠨ ᠲᠦᠪᠰᠢᠨ ᠪᠦᠬᠦᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠴᠣᠭᠴᠠᠯᠠᠭᠰᠠᠨ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠲᠡᠷᠡ᠂ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠨᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠳᠤᠮᠳᠠ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠵᠤ ᠳᠡᠶᠢᠯᠬᠦ ᠡᠰᠡᠬᠦ ᠶᠢᠨ ᠵᠠᠩᠭᠢᠯᠠᠭ᠎ᠠ ᠨᠢ ᠴᠢᠬᠤᠯᠠᠴᠢᠯᠠᠬᠤ ᠡᠰᠡᠬᠦ᠂ ᠵᠣᠬᠢᠴᠠᠬᠤ ᠡᠰᠡᠬᠦ᠂ ᠰᠠᠶᠢᠨ ᠬᠢᠬᠦ ᠡᠰᠡᠬᠦ ᠳᠤ ᠪᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠮᠥᠨ ᠴᠢᠨᠠᠷ ᠪᠣᠯ ᠶᠣᠰᠣ ᠶᠠᠷᠢᠬᠤ ᠶᠠᠪᠤᠳᠠᠯ ᠪᠣᠯᠤᠨ᠎ᠠ᠂ ᠠᠷᠭ᠎ᠠ ᠬᠡᠯᠪᠡᠷᠢ ᠶᠢ ᠴᠢᠬᠤᠯᠠᠴᠢᠯᠠᠵᠤ᠂ ᠶᠣᠰᠣ ᠤᠴᠢᠷ ᠢ ᠭᠦᠨᠵᠡᠭᠡᠢ ᠶᠠᠷᠢᠵᠤ᠂ ᠨᠡᠪᠲᠡᠷᠡᠲᠡᠯ᠎ᠡ ᠶᠠᠷᠢᠵᠤ᠂ ᠠᠮᠢᠳᠤᠯᠢᠭ ᠶᠠᠷᠢᠬᠤ ᠬᠡᠷᠡᠭᠲᠡᠢ᠂ ᠪᠠᠭᠰᠢ ᠨᠠᠷ ᠰᠡᠳᠭᠢᠯ ᠲᠠᠯᠪᠢᠨ ᠵᠢᠭᠠᠵᠤ᠂ ᠰᠤᠷᠤᠭᠴᠢᠳ ᠰᠡᠳᠭᠢᠯ ᠲᠠᠯᠪᠢᠨ ᠣᠶᠢᠯᠠᠭᠠᠵᠤ᠂ ᠰᠡᠳᠭᠢᠯ ᠰᠠᠨᠠᠭ᠎ᠠ ᠪᠠᠨ ᠤᠯᠤᠯᠴᠠᠵᠤ᠂ ᠤᠶᠤᠨ ᠤᠬᠠᠭᠠᠨ ᠢᠶᠠᠨ ᠰᠡᠩᠬᠡᠷᠡᠭᠦᠯᠵᠦ᠂ ᠲᠡᠮᠡᠴᠡᠯ ᠤᠨ ᠵᠣᠷᠢᠭ ᠢᠶᠠᠨ ᠬᠥᠭᠵᠢᠭᠡᠬᠦ ᠬᠠᠷᠠᠯᠳᠠ ᠳᠤ ᠬᠦᠷᠬᠦ ᠬᠡᠷᠡᠭᠲᠡᠢ᠃ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠣᠯ ᠨᠢᠭᠡᠨ ᠦᠷᠭᠦᠯᠵᠢᠯᠡᠬᠦ ᠶᠠᠪᠤᠴᠠ ᠮᠥᠨ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠠᠳᠠᠯᠢ ᠪᠤᠰᠤ ᠱᠠᠲᠤᠨ ᠳᠤ ᠴᠢᠭᠯᠡᠭᠦᠯᠦᠨ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ ᠤᠨ ᠶᠡᠭᠡ ᠰᠤᠷᠭᠠᠭᠤᠯᠢ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠵᠢᠳᠭᠦᠵᠦ᠂ ᠬᠠᠮᠤᠭ ᠤᠨ ᠲᠡᠭᠦᠯᠳᠡᠷ ᠰᠠᠶᠢᠬᠠᠨ ᠪᠠᠶᠢᠳᠠᠯ ᠢᠶᠠᠨ ᠪᠠᠲᠤᠯᠠᠵᠤ᠂ ᠪᠦᠬᠦ ᠤᠯᠤᠰ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠳᠤ ᠨᠡᠩ ᠤᠯᠠᠨ ︽ᠰᠤᠩᠭᠤᠳᠠᠭ ᠬᠢᠴᠢᠶᠡᠯ︾ ᠬᠠᠩᠭᠠᠬᠤ ᠶᠢ ᠬᠦᠰᠡᠪᠡ᠃ ᠪᠠᠰᠠ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠪᠠᠭ᠎ᠠ ᠰᠤᠷᠭᠠᠭᠤᠯᠢ ᠲᠠᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠢᠳᠡᠪᠬᠢᠲᠡᠶ ᠥᠷᠨᠢᠭᠦᠯᠵᠦ᠂ ᠶᠡᠭᠡ ᠳᠤᠮᠳᠠᠳᠤ ᠪᠠᠭ᠎ᠠ ᠰᠤᠷᠭᠠᠭᠤᠯᠢ‌‍ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ‌‍ᠶᠢ ᠬᠠᠮᠲᠤ ᠪᠠᠷ ᠠᠬᠢᠭᠤᠯᠬᠤ ᠶᠢ ᠵᠣᠷᠢᠭᠵᠢᠭᠤᠯᠪᠠ᠃ ᠰᠢ ᠶᠢᠨ ᠫᠢᠩ ᠰᠤᠷᠤᠭᠴᠢᠳ ᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠵᠣᠷᠢᠭᠲᠠᠶ ᠪᠠᠷ ᠵᠠᠮ ᠨᠡᠭᠡᠭᠡᠬᠦ ᠬᠤᠰᠢᠭᠤᠴᠢ ᠪᠣᠯᠵᠣ᠂ ᠠᠵᠢᠯ ᠦᠢᠯᠡᠰ ᠤᠨ ᠭᠠᠪᠰᠢᠭᠠᠶᠢᠯᠠᠭᠴᠢ ᠪᠣᠯᠤᠭᠠᠷᠠᠶ ᠭᠡᠵᠦ ᠵᠣᠷᠢᠭᠵᠢᠭᠤᠯᠪᠠ᠃       ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠲᠡᠦᠬᠡ ᠶᠢᠨ ᠦᠵᠡᠭᠦᠯᠭᠡ ᠨᠢ ᠰᠤᠷᠭᠠᠭᠤᠯᠢ ᠶᠢᠨ ᠮᠦᠽᠧᠶ ᠶᠢᠨ ᠲᠤᠳᠤᠷ᠎ᠠ ᠪᠤᠢ᠃ ᠰᠢ ᠶᠢᠨ ᠫᠢᠩ ᠠᠳᠡ ᠢᠷᠡᠵᠦ᠂ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ ᠪᠥᠲᠥᠭᠡᠨ ᠪᠠᠶᠢᠭᠤᠯᠤᠯᠲᠠ ᠬᠥᠭᠵᠢᠯᠲᠡ ᠪᠣᠯᠤᠨ ᠣᠶᠢᠷ᠎ᠠ ᠶᠢᠨ ᠵᠢᠯ ᠤᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠠᠫᠣᠨ ᠢ ᠡᠰᠡᠷᠭᠦᠴᠡᠬᠦ ᠳᠠᠶᠢᠨ ᠤ ᠳᠤᠮᠳᠠ ᠮᠡᠨᠳᠦᠯᠡᠵᠦ᠂ ᠨᠠᠮ ᠤᠨ ᠬᠠᠯᠠᠮᠵᠢᠯᠠᠯ ᠳᠣᠣᠷ᠎ᠠ ᠬᠥᠭᠵᠢᠨ ᠪᠤᠵᠠᠭᠠᠶᠢᠷᠠᠵᠤ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠪᠠ ᠢᠯᠡ ᠲᠣᠳᠣ ᠬᠤᠪᠢᠰᠬᠠᠯᠳᠤ ᠤᠳᠤᠮᠰᠢᠯ ᠲᠠᠢ ᠶᠤᠮ᠃ ᠡᠨᠡ ᠬᠦ ᠢᠷᠠᠭᠤ ᠠᠯᠳᠠᠷᠲᠤ ᠤᠯᠠᠮᠵᠢᠯᠠᠯ ᠪᠣᠯᠤᠨ ᠬᠤᠪᠢᠰᠬᠠᠯᠳᠤ ᠤᠳᠤᠮᠰᠢᠯ ᠢ ᠵᠠᠪᠠᠯ ᠰᠠᠶᠢᠲᠤᠷ ᠤᠯᠠᠮᠵᠢᠯᠠᠵᠤ᠂ ᠨᠠᠮ ᠤᠨ ᠡᠨᠡ ᠬᠦ ᠴᠢᠬᠤᠯᠠ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠤᠷᠭᠠᠭᠤᠯᠢ ᠶᠢᠨ ᠲᠡᠦᠬᠡ ᠶᠢᠨ ᠮᠠᠲ᠋ᠧᠷᠢᠶᠠᠯ ᠢ ᠠᠭᠤᠳᠠᠯᠬᠤ᠂ ᠡᠮᠬᠢᠳᠭᠡᠬᠦ ᠪᠠ ᠰᠤᠳᠤᠯᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠲᠤᠷ ᠶᠠᠷᠢᠵᠤ᠂ ᠨᠠᠮ ᠤᠨ ᠠᠷᠠᠳ ᠤᠨ ᠶᠡᠭᠡ ᠰᠤᠷᠭᠠᠭᠤᠯᠢ ᠶᠢ ᠡᠭᠦᠰᠭᠡᠨ ᠪᠠᠶᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠪᠠᠭᠰᠢ ᠰᠤᠷᠤᠭᠴᠢ ᠶᠢᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
            ᠮᠦᠽᠧᠢ ᠶᠢᠨ ᠡᠭᠦᠳᠡᠨ ᠡᠮᠦᠨᠡᠬᠢ ᠠᠭᠤᠳᠠᠮ ᠲᠠᠯᠠᠪᠠᠢ ᠳᠤ᠂ ᠰᠢ ᠶᠢᠨ ᠫᠢᠩ ᠠᠬᠠᠮᠠᠳ ᠫᠷᠤᠹᠧᠰᠰᠤᠷ᠂ ᠠᠬᠠᠮᠠᠳ ᠲᠤᠰᠬᠠᠢ ᠮᠡᠷᠭᠡᠵᠢᠯᠲᠡᠨ ᠪᠣᠯᠤᠨ ᠢᠳᠡᠷ ᠵᠠᠯᠠᠭᠤ ᠭᠤᠣᠯᠯᠠᠬᠴᠢ ᠪᠠᠭᠰᠢ ᠶᠢᠨ ᠲᠥᠯᠥᠭᠡᠯᠡᠭᠴᠢ ᠶᠢ ᠡᠷᠬᠢᠨ ᠦᠵᠡᠭᠰᠡᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠪᠠ᠃ ᠠᠬᠠᠮᠠᠳ ᠫᠷᠤᠹᠧᠰᠰᠤᠷ᠂ ᠠᠬᠠᠮᠠᠳ ᠲᠤᠰᠬᠠᠢ ᠮᠡᠷᠭᠡᠵᠢᠯᠲᠡᠨ ᠨᠠᠷ ᠤᠨ ᠪᠡᠶ᠎ᠡ ᠮᠠᠬᠠᠪᠣᠳ ᠡᠷᠡᠭᠦᠯ ᠲᠡᠩᠭᠡᠯᠡᠬᠦᠨ᠂ ᠴᠤᠭ ᠵᠢᠪᠬᠤᠭ᠎ᠠ ᠪᠠᠳᠠᠷᠠᠩᠭᠤᠢ ᠪᠠᠶᠢᠬᠤ ᠶᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠪᠣᠯ ᠲᠡᠦᠬᠡᠨ ᠠᠴᠠ ᠪᠠᠨ ᠠᠪᠤᠭᠠᠳ ᠴᠢᠳᠠᠪᠤᠷᠢᠲᠠᠨ ᠤᠯᠠᠨ ᠴᠤᠯᠭᠤᠷᠠᠵᠤ᠂ ᠨᠡᠷᠡᠳᠦ ᠬᠥᠮᠦᠰ ᠬᠤᠷᠠᠨ ᠴᠤᠭᠯᠠᠷᠠᠭᠰᠠᠨ ᠭᠠᠵᠠᠷ ᠪᠣᠯᠤᠨ᠎ᠠ᠃ ᠠᠬᠠᠮᠠᠳ ᠫᠷᠤᠹᠧᠰᠰᠤᠷ᠂ ᠠᠬᠠᠮᠠᠳ ᠲᠤᠰᠬᠠᠢ ᠮᠡᠷᠭᠡᠵᠢᠯᠲᠡᠳ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠯᠤᠲᠤ ᠶᠡᠭᠡ ᠬᠦᠴᠦ ᠬᠥᠳᠡᠯᠮᠦᠷᠢ ᠵᠠᠷᠤᠴᠠᠭᠤᠯᠵᠤ᠂ ᠴᠢᠬᠤᠯᠠ ᠬᠤᠪᠢ ᠨᠡᠮᠡᠷᠢ ᠦᠵᠡᠭᠦᠯᠪᠡ᠃ ᠢᠳᠡᠷ ᠵᠠᠯᠠᠭᠤ ᠪᠠᠭᠰᠢ ᠨᠠᠷ ᠠᠬᠠᠮᠠᠳ ᠫᠷᠤᠹᠧᠰᠰᠤᠷ ᠠᠬᠠᠮᠠᠳ ᠲᠤᠰᠬᠠᠢ ᠮᠡᠷᠭᠡᠵᠢᠯᠲᠡᠨ ᠠᠴᠠ ᠰᠤᠷᠤᠯᠴᠠᠵᠤ᠂ ᠶᠡᠭᠡ ᠪᠠᠭᠰᠢᠳᠠᠨ ᠪᠣᠯᠬᠤ ᠪᠠᠷ ᠵᠣᠷᠢᠭ ᠰᠢᠭᠤᠳᠴᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠵᠠᠢ᠃ ᠰᠢ ᠶᠢᠨ ᠫᠢᠩ᠂ ᠳᠡᠯᠡᠬᠡᠢ ᠶᠢᠨ ᠲᠡᠷᠢᠭᠦᠨ ᠵᠡᠷᠭᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠶᠡᠭᠡ ᠰᠤᠷᠭᠠᠭᠤᠯᠢ ᠶᠢ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠡᠷᠬᠡᠪᠰᠢ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠪᠠᠭᠰᠢ ᠪᠠᠶᠢᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠢᠯᠠᠩᠭᠤᠶ᠎ᠠ ᠢᠳᠡᠷ ᠵᠠᠯᠠᠭᠤ ᠪᠠᠭᠰᠢ ᠨᠠᠷ ᠤᠨ ᠭᠤᠣᠯᠯᠠᠭᠴᠢ ᠬᠦᠴᠦᠨ ᠢ ᠬᠥᠮᠦᠵᠢᠭᠦᠯᠬᠦ ᠠᠵᠢᠯ ᠢ ᠴᠢᠩᠭᠠᠳᠬᠠᠵᠤ᠂ ᠠᠷᠠᠳ ᠤᠨ ᠶᠡᠭᠡ ᠰᠤᠷᠭᠠᠭᠤᠯᠢ ᠶᠢ ᠮᠠᠨ ᠤ ᠤᠯᠤᠰ ᠤᠨ ᠰᠤᠶᠤᠯ ᠢᠷᠭᠡᠨᠰᠢᠯ ᠨᠡᠶᠢᠬᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠶᠢᠨ ᠬᠦᠷᠢᠶᠡᠨ ᠳᠠᠬᠢ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃       ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠣᠮ ᠤᠨ ᠰᠠᠩ ᠨᠢ ᠰᠤᠶᠤᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠴᠢᠨᠠᠷᠲᠠᠶ ᠲᠤᠯᠭᠤᠷ ᠪᠢᠴᠢᠭ ᠬᠠᠳᠠᠭᠠᠯᠠᠬᠤ ᠪᠠᠷ ᠭᠤᠣᠯ ᠪᠣᠯᠭᠠᠵᠤ᠂ 410 ᠭᠠᠷᠤᠶ ᠲᠦᠮᠡᠨ ᠲᠠᠪᠳᠡᠷ ᠨᠣᠮ ᠲᠠᠢ᠃ ᠰᠢ ᠶᠢᠨ ᠫᠢᠩ ᠠᠳᠡ ᠢᠷᠡᠵᠦ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠬᠤᠪᠢᠰᠬᠠᠯ ᠤᠨ ᠲᠤᠯᠭᠤᠷ ᠪᠢᠴᠢᠭ᠂ ᠡᠷᠲᠡᠨ ᠤ ᠨᠣᠮ ᠪᠢᠴᠢᠭ ᠤᠨ ᠦᠵᠡᠭᠦᠯᠭᠡ ᠶᠢ ᠰᠢᠨᠵᠢᠯᠡᠨ ᠪᠠᠶᠢᠴᠠᠭᠠᠵᠤ᠂ ᠣᠳᠣᠬᠢᠴᠢᠯᠠᠭᠰᠠᠨ ᠬᠠᠶᠢᠯᠲᠠ ᠶᠢᠨ ᠲᠠᠪᠴᠠᠩ ᠪᠣᠯᠤᠨ ᠰᠣᠨᠢᠨ ᠰᠡᠳᠬᠦᠯ ᠤᠨ ᠮᠠᠲ᠋ᠧᠷᠢᠶᠠᠯ ᠢ ᠳᠠᠷᠤᠮᠠᠯᠯᠠᠬᠤ ᠵᠡᠷᠭᠡ ᠲᠣᠭᠠᠴᠢᠯᠠᠭᠰᠠᠨ ᠡᠷᠳᠡᠮ ᠰᠢᠨᠵᠢᠯᠡᠭᠡᠨ ᠤ ᠡᠬᠢ ᠪᠠᠶᠠᠯᠢᠭ ᠢ ᠪᠠᠶᠢᠴᠠᠭᠠᠵᠤ᠂ ᠰᠤᠷᠭᠠᠭᠤᠯᠢ ᠶᠢᠨ ᠲᠤᠯᠭᠤᠷ ᠪᠢᠴᠢᠭ ᠰᠤᠳᠤᠷ ᠪᠢᠴᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠤᠨᠤᠯ ᠤᠨ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠠᠷᠠᠳ ᠤᠨ ᠶᠡᠭᠡ ᠰᠤᠷᠭᠠᠭᠤᠯᠢ ᠳᠤ ᠬᠠᠳᠠᠭᠠᠯᠠᠵᠤ ᠪᠠᠶᠢᠭ᠎ᠠ ᠬᠤᠪᠢᠰᠬᠠᠯ ᠤᠨ ᠲᠤᠯᠭᠤᠷ ᠪᠢᠴᠢᠭ ᠨᠢ ᠮᠠᠨ ᠤ ᠨᠠᠮ ᠤᠨ ᠵᠢᠩᠬᠢᠨᠢᠴᠢᠯᠡᠭᠰᠡᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠡᠭᠦᠰᠭᠡᠨ ᠪᠠᠶᠢᠭᠤᠯᠤᠭᠰᠠᠨ ᠪᠡᠷᠬᠡ ᠬᠠᠲᠠᠭᠤᠵᠢᠯᠲᠠᠢ ᠥᠩᠭᠡᠷᠡᠯᠲᠡ ᠶᠢ ᠭᠡᠷᠡᠴᠢᠯᠡᠵᠡᠢ᠂ ᠡᠨᠡ ᠪᠣᠯ ᠲᠦᠢᠯ ᠤᠨ ᠡᠷᠬᠢᠮ ᠨᠠᠨᠳᠢᠨ ᠬᠤᠪᠢᠰᠬᠠᠯ ᠤᠨ ᠳᠤᠷᠠᠰᠤᠮᠵᠢ ᠮᠥᠨ᠂ ᠨᠠᠷᠢᠨ ᠨᠢᠮᠪᠠᠢ ᠰᠠᠶᠢᠲᠤᠷ ᠬᠠᠮᠠᠭᠠᠯᠠᠵᠤ᠂ ᠲᠣᠭᠠᠴᠢᠯᠠᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ᠨᠡᠩ ᠤᠯᠠᠨ ᠬᠥᠮᠦᠨ ᠳᠤ ᠬᠥᠮᠦᠵᠢᠯ ᠬᠦᠷᠲᠡᠭᠡᠵᠦ᠂ ᠰᠡᠩᠬᠡᠷᠡᠭᠦᠯᠦᠯ ᠣᠯᠭᠤᠬᠤ ᠬᠡᠷᠡᠭᠲᠡᠢ᠃ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠡᠷᠲᠡᠨ ᠤ ᠨᠣᠮ ᠰᠤᠳᠤᠷ ᠤᠨ ᠬᠠᠮᠠᠭᠠᠯᠠᠵᠤ ᠰᠡᠷᠭᠦᠭᠡᠬᠦ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠡᠷᠲᠡᠨ ᠤ ᠨᠣᠮ ᠰᠤᠳᠤᠷ ᠲᠤ ᠠᠭᠤᠯᠤᠭᠳᠠᠵᠤ ᠪᠠᠶᠢᠭ᠎ᠠ ᠭᠦᠨ ᠤᠬᠠᠭᠠᠨ ᠤ ᠦᠵᠡᠯ ᠰᠠᠨᠠᠭ᠎ᠠ᠂ ᠰᠣᠶᠣᠯ ᠢᠷᠭᠡᠨᠰᠢᠯ ᠤᠨ ᠵᠣᠷᠢᠭ ᠰᠠᠨᠠᠭ᠎ᠠ᠂ ᠦᠷᠳᠡᠭ ᠤᠨ ᠣᠶᠢᠯᠠᠭᠠᠭᠳᠠᠬᠤᠨ᠂ ᠶᠣᠰᠣ ᠰᠤᠷᠲᠠᠬᠤᠨ ᠤ ᠵᠢᠷᠤᠮᠵᠢᠯ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠡᠷᠳᠡᠮ ᠰᠢᠨᠵᠢᠯᠡᠭᠡᠨ ᠤ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠳᠡᠮ ᠰᠢᠨᠵᠢᠯᠡᠭᠡᠨ ᠤ ᠲᠤᠯᠭᠤᠷ ᠪᠢᠴᠢᠭ ᠤᠨ ᠮᠡᠳᠡᠭᠡ ᠵᠠᠩᠭᠢ ᠶᠢ ᠳᠠᠮᠵᠢᠭᠤᠯᠬᠤ᠂ ᠬᠠᠶᠢᠬᠤ᠂ ᠨᠡᠶᠢᠳᠭᠡᠬᠦ᠂ ᠨᠠᠶᠢᠷᠠᠭᠤᠯᠬᠤ᠂ ᠥᠷᠭᠡᠳᠭᠡᠬᠦ᠂ ᠬᠠᠮᠲᠤ ᠪᠠᠷ ᠡᠳ᠋ᠯᠡᠬᠦ ᠴᠢᠳᠠᠮᠵᠢ ᠶᠢ ᠨᠡᠩ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠡᠷᠳᠡᠮ ᠰᠢᠨᠵᠢᠯᠡᠭᠡᠨ ᠤ ᠡᠬᠢ ᠪᠠᠶᠠᠯᠢᠭ ᠤᠨ ᠮᠡᠳᠡᠭᠡ ᠵᠠᠩᠭᠢ‌‍ᠶᠢᠨ ᠲᠠᠪᠴᠠᠩ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃       ᠲᠠᠷᠠᠭ᠎ᠠ ᠨᠢ᠂ ᠰᠢ ᠶᠢᠨ ᠫᠢᠩ ᠡᠷᠢᠨ ᠵᠠᠭᠤᠨ ᠤ ᠣᠷᠳᠣᠨ ᠤ ᠬᠤᠶᠢᠲᠤ ᠶᠡᠭᠡ ᠲᠢᠩᠬᠢᠮ ᠳᠤ ᠬᠦᠷᠴᠦ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠠᠢ ᠶᠠᠷᠢᠯᠴᠠᠪᠠ᠃ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠠᠩ ᠳ᠋ᠦᠩ ᠭᠠᠩ᠂ ︽ᠠᠷᠠᠳ ᠤᠨ ᠰᠤᠷᠭᠠᠨ ᠬᠦᠮᠦᠵᠢᠯᠳᠡᠨ︾ ᠭᠡᠬᠦ ᠤᠯᠤᠰ ᠤᠨ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠭᠤᠤ ᠮᠢᠩ ᠰᠢᠤᠸᠠᠨ᠂ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠤᠤ ᠹᠧᠩ᠂ ᠰᠣᠨᠢᠨ ᠮᠡᠳᠡᠭᠡᠨ ᠤ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ ᠵᠧᠦ ᠰᠢᠶᠤᠤ ᠬᠤᠢ᠂ ᠭᠦᠨ ᠤᠬᠠᠭᠠᠨ ᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠣᠶᠤᠲᠠᠨ ᠸᠠᠩ ᠬᠠᠢ ᠷᠦᠩ ᠤᠷᠢᠳ ᠬᠤᠵᠢᠳ ᠦᠭᠡ ᠬᠡᠯᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠦᠷ ᠬᠦᠭᠵᠢᠶᠠᠨ ᠲᠠᠢ ᠪᠠᠶᠢᠯ᠎ᠠ᠃       ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ ᠤ ᠤᠯᠤᠰ ᠥᠪᠡᠷᠮᠢᠴᠡ ᠤᠨᠴᠠᠭᠠᠢ ᠲᠡᠦᠬᠡ᠂ ᠥᠪᠡᠷᠮᠢᠴᠡ ᠤᠨᠴᠠᠭᠠᠢ ᠰᠣᠶᠣᠯ᠂ ᠥᠪᠡᠷᠮᠢᠴᠡ ᠤᠨᠴᠠᠭᠠᠢ ᠤᠯᠤᠰ ᠤᠨ ᠪᠠᠶᠢᠳᠠᠯ ᠲᠠᠢ ᠶᠤᠮ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠶ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ᠪᠤᠰᠤᠳ ᠤᠨ ᠬᠤᠶᠢᠨ᠎ᠠ ᠠᠴᠠ ᠲᠠᠭᠠᠵᠤ ᠪᠤᠰᠤᠳ ᠢ ᠳᠠᠭᠤᠷᠢᠶᠠᠨ ᠬᠤᠯᠤ ᠵᠢᠷᠤᠵᠤ ᠪᠤᠯᠬᠤ ᠦᠭᠡᠢ᠂ ᠲᠥᠬᠦᠮᠬᠡᠨ ᠢᠶᠠᠷ ᠭᠠᠳᠠᠭᠠᠳᠤ ᠶᠢᠨ ᠶᠡᠭᠡ ᠰᠤᠷᠭᠠᠭᠤᠯᠢ ᠪᠠᠷ ᠪᠠᠷᠢᠮᠵᠢᠶ᠎ᠠ ᠪᠠ ᠵᠠᠭᠪᠤᠷ ᠪᠣᠯᠭᠠᠵᠤ ᠪᠣᠯᠬᠤ ᠥᠬᠡᠶ᠂ ᠬᠠᠷᠢᠨ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠶ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢ ᠪᠥᠲᠥᠭᠡᠨ ᠪᠠᠶᠢᠭᠤᠯᠬᠤ ᠰᠢᠨ᠎ᠡ ᠵᠠᠮ ᠢᠶᠠᠷ ᠵᠠᠮᠨᠠᠬᠤ ᠬᠡᠷᠡᠭᠲᠡᠶ᠃ ᠳᠤᠮᠳᠠᠳᠤ ᠤᠯᠤᠰ‌‍ᠤᠨ ᠠᠷᠠᠳ ᠤᠨ ᠶᠡᠭᠡ ᠰᠤᠷᠭᠠᠭᠤᠯᠢ ᠱᠠᠨᠪᠸᠢ ᠶᠢᠨ ᠠᠯᠪᠠᠨ ᠤ ᠰᠤᠷᠭᠠᠭᠤᠯᠢ ᠪᠠᠶᠢᠭᠤᠯᠤᠭᠳᠠᠭᠰᠠᠨ ᠡᠬᠢᠨ ᠤ ᠦᠶ᠎ᠡ ᠳᠤ ᠳᠠᠷᠤᠢ ︽ᠬᠤᠪᠢᠰᠬᠠᠯ ᠤᠨ ᠬᠤᠰᠢᠭᠤᠴᠢ ᠠᠩᠬᠢ︾ ᠶᠢ ᠬᠥᠮᠦᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠠᠴᠠ ᠠᠪᠤᠭᠠᠳ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ︽ᠲᠦᠭ ᠲᠦᠮᠡᠨ ᠤᠯᠤᠰ ᠢᠶᠠᠨ ᠪᠠᠶᠢᠭᠤᠯᠬᠤ ᠺᠠᠳ᠋ᠷ︾ ᠢ ᠬᠥᠮᠦᠵᠢᠭᠦᠯᠬᠦ ᠶᠢ ᠳᠤᠷᠠᠳᠤᠭᠰᠠᠨ ᠬᠦᠷᠲᠡᠯ᠎ᠡ᠂ ᠥᠭᠡᠷᠡᠴᠢᠯᠡᠯᠲᠡ ᠨᠡᠭᠡᠭᠡᠯᠳᠠ ᠶᠢᠨ ᠰᠢᠨ᠎ᠡ ᠴᠠᠭ ᠦᠶ᠎ᠡ ᠳᠤ ︽ᠤᠯᠤᠰ ᠠᠷᠠᠳ ᠤᠨ ᠦᠯᠢᠭᠡᠷ ᠳᠠᠭᠤᠷᠢᠶᠠᠯ᠂ ᠨᠡᠶᠢᠭᠡᠮ ᠤᠨ ᠨᠢᠷᠤᠭᠤ ᠲᠤᠯᠭᠠᠭᠤᠷᠢ︾ ᠶᠢ ᠬᠥᠮᠦᠵᠢᠭᠦᠯᠬᠦ ᠶᠢ ᠳᠤᠷᠠᠳᠤᠭᠰᠠᠨ ᠬᠦᠷᠲᠡᠯ᠎ᠡ᠂ ᠲᠠᠬᠢᠭᠠᠳ ᠰᠢᠨ᠎ᠡ ᠴᠠᠭ ᠦᠶ᠎ᠡ ᠳᠤ ︽ᠰᠡᠷᠭᠦᠨ ᠮᠠᠨᠳᠤᠯᠲᠠ ᠶᠢᠨ ᠨᠢᠷᠤᠭᠤ ᠲᠤᠯᠭᠠᠭᠤᠷᠢ᠂ ᠤᠯᠤᠰ ᠢᠶᠠᠨ ᠬᠦᠴᠦᠷᠬᠡᠭᠵᠢᠭᠦᠯᠬᠦ ᠬᠤᠰᠢᠭᠤᠴᠢ︾ ᠶᠢ ᠬᠥᠮᠦᠵᠢᠭᠦᠯᠬᠦ ᠶᠢ ᠳᠤᠷᠠᠳᠤᠭᠰᠠᠨ ᠬᠦᠷᠲᠡᠯ᠎ᠡ᠂ ︽ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠨᠢ ᠡᠬᠦᠷᠢᠳᠡ ᠬᠤᠪᠢᠷᠠᠬᠰᠠᠨ ᠦᠭᠡᠢ ᠪᠠᠶᠢᠵᠤ᠂ ︽ᠨᠠᠮ ᠤᠨ ᠡᠷᠬᠢᠯᠡᠭᠰᠡᠨ ᠶᠡᠭᠡ ᠰᠤᠷᠭᠠᠭᠤᠯᠢ ᠨᠢ ᠨᠠᠮ ᠢ ᠰᠠᠨᠠᠭ᠎ᠠ ᠠᠮᠤᠷ ᠪᠠᠶᠢᠯᠭᠠᠬᠤ᠂ ᠠᠷᠠᠳ ᠤᠨ ᠶᠡᠭᠡ ᠰᠤᠷᠭᠠᠭᠤᠯᠢ ᠨᠢ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠬᠤ︾ ᠵᠣᠷᠢᠭ ᠰᠠᠨᠠᠭᠠᠨ ᠤ ᠬᠡᠪ ᠴᠢᠨᠠᠷ ᠢ ᠢᠯᠡᠷᠡᠭᠦᠯᠪᠡ᠃ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠣᠰᠣ ᠰᠤᠷᠲᠠᠬᠤᠨ‌‍ᠢᠶ᠋ᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠪᠠᠨ ᠨᠠᠶᠢᠳᠠᠪᠤᠷᠢᠵᠢᠭᠤᠯᠵᠤ᠂ ᠬᠤᠪᠢᠰᠬᠠᠯᠲᠦ ᠤᠳᠤᠮᠰᠢᠯ ᠢ ᠵᠠᠯᠭᠠᠮᠵᠢᠯᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠠᠷᠠᠳ ᠤᠨ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠬᠠᠮᠰᠠᠷᠲᠤ ᠬᠥᠭᠡᠭᠡᠴᠡᠯᠳᠦᠯ ᠪᠣᠯᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠶᠡᠭᠡ ᠳᠡᠭᠡᠳᠦ ᠰᠤᠷᠭᠠᠭᠤᠯᠢ ᠪᠣᠯ ᠮᠠᠨ ᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ︽ᠲᠠᠪᠤᠨ ᠵᠠᠮ ᠤᠨ ᠶᠡᠭᠡ ᠴᠡᠷᠢᠭ︾ ᠤᠨ ᠳᠣᠲᠣᠷᠠᠬᠢ ᠴᠢᠬᠤᠯᠠ ᠬᠦᠴᠦᠨ ᠮᠥᠨ᠃ ᠣᠳᠣᠬᠠᠨ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠪᠠᠷᠢᠮᠲᠠᠯᠠᠨ ᠬᠥᠭᠵᠢᠭᠦᠯᠬᠦ ᠳᠤ ᠰᠢᠢᠳᠪᠦᠷᠢᠯᠡᠬᠦ ᠴᠢᠬᠤᠯᠠᠲᠠᠢ ᠶᠡᠭᠡ ᠬᠡᠮᠵᠢᠶᠡᠨ ᠤ ᠰᠢᠨ᠎ᠡ ᠠᠰᠠᠭᠤᠳᠠᠯ ᠢ ᠳᠤᠷᠠᠳᠤᠨ ᠭᠠᠷᠭᠠᠪᠠ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠭᠠᠳ᠂ ︽ᠳᠡᠯᠡᠬᠡᠢ ᠶᠢᠷᠲᠢᠨᠴᠦ ᠶᠠᠭᠠᠬᠢᠭᠰᠠᠨ ᠪᠤᠢ︾᠂ ︽ᠬᠥᠮᠦᠨ ᠲᠥᠷᠥᠯᠬᠢᠲᠡᠨ ᠬᠠᠮᠢᠭᠠᠰᠢ ᠪᠠᠨ ᠶᠠᠪᠤᠬᠤ ᠪᠤᠢ︾ ᠭᠡᠬᠦ ᠴᠠᠭ ᠦᠶ᠎ᠡ ᠶᠢᠨ ᠰᠡᠳᠦᠪ ᠢ ᠰᠠᠶᠢᠲᠤᠷ ᠬᠠᠷᠢᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ‌‍ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠰᠠᠭᠤᠷᠢᠯᠠᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠷᠭᠡᠪᠴᠢᠯᠡᠨ ᠪᠠᠶᠢᠭᠤᠯᠬᠤ ᠨᠢ ᠡᠴᠦᠰ ᠤᠨ ᠡᠴᠦᠰ ᠲᠡᠭᠡᠨ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠶᠠᠪᠤᠳᠠᠯ ᠪᠣᠯᠤᠨ᠎ᠠ᠃ ᠳᠤᠮᠳᠠᠳᠤ ᠤᠯᠤᠰ ᠢ ᠠᠵᠢᠭᠯᠠᠨ ᠰᠢᠨᠵᠢᠵᠦ᠂ ᠴᠠᠭ ᠦᠶ᠎ᠡ ᠶᠢ ᠠᠵᠢᠭᠯᠠᠨ ᠰᠢᠨᠵᠢᠵᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠮᠡᠳᠡᠯᠭᠡ ᠶᠢᠨ ᠰᠢᠨ᠎ᠡ ᠶᠢ ᠡᠭᠦᠳᠬᠦ᠂ ᠤᠨᠤᠯ ᠤᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠳᠡᠯᠡᠬᠡᠢ ᠶᠢᠨ ᠡᠷᠳᠡᠮ ᠰᠢᠨᠵᠢᠯᠡᠭᠡᠨ ᠤ ᠡᠩᠨᠡᠭᠡᠨ ᠳᠤ ᠦᠨᠡᠨ ᠬᠦ ᠰᠡᠬᠦ᠋ᠢᠨ ᠰᠦᠨᠳᠡᠷᠯᠡᠭᠦᠯᠬᠦ ᠬᠡᠷᠡᠭᠲᠡᠢ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠴᠢᠭᠯᠡᠯ ᠲᠣᠳᠣᠷᠬᠠᠢ᠂ ᠦᠵᠡᠯ ᠦᠨᠡᠨ᠂ ᠡᠷᠳᠡᠮ ᠮᠡᠳᠡᠯᠭᠡ ᠥᠨᠳᠥᠷ᠂ ᠶᠣᠰᠣ ᠰᠤᠷᠲᠠᠬᠤᠨ ᠲᠥᠪ ᠴᠢᠬᠡᠴᠢ ᠪᠠᠶᠢᠵᠤ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ‌‍ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠬᠠᠷᠢᠭᠤᠯᠲᠠ ᠥᠭᠬᠦ ᠪᠠᠷ ᠡᠷᠳᠡᠮ ᠰᠢᠨᠵᠢᠯᠡᠭᠡᠨ ᠤ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠵᠠᠮ᠂ ᠳᠤᠮᠳᠠᠳᠤ ᠤᠯᠤᠰ ᠤᠨ ᠵᠠᠰᠠᠯᠲᠠ᠂ ᠳᠤᠮᠳᠠᠳᠤ ᠤᠯᠤᠰ ᠤᠨ ᠶᠣᠰᠣ ᠶᠢ ᠢᠯᠡᠷᠡᠭᠦᠯᠬᠦ ᠪᠠᠷ ᠦᠵᠡᠯ ᠰᠠᠨᠠᠭᠠᠨ ᠤ ᠬᠥᠭᠡᠭᠡᠴᠡᠯᠳᠦᠯ ᠢᠶᠠᠨ ᠪᠣᠯᠭᠠᠵᠤ᠂ ᠨᠠᠮ ᠪᠣᠯᠤᠨ ᠤᠯᠤᠰ ᠤᠨ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠲᠠᠯ᠎ᠠ ᠪᠠᠷ ᠵᠢᠩᠬᠢᠨᠢ ᠴᠢᠳᠠᠪᠤᠷᠢ ᠭᠠᠷᠭᠠᠵᠤ᠂ ᠰᠠᠶᠢᠨ ᠦᠷ᠎ᠡ ᠪᠦᠲᠦᠭᠡᠯ ᠤᠯᠬᠤ ᠬᠡᠷᠡᠭᠲᠡᠢ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠳᠤᠮᠳᠠᠳᠤ ᠭᠠᠳᠠᠭᠠᠳᠤ ᠶᠢᠨ ᠰᠣᠶᠣᠯ ᠢ ᠠᠭᠤᠰᠤᠯᠴᠠᠭᠤᠯᠬᠤ᠂ ᠪᠣᠯᠪᠠᠰᠤᠨ ᠤ ᠰᠣᠯᠢᠯᠴᠠᠭ᠎ᠠ ᠶᠢ ᠴᠢᠩᠭᠠᠳᠬᠠᠬᠤ ᠳᠤᠮᠳᠠᠬᠢ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠲᠠᠭᠤᠨ᠂ ᠳᠤᠮᠳᠠᠳᠤ ᠤᠯᠤᠰ ᠤᠨ ᠤᠨᠤᠯ᠂ ᠳᠤᠮᠳᠠᠳᠤ ᠤᠯᠤᠰ ᠤᠨ ᠦᠵᠡᠯ ᠰᠠᠨᠠᠭ᠎ᠠ ᠶᠢ ᠤᠯᠠᠮᠵᠢᠯᠠᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠨᠡᠩ ᠰᠠᠶᠢᠨ ᠤᠢᠢᠯᠠᠭᠠᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠰᠠᠶᠢᠨ ᠰᠤᠷᠭᠠᠭᠤᠯᠢ ᠨᠢ ᠲᠤᠰ ᠲᠤᠰ ᠤᠨ ᠠᠳᠠᠯᠢ ᠪᠤᠰᠤ ᠣᠨᠴᠠᠯᠢᠭ ᠲᠠᠢ ᠪᠤᠯᠪᠠᠴᠤ ᠴᠥᠮ ᠰᠢᠯᠢᠳᠡᠭ ᠪᠠᠭᠰᠢ ᠶᠢᠨ ᠡᠩᠨᠡᠭᠡ ᠲᠠᠢ ᠪᠠᠶᠢᠳᠠᠭ ᠨᠢᠬᠡᠨ ᠬᠠᠮᠲᠤ ᠶᠢᠨ ᠣᠨᠴᠠᠯᠢᠭ ᠲᠠᠢ ᠶᠤᠮ᠃ ᠪᠠᠭᠰᠢ ᠳᠤ ᠠᠪᠴᠤ ᠬᠡᠯᠡᠪᠡᠯ᠂ ᠰᠤᠷᠤᠭᠴᠢᠳ ᠢ ᠶᠠᠮᠠᠷ ᠶᠠᠩᠵᠤ ᠶᠢᠨ ᠬᠥᠮᠦᠨ ᠪᠣᠯᠭᠠᠨ ᠬᠥᠮᠦᠵᠢᠭᠦᠯᠬᠦ ᠭᠡᠪᠡᠯ᠂ ᠥᠪᠡᠷ ᠢᠶᠠᠨ ᠶᠠᠭᠤᠨ ᠤ ᠡᠮᠦᠨ᠎ᠡ ᠶᠠᠮᠠᠷ ᠶᠠᠩᠵᠤ ᠶᠢᠨ ᠬᠥᠮᠦᠨ ᠪᠣᠯᠬᠤ ᠬᠡᠷᠡᠭᠲᠡᠢ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ᠂ ᠮᠠᠨ ᠤ ᠪᠠᠭᠰᠢ ᠨᠠᠷ ᠲᠤᠰᠬᠠᠶ ᠮᠡᠷᠭᠡᠵᠢᠯ ᠤᠨ ᠮᠡᠳᠡᠯᠭᠡ ᠳᠡᠭᠡᠨ ᠴᠠᠭᠠᠷᠠᠵᠤ᠂ ᠰᠠᠶᠢᠨ ︽ᠨᠣᠮ ᠤᠨ ᠪᠠᠭᠰᠢ︾ ᠪᠤᠯᠬᠤ ᠮᠥᠷᠲᠡᠭᠡᠨ ᠪᠠᠰᠠ ᠶᠣᠰᠣ ᠮᠣᠷᠠᠯ ᠲᠠᠢ ᠪᠠᠶᠢᠵᠤ᠂ ︽ᠬᠥᠮᠦᠨ ᠪᠤᠯᠬᠤ ᠶᠢᠨ ᠪᠠᠭᠰᠢ︾ ᠪᠣᠯᠵᠤ᠂ ︽ᠶᠤᠰᠤ ᠮᠤᠷᠠᠯ ᠡᠷᠳᠡᠮ ᠮᠡᠳᠡᠯᠭᠡ ᠶᠢ ᠤᠯᠠᠮᠵᠢᠯᠠᠨ ᠲᠥᠭᠡᠷᠢᠭᠳᠡᠯ ᠢ ᠲᠠᠶᠢᠯᠬᠤ︾᠂ ︽ᠨᠣᠮ ᠤᠨ ᠪᠠᠭᠰᠢ︾ ᠪᠠ ︽ᠬᠥᠮᠦᠨ ᠪᠤᠯᠬᠤ ᠶᠢᠨ ᠪᠠᠭᠰᠢ︾ ᠶᠢ ᠨᠢᠭᠡᠳᠭᠡᠭᠴᠢ ᠪᠠᠶᠢᠬᠤ ᠬᠡᠷᠡᠭᠲᠡᠶ᠃ ᠰᠤᠷᠭᠠᠨ ᠬᠥᠮᠦᠵᠢᠯ ᠪᠣᠯ ᠨᠢᠭᠡ ᠵᠦᠢᠯ ᠤᠨ ︽ᠥᠷᠥᠰᠢᠶᠡᠯ ᠬᠠᠶᠢᠷ᠎ᠠ︾ ᠶᠢᠨ ᠠᠵᠢᠯ ᠦᠢᠯᠡᠰ ᠮᠥᠨ᠂ ᠬᠠᠶᠢᠷ᠎ᠠ ᠪᠠᠶᠢᠪᠠᠯ ᠰᠠᠶ᠋ᠢ ᠬᠠᠷᠢᠭᠤᠴᠠᠯᠭ᠎ᠠ ᠲᠠᠢ ᠪᠤᠯᠤᠨ᠎ᠠ᠃ ᠥᠷᠭᠡᠨ ᠣᠯᠠᠨ ᠪᠠᠭᠰᠢ ᠨᠠᠷ ᠬᠠᠯᠠᠭᠤᠨ ᠬᠠᠶᠢᠷ᠎ᠠ ᠪᠠᠷ ᠬᠠᠷᠢᠯᠴᠠᠨ ᠬᠠᠪᠰᠤᠷᠤᠯᠴᠠᠵᠤ᠂ ᠪᠤᠰᠤᠳ ᠢ ᠤᠮᠳᠠᠯᠠᠵᠤ᠂ ᠬᠥᠮᠦᠨ ᠮᠦᠰᠦ ᠶᠢᠨ ᠲᠠᠲᠠᠬᠤ ᠬᠦᠴᠦᠨ ᠢᠶᠠᠷ ᠰᠤᠷᠤᠭᠴᠢᠳ ᠤᠨ ᠣᠶᠤᠨ ᠰᠠᠨᠠᠭ᠎ᠠ ᠶᠢ ᠬᠠᠮᠠᠭᠠᠯᠠᠵᠤ᠂ ᠡᠷᠳᠡᠮ ᠰᠢᠨᠵᠢᠯᠡᠭᠡᠨ ᠤ ᠦᠷ᠎ᠡ ᠪᠦᠲᠦᠮᠵᠢ ᠪᠠᠷ ᠰᠤᠷᠤᠭᠴᠢᠳ ᠤᠨ ᠣᠶᠤᠨ ᠤᠬᠠᠭᠠᠨ ᠢ ᠭᠡᠭᠡᠷᠡᠭᠦᠯᠵᠦ᠂ ᠥᠪᠡᠷ ᠤᠨ ᠬᠠᠶᠢᠷ᠎ᠠ ᠬᠠᠯᠠᠮᠵᠢ ᠪᠣᠯᠤᠨ ᠬᠠᠶᠢᠷ᠎ᠠ ᠰᠡᠳᠭᠢᠯᠭᠡ ᠪᠠᠨ ᠰᠣᠷᠣᠭᠴᠢ ᠨᠢᠭᠡᠪᠦᠷᠢ ᠳᠤ ᠶᠡᠭᠦᠯᠡᠵᠦ᠂ ᠰᠣᠷᠣᠭᠴᠢ ᠨᠢᠭᠡᠪᠦᠷᠢ ᠶᠢ ᠡᠷᠡᠭᠦᠯ ᠢᠶᠠᠷ ᠥᠰᠭᠡᠨ ᠬᠦᠮᠦᠵᠢᠬᠦᠯᠵᠤ᠂ ᠬᠡᠦᠬᠡᠳ ᠨᠢᠭᠡᠪᠦᠷᠢ ᠳᠤ ᠴᠥᠮ ᠠᠮᠢᠳᠤᠷᠠᠬᠤᠶ ᠶᠢᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠬᠢᠶᠠᠯ ᠣᠯᠭᠤᠬᠤ ᠬᠡᠷᠡᠭᠲᠡᠶ᠃ ᠪᠠᠭᠰᠢ ᠪᠣᠯᠤᠭᠰᠠᠳ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠪᠤᠰᠤᠳ ᠲᠤ ᠬᠡᠪ ᠳᠠᠭᠤᠷᠢᠶᠠᠯ ᠦᠵᠡᠭᠦᠯᠬᠦ ᠤᠬᠠᠮᠰᠠᠷ ᠲᠠᠢ ᠪᠠᠶᠢᠵᠤ᠂ ᠥᠪᠡᠷ ᠤᠨ ᠶᠣᠰᠣ ᠰᠤᠷᠲᠠᠬᠤᠨ ᠤ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠱᠢᠶᠡᠴᠢ ᠦᠢᠯᠡ ᠠᠵᠢᠯᠯᠠᠭ᠎ᠠ ᠪᠠᠷ ᠢᠶᠠᠨ ᠰᠤᠷᠤᠭᠴᠢᠳ ᠢ ᠨᠥᠯᠥᠭᠡᠯᠡᠨ ᠳᠠᠶᠢᠴᠢᠯᠠᠵᠤ᠂ ᠰᠤᠷᠤᠭᠴᠢᠳ ᠤᠨ ᠰᠤᠷᠤᠯᠭ᠎ᠠ᠂ ᠤᠴᠢᠷ ᠶᠠᠪᠤᠳᠠᠯ᠂ ᠬᠥᠮᠦᠨ ᠪᠤᠯᠬᠤ ᠶᠢᠨ ᠶᠡᠭᠡ ᠪᠠᠭᠰᠢ ᠪᠣᠯᠵᠤ᠂ ᠨᠡᠶᠢᠭᠡᠮ ᠨᠡᠶᠢᠲᠡ ᠳᠤ ᠬᠦᠨᠳᠦᠳᠭᠡᠭᠳᠡᠭᠰᠡᠨ ᠵᠢᠱᠢᠶᠡᠴᠢ ᠪᠣᠯᠵᠤ᠂ ᠶᠢᠷᠲᠢᠨᠴᠦ ᠶᠢᠨ ᠬᠥᠮᠦᠰ ᠤᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠠᠭᠤᠷᠢᠯᠠᠵᠤ᠂ ᠳᠤᠮᠳᠠᠳᠤ ᠤᠯᠤᠰ ᠤᠨ ᠵᠠᠯᠠᠭᠤᠴᠤᠳ ᠤᠨ ᠲᠡᠮᠡᠴᠡᠬᠦ ᠬᠠᠷᠠᠯᠲᠠ ᠪᠣᠯᠤᠨ ᠤᠷᠤᠭᠰᠢᠯᠠᠬᠤ ᠴᠢᠭᠯᠡᠯ ᠢ ᠬᠤᠷᠢᠶᠠᠩᠭᠤᠶᠢᠯᠠᠪᠠᠯ ᠳᠠᠷᠤᠢ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ ᠶᠠᠪᠤᠳᠠᠯ ᠪᠣᠯᠤᠨ᠎ᠠ᠃ ᠥᠷᠭᠡᠨ ᠤᠯᠠᠨ ᠵᠠᠯᠠᠭᠤᠴᠤᠳ ᠬᠦᠯ ᠢᠶᠠᠷ ᠢᠶᠠᠨ ᠡᠬᠡ ᠤᠯᠤᠰ ᠤᠨ ᠢᠶᠠᠨ ᠡᠬᠡ ᠭᠠᠵᠠᠷ ᠢ ᠬᠡᠮᠵᠢᠵᠦ᠂ ᠨᠢᠳᠦ ᠪᠠᠷ ᠢᠶᠠᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠴᠢᠬᠢ ᠪᠠᠷ ᠢᠶᠠᠨ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠳᠣᠲᠣᠭᠠᠳᠤ ᠰᠡᠳᠭᠢᠯ ᠢᠶᠠᠷ ᠢᠶᠠᠨ ᠴᠠᠭ ᠦᠶ᠎ᠡ ᠶᠢᠨ ᠯᠤᠭᠰᠢᠯᠲᠠ ᠶᠢ ᠮᠡᠳᠡᠷᠡᠵᠦ᠂ ᠡᠬᠡ ᠤᠯᠤᠰ ᠲᠠᠢ ᠪᠠᠨ ᠴᠢᠰᠤ ᠮᠢᠬᠠᠨ ᠤ ᠪᠠᠷᠢᠯᠳᠤᠯᠭ᠎ᠠ ᠲᠠᠢ ᠪᠠᠶᠢᠬᠤ᠂ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ ᠬᠤᠪᠢ ᠵᠠᠶᠠᠭ᠎ᠠ ᠪᠠᠨ ᠬᠠᠮᠲᠤᠳᠬᠠᠬᠰᠠᠨ ᠬᠠᠶᠢᠷ᠎ᠠ ᠰᠡᠳᠭᠢᠯᠭᠡ ᠪᠠᠨ ᠬᠢᠴᠢᠶᠡᠯ ᠰᠤᠷᠤᠯᠭ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠵᠢᠯ ᠦᠢᠯᠡᠰ ᠤᠨ ᠬᠥᠭᠡᠭᠡᠴᠡᠯᠳᠦᠯ ᠲᠤᠮᠳᠠ ᠠᠭᠤᠰᠬᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ ᠰᠤᠷᠭᠠᠭᠤᠯᠢ ᠠᠴᠠ ᠠᠶᠠᠷᠯᠠᠨ ᠰᠠᠯᠬᠤ ᠦᠶ᠎ᠡ ᠳᠤ᠂ ᠵᠠᠮ ᠤᠨ ᠬᠤᠶᠠᠷ ᠲᠠᠯ᠎ᠠ ᠪᠠᠷ ᠪᠠᠭᠰᠢ ᠰᠤᠷᠤᠭᠴᠢ ᠳᠦᠭᠦᠷᠲᠡᠯ᠎ᠡ ᠵᠣᠭᠰᠣᠵᠤ᠂ ᠤᠯᠠᠨ ᠢᠶᠠᠷ ᠢᠶᠠᠨ ᠰᠡᠳᠭᠢᠯ ᠳᠣᠭᠳᠣᠯᠤᠨ ᠶᠡᠷᠦᠩᠬᠡᠢ ᠱᠦᠵᠢ ᠲᠠᠢ ᠮᠡᠨᠳᠦᠴᠢᠯᠡᠵᠦ᠂︽ᠵᠠᠯᠠᠭᠤ ᠨᠠᠰᠤ ᠪᠠᠨ ᠨᠠᠮ ᠳᠠᠭᠠᠨ ᠵᠤᠷᠢᠭᠤᠯᠵᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ︾᠂ ︽ᠰᠡᠷᠭᠦᠨ ᠮᠠᠨᠳᠤᠯᠲᠠ ᠶᠢᠨ ᠨᠢᠷᠤᠭᠤ ᠲᠤᠯᠭᠠᠭᠤᠷᠢ᠂ ᠤᠯᠤᠰ ᠢᠶᠠᠨ ᠬᠦᠴᠦᠷᠬᠡᠭᠵᠢᠭᠦᠯᠬᠦ ᠬᠤᠰᠢᠭᠤᠴᠢ︾ ᠭᠡᠵᠦ ᠥᠨᠳᠥᠷ ᠲᠠᠭᠤᠨ ᠢᠶᠠᠷ ᠬᠠᠰᠭᠢᠷᠴᠤ ᠪᠠᠶᠢᠪᠠ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠠᠯᠠᠭ᠎ᠠ ᠲᠠᠰᠢᠯᠲᠠ ᠶᠢᠨ ᠳᠠᠭᠤᠨ᠂ ᠪᠠᠶᠠᠷᠯᠠᠯᠳᠤᠨ ᠬᠠᠰᠬᠢᠷᠬᠤ ᠲᠠᠭᠤᠨ ᠰᠤᠷᠭᠠᠭᠤᠯᠢ ᠶᠢᠨ ᠬᠦᠷᠢᠶᠡᠨ ᠳᠤ ᠤᠳᠠᠲᠠᠯ᠎ᠠ ᠴᠤᠤᠷᠢᠶᠠᠲᠤᠪᠠ᠃       ᠸᠠᠩ ᠬᠤ᠋ ᠨᠢᠩ᠂ ᠳ᠋ᠢᠩ ᠰᠢᠤᠸᠠᠢ ᠰᠢᠶᠠᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号