ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠲᠤᠮᠤ ᠤᠯᠤᠰ ᠤᠨ ᠤᠷᠠᠨ ᠲᠠᠷᠬᠠᠨ ᠤ ᠰᠢᠨ᠎ᠡ ᠶᠢ ᠡᠭᠦᠳᠬᠦ | ᠰᠣᠯᠢᠯᠴᠠᠭᠠᠨ ᠤ ᠶᠡᠭᠡ ᠬᠤᠷᠠᠯ ᠬᠤᠷᠠᠯᠳᠤᠭᠰᠠᠨ ᠳᠤ ᠵᠠᠬᠢᠳᠠᠯ ᠢᠯᠡᠭᠡᠵᠦ ᠪᠠᠶᠠᠷ ᠬᠦᠷᠭᠡᠬᠦ ᠳᠡᠭᠡᠨ | ᠴᠢᠬᠤᠯᠠᠴᠢᠯᠠᠭᠰᠠᠨ ᠨᠢ | ᠰᠢᠷᠭᠠᠭᠤ ᠰᠤᠷᠤᠯᠴᠠᠨ ᠬᠠᠳᠠᠭᠤᠵᠢᠯᠲᠠᠢ ᠪᠤᠯᠪᠠᠰᠤᠷᠠᠵᠤ ᠭᠦᠨᠵᠡᠭᠡᠶ ᠰᠤᠳᠤᠯᠵᠤ ᠵᠣᠷᠢᠭᠲᠠᠶ ᠪᠠᠷ ᠰᠢᠨ᠎ᠡ ᠶᠢ | ᠡᠭᠦᠳᠴᠦ ᠵᠣᠷᠢᠭᠲᠠᠶ ᠪᠠᠷ ᠲᠦᠷᠦᠭᠦᠯᠡᠨ ᠬᠢᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠦᠢᠯᠡᠳᠭᠡᠯ ᠤᠨ | ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ | ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠥᠷᠭᠡᠨ ᠤᠯᠠᠨ | ᠤᠷ᠎ᠠ ᠮᠡᠷᠬᠡᠵᠢᠯ ᠤᠨ ᠴᠢᠳᠠᠪᠤᠷᠢᠲᠠᠨ ᠪᠣᠯᠤᠨ ᠬᠥᠳᠡᠯᠮᠦᠷᠢ ᠶᠢᠨ ᠵᠢᠱᠢᠶᠡᠴᠢ ᠳᠤ ᠴᠢᠩ ᠰᠡᠳᠭᠢᠯ ᠤᠨ ᠮᠡᠨᠳᠦᠴᠢᠯᠡᠯ | ᠳᠡᠪᠰᠢᠭᠦᠯᠵᠦ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ | ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 27 ᠤ ᠴᠠᠬᠢᠯᠭᠠᠨ ᠮᠡᠳᠡᠭᠡ ᠠᠩᠬᠠᠳᠤᠭᠠᠷ | ᠬᠤᠭᠤᠴᠠᠭᠠᠨ ᠤ ᠲᠤᠮᠤ ᠤᠯᠤᠰ ᠤᠨ ᠤᠷᠠᠨ ᠳᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ 27 ᠤ | ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ | ᠢᠯᠡᠭᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ︽5 · 1︾ ᠤ | ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠥᠷᠭᠡᠨ ᠤᠯᠠᠨ ᠤᠷ᠎ᠠ ᠮᠡᠷᠬᠡᠵᠢᠯ ᠤᠨ ᠴᠢᠳᠠᠪᠤᠷᠢᠲᠠᠨ ᠪᠣᠯᠤᠨ ᠬᠥᠳᠡᠯᠮᠦᠷᠢ ᠶᠢᠨ ᠵᠢᠱᠢᠶᠡᠴᠢ ᠳᠤ ᠴᠢᠩ | ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ | ᠮᠡᠨᠳᠦᠴᠢᠯᠡᠯ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠮᠡᠷᠭᠡᠵᠢᠯ ᠤᠨ ᠠᠵᠢᠯᠴᠢᠨ ᠤ ᠡᠩᠨᠡᠭᠡ ᠪᠣᠯ ᠳᠤᠮᠳᠠᠳᠤ | ᠤᠯᠤᠰ ᠤᠨ ᠦᠢᠯᠡᠳᠭᠡᠯ᠂ ᠳᠤᠮᠳᠠᠳᠤ ᠤᠯᠤᠰ ᠤᠨ ᠡᠭᠦᠳᠦᠨ ᠪᠦᠲᠦᠭᠡᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ | ᠮᠥᠨ᠃ ᠮᠠᠨ ᠤ ᠤᠯᠤᠰ ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠳᠣᠬᠠᠨ ᠤ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠬᠡᠷᠡᠭᠴᠡᠭᠡ ᠳᠤ ᠵᠣᠬᠢᠴᠠᠵᠤ᠂ ᠰᠢᠷᠭᠠᠭᠤ ᠰᠤᠷᠤᠯᠴᠠᠨ | ᠬᠠᠳᠠᠭᠤᠵᠢᠯᠲᠠᠢ ᠪᠣᠯᠪᠠᠰᠤᠷᠠᠵᠤ᠂ ᠭᠦᠨᠵᠡᠭᠡᠶ ᠰᠤᠳᠤᠯᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ | ᠲᠦᠷᠦᠭᠦᠯᠡᠨ ᠬᠢᠵᠦ᠂ ᠮᠡᠷᠭᠡᠵᠢᠯ ᠤᠷ᠎ᠠ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠦᠢᠯᠡᠳᠬᠡᠯ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ | ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠡᠷᠭᠡᠵᠢᠯ ᠤᠨ ᠠᠵᠢᠯᠴᠢᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ | ᠲᠡᠳᠡᠨ ᠤ ᠰᠢᠨ᠎ᠡ ᠶᠢ ᠡᠭᠦᠳᠬᠦ ᠠᠪᠢᠶᠠᠰ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠳᠤᠮᠳᠠᠳᠤ ᠶᠢᠨ | ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠰᠢ ᠶᠢᠨ ᠫᠢᠩ ᠤᠨ | ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠪᠠ᠃ | ᠠᠩᠬᠠᠳᠤᠭᠠᠷ ᠬᠤᠭᠤᠴᠠᠭᠠᠨ ᠤ ᠲᠣᠮᠣ ᠤᠯᠤᠰ ᠤᠨ ᠤᠷᠠᠨ ᠳᠠᠷᠬᠠᠨ ᠤ ᠰᠢᠨ᠎ᠡ ᠶᠢ ᠡᠭᠦᠳᠬᠦ | ᠰᠣᠯᠢᠯᠴᠠᠭᠠᠨ ᠤ ᠶᠡᠭᠡ ᠬᠤᠷᠠᠯ ᠢ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠠᠴᠠ | ᠭᠤᠤᠯᠯᠠᠨ ᠡᠷᠭᠢᠯᠡᠵᠦ᠂ ︽ᠤᠷ᠎ᠠ ᠴᠢᠳᠠᠪᠦᠷᠢ ᠶᠢᠨ ᠬᠦᠴᠦᠷᠬᠡᠭ ᠤᠯᠤᠰ᠂ ᠰᠢᠨ᠎ᠡ ᠶᠢ ᠡᠭᠦᠳᠬᠦ ᠳᠤ ᠪᠢ ᠪᠠᠶᠢᠨ᠎ᠠ︾ ᠬᠡᠬᠦ | ᠭᠤᠤᠯ ᠰᠡᠳᠦᠪ ᠢ ᠲᠤᠬᠳᠠᠭᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠤ ᠶᠠᠪᠤᠬᠳᠠᠬᠤ ᠬᠡᠯᠪᠡᠷᠢ ᠪᠠᠷ ᠲᠣᠮᠣ | ᠤᠯᠤᠰ ᠤᠨ ᠤᠷᠠᠨ ᠳᠠᠷᠬᠠᠨ ᠢᠶᠠᠷ ᠲᠥᠯᠥᠭᠡᠯᠡᠭᠦᠯᠦᠭᠰᠡᠨ ᠥᠷᠭᠡᠨ ᠣᠯᠠᠨ ᠠᠵᠢᠯᠲᠠᠨ ᠠᠵᠢᠯᠴᠢᠨ ᠤ ᠨᠢᠬᠳᠠ ᠴᠢᠩᠭ᠎ᠠ | ᠤᠷ᠎ᠠ ᠴᠢᠳᠠᠪᠤᠷᠢ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠷᠭᠡᠨ ᠣᠯᠠᠨ ᠳᠡᠭᠡᠳᠦ | ᠲᠡᠰ ᠤᠨ ᠤᠷ᠎ᠠ ᠮᠡᠷᠬᠡᠵᠢᠯ ᠤᠨ ᠴᠢᠳᠠᠪᠤᠷᠢᠲᠠᠨ ᠳᠤ ᠰᠣᠯᠢᠯᠴᠠᠭᠠᠨ ᠤ ᠲᠠᠪᠴᠠᠩ ᠬᠠᠩᠭᠠᠵᠤ ᠥᠭᠴᠡᠢ᠃ | |